ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠭᠦᠨᠵᠡᠭᠡᠶᠢᠷᠡᠨ ᠭᠤᠤᠯᠳᠠᠯᠭ᠎ᠠ ᠲᠠᠢ ᠵᠥᠪᠯᠡᠬᠦ ᠰᠡᠳᠦᠪ ᠢ ᠵᠥᠪᠳᠡᠯᠴᠡᠨ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-06-30
    6 ᠰᠠᠷ᠎ᠠ ᠶᠢᠨ 23 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠶ ᠸᠧᠶ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ ᠮᠠᠨ ᠤ ᠬᠤᠲᠠ ᠳᠤ ᠭᠦᠨᠵᠡᠭᠡᠶᠢᠷᠡᠨ᠂ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠮᠲᠤᠷᠠᠨ ᠰᠢᠯᠢᠳᠡᠭᠵᠢᠭᠦᠯᠬᠦ︾ ᠪᠠ ︽ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ︾ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠤ ᠰᠢᠤᠸᠠᠢ ᠸᠧᠨ᠂ ᠶᠡᠭᠡ ᠬᠢᠩᠭᠠᠨ ᠤ ᠵᠢᠭᠤᠯᠴᠢᠯᠠᠯ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠢᠦᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠦᠩ ᠾᠧ᠂ ᠢᠦᠶ ᠵᠢᠶ ᠹᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
    ᠰᠦᠶ ᠸᠧᠶ ᠵᠢᠶᠦ᠋ᠨ ᠲᠡᠷᠢᠭᠦᠯᠡᠭᠴᠢ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠦᠪᠯᠡᠯᠭᠡᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠠᠮᠲᠦᠷᠠᠨ ᠰᠢᠯᠢᠳᠡᠭᠵᠢᠭᠦᠯᠬᠦ︾ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠢ ᠳᠠᠭᠠᠭᠤᠯᠤᠨ ᠤᠷᠢᠳ ᠬᠤᠵᠢᠳ ᠥᠪᠥᠷ ᠮᠣᠩᠭᠤᠯ ᠤᠨ  ᠯᠠᠨ ᠬᠠᠢ ᠷᠠᠰᠢᠶᠠᠨ ᠤᠰᠤᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠶᠡᠭᠡ ᠬᠢᠩᠭᠠᠨ ᠷᠠᠰᠢᠶᠠᠨ ᠤ ᠵᠢᠭᠤᠯᠴᠢᠯᠠᠯ ᠤᠨ ᠨᠡᠭᠡᠭᠡᠨ ᠠᠰᠢᠭᠯᠠᠬᠤ  ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠶᠠᠷ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠣᠯᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠶᠢ ᠰᠣᠨᠣᠰᠪᠠ᠃     ᠬᠤ᠋ ᠴᠦᠨ ᠳᠡᠳ᠋ ᠲᠡᠷᠢᠭᠦᠯᠡᠭᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠤᠷᠲᠤ ᠬᠤᠭᠤᠴᠠᠭ᠎ᠠ ᠬᠦᠴᠦᠨ  ᠲᠠᠢ ᠲᠣᠭᠲᠠᠴᠠ ᠶᠢ ᠪᠠᠶᠢᠭᠤᠯᠬᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠡᠤ ᠴᠠ ᠭᠸᠦ ᠪᠠᠯᠭᠠᠰᠤᠨ ᠤ ᠬᠠᠷ᠎ᠠ ᠳᠡᠯᠳᠡᠦ ᠦᠢᠯᠡᠳᠪᠦᠷᠢᠯᠡᠯ ᠤᠨ ᠲᠠᠰᠤᠭ ᠵᠢᠴᠢ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠠᠢ ᠯᠠᠩ ᠪᠠᠯᠭᠠᠰᠤᠨ ᠤ ᠯᠢᠨ ᠰᠤ᠋ ᠲᠣᠰᠬᠤᠨ ᠤ ᠵᠠᠩ ᠦᠢᠯᠡ ᠶᠢᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ‍ ᠴᠢᠭ ᠲᠤ ᠬᠦᠷᠴᠦ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠡᠶ᠃ ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠵᠠᠶ᠃
    ᠦᠳᠡ ᠶᠢᠨ ᠬᠤᠶᠢᠨᠠᠬᠢ ᠰᠠᠭᠤᠳᠠᠯ ᠤᠨ ᠬᠤᠷᠠᠯ ᠳᠡᠭᠡᠷ᠎ᠡ᠂ ᠬᠠᠨ ᠴᠠᠩ ᠵᠢᠦ ᠬᠤᠲᠠ ᠶᠢᠨ ᠳᠡᠳ᠋ ᠳᠠᠷᠤᠭ᠎ᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠷᠠᠰᠢᠶᠠᠨ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠦᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠬᠤ ᠰᠠᠯᠠᠭ᠎ᠠ ᠮᠥᠴᠢᠷ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ  ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠮᠠᠨ ᠤ ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠶᠠᠳᠠᠭᠤ ᠶᠢ ᠲᠡᠳᠬᠦᠬᠦ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠃     ᠰᠦᠶ ᠸᠧᠶ ᠵᠢᠶᠦ᠋ᠨ ᠲᠡᠷᠢᠭᠦᠯᠡᠭᠴᠢ ᠰᠠᠭᠤᠳᠠᠯ ᠤᠨ ᠬᠤᠷᠠᠯ ᠳᠡᠭᠡᠷ᠎ᠡ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃ ᠲᠡᠷᠡ ᠡᠨᠡ ᠤᠳᠠᠭ᠎ᠠ ᠶᠢᠨ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠬᠠᠮᠲᠤᠷᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠶ ᠰᠡᠳᠦᠪᠲᠦ ᠵᠥᠪᠯᠡᠬᠦ ᠠᠵᠢᠯ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠴᠠ ᠤᠯᠤᠰ ᠲᠥᠷᠥ ᠶᠢᠨ ᠵᠥᠪᠯᠡᠯᠭᠡᠨ ᠳᠤ ᠲᠤᠰᠢᠶᠠᠭᠰᠠᠨ ᠨᠢᠭᠡᠨ ᠡᠭᠦᠷᠭᠡ ᠮᠥᠨ᠃ ᠠᠶᠢᠮᠠᠭ ᠬᠤᠲᠠ ᠶᠢᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠨᠢ ᠭᠤᠣᠯᠳᠠᠯᠭ᠎ᠠ ᠲᠠᠢ ᠵᠥᠪᠯᠡᠬᠦ ᠵᠦᠢᠯ ᠤᠨ ᠵᠦᠪᠳᠡᠯᠴᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠥᠷᠭᠡᠨ ᠳᠠᠪᠠᠭᠤᠯᠢᠭ ᠢ ᠪᠠᠳᠠᠷᠠᠭᠤᠯᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠨ᠎ᠡ᠃ ᠰᠢᠰᠲ᠋ᠧᠮ ᠢ ᠤᠶᠠᠯᠳᠤᠭᠤᠯᠤᠨ ᠵᠥᠪᠳᠡᠯᠴᠡᠵᠦ᠂ ᠠᠰᠠᠭᠤᠳᠠᠯ ᠢ ᠣᠨᠣᠪᠴᠢᠲᠠᠶ ᠪᠠᠶᠢᠴᠠᠭᠠᠨ ᠰᠤᠳᠤᠯᠵᠤ᠂ ᠴᠢᠨᠠᠷ ᠰᠠᠶᠢᠲᠠᠶ ᠵᠥᠪᠳᠡᠯᠴᠡᠬᠦ ᠶᠢ ᠪᠠᠲᠤᠯᠠᠵᠤ᠂ ᠬᠠᠮᠤᠭ ᠰᠡᠭᠦᠯ ᠳᠤ ᠬᠠᠨᠳᠤᠯᠭᠠᠲᠤ ᠴᠢᠨᠠᠷ ᠲᠠᠢ᠂ ᠪᠤᠲᠠᠲᠠᠢ ᠶᠢ ᠡᠷᠬᠢᠮᠯᠡᠬᠦ ᠴᠢᠨᠠᠷ ᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠡᠶ᠃ ᠠᠶᠢᠮᠠᠭ ᠤᠨ ᠨᠠᠮ ᠤᠨ ᠬᠤᠷᠢᠶ᠎ᠠ ᠵᠢᠴᠢ ᠪᠦᠬᠦ ᠠᠶᠢᠮᠠᠭ ᠤᠨ ᠣᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠰᠦᠶ ᠸᠧᠶ ᠵᠢᠶᠦ᠋ᠨ ᠪᠠᠰᠠ ᠵᠢᠭᠠᠵᠤ ᠭᠠᠷᠭᠠᠭᠰᠠᠨ ᠨᠢ᠂ ᠷᠠᠰᠢᠶᠠᠨ ᠪᠣᠯ ᠪᠦᠬᠦ ᠠᠶᠢᠮᠠᠭ ᠤᠨ ᠠᠩᠬᠠᠳᠠᠭᠴᠢ ᠪᠦᠯᠦᠭ ᠶᠠᠳᠠᠭᠤ ᠠᠴᠠ ᠠᠩᠭᠢᠵᠢᠷᠠᠭᠰᠠᠨ ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠣᠯᠤᠨ᠎ᠠ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠡᠯᠪᠡᠭ ᠪᠠᠶᠠᠯᠢᠭ᠂ ᠵᠢᠭᠤᠯᠴᠢᠯᠠᠯ ᠤᠨ ᠭᠤᠤᠯᠯᠠᠬᠤ ᠠᠵᠤ ᠦᠢᠯᠡᠰ ᠲᠠᠢ ᠤᠶᠠᠯᠳᠤᠭᠤᠯᠪᠠᠯ ᠨᠡᠯᠢᠶᠡᠳ ᠰᠠᠶᠢᠨ ᠶᠤᠮ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠶᠠᠳᠠᠭᠤ ᠶᠢ ᠲᠡᠳᠬᠦᠬᠦ ᠠᠵᠢᠯ ᠤᠨ ᠤᠷᠲᠤ ᠬᠤᠭᠤᠴᠠᠭᠠᠨ ᠤ ᠲᠤᠭᠲᠠᠭᠤᠨ ᠪᠠᠶᠢᠳᠠᠯ ᠲᠠᠢ ᠬᠤᠯᠪᠣᠭᠳᠠᠵᠤ᠂ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠴᠢᠬᠤᠯᠠᠴᠢᠯᠠᠵᠤ᠂ ᠲᠣᠭᠲᠠᠭᠤᠨ ᠢᠶᠠᠷ ᠰᠢᠯᠵᠢᠬᠦ ᠬᠡᠷᠡᠭᠲᠡᠢ ᠭᠡᠪᠡ᠃
 
ᠢᠷᠡᠯᠲᠡ᠄ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号