ᠰᠢᠨ ᠴᠧᠩ ᠵᠡᠭᠡᠯᠢ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/10/12
     ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠶᠢᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠰᠦᠪᠡᠭᠴᠢᠯᠡᠬᠦ ᠶᠢᠨ ᠲᠥᠯᠥᠭᠡ᠂ 10 ᠰᠠᠷ᠎ᠠ ᠶᠢᠨ 9 ᠤ ᠡᠳᠦᠷ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠵᠤᠭᠠᠴᠠᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ ︽ᠦᠨᠳᠦᠰᠦᠲᠡᠨ ᠤ ᠪᠦᠯᠬᠦᠮᠳᠡᠯ ᠠᠭᠤᠳᠠᠮ ᠲᠠᠯᠠᠪᠠᠢ︾᠂ ᠤᠢ ᠶᠢᠨ ᠢᠷᠭᠡᠳ   ᠤᠨ ᠵᠠᠩ  ᠦᠢᠯᠡ ᠵᠡᠭᠡᠯᠢ ᠲᠣᠭᠤᠷᠢᠭ᠂ ᠣᠨᠴᠠ ᠭᠠᠷᠤᠯᠲᠠ ᠶᠢᠨ ᠭᠤᠳᠤᠮᠵᠢ ᠵᠡᠷᠭᠡ ᠲᠦᠷᠦᠯ ᠵᠦᠢᠯ ᠤᠨ ᠲᠤᠬᠠᠢ ᠶᠠᠷᠢᠯᠴᠠᠭ᠎ᠠ ᠥᠷᠨᠢᠭᠦᠯᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠨᠡᠶᠢᠭᠡᠮ ᠲᠣᠭᠤᠷᠢᠭ ᠤᠨ ᠱᠦᠵᠢ᠂ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠭᠡ ᠲᠠᠩᠬᠢᠮ ᠳᠤ  ᠴᠤᠬᠯᠠᠷᠠᠨ᠂ ᠰᠢᠨ ᠴᠧᠩ ᠵᠡᠭᠡᠯᠢ ᠶᠢᠨ ᠵᠤᠭᠠᠴᠠᠯ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠵᠠᠮ ᠢ ᠰᠤᠳᠤᠯᠤᠨ ᠶᠠᠷᠢᠯᠴᠠᠪᠠ᠃    ᠬᠤᠷᠠᠯ ᠠᠴᠠ᠂ ᠤᠯᠠᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠬᠤᠳᠠ ᠶᠢᠨ ᠵᠤᠭᠠᠴᠠᠯ ᠤᠨ ᠦᠢᠯᠡᠰ ᠢ ᠦᠷᠭᠦᠯᠵᠢᠯᠡᠨ  ᠰᠠᠶᠢᠵᠢᠷᠠᠭᠤᠯᠵᠦ᠂ ᠵᠤᠭᠠᠴᠠᠯ ᠤᠨ ᠰᠡᠷᠭᠦᠯᠲᠡ ᠶᠢᠨ ᠠᠯᠬᠤᠭ᠎ᠠ ᠶᠢ ᠢᠯᠡᠳᠲᠡ ᠲᠦᠷᠭᠡᠳᠬᠦ ᠬᠡᠷᠡᠭᠲᠡᠢ᠃ ᠳᠣᠲᠣᠷ ᠲᠠᠮᠢᠷ ᠢᠶᠠᠨ ᠰᠢᠷᠭᠠᠭᠤ ᠪᠣᠯᠪᠠᠰᠤᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ︽ᠤᠨᠴᠠᠯᠢᠭᠵᠢᠭᠤᠯᠤᠭᠰᠠᠨ︾ ︽ᠰᠡᠯᠡᠭᠦᠴᠡᠭᠦᠯᠦᠭᠰᠡᠨ︾ ︽ᠣᠯᠠᠨ ᠲᠦᠮᠡᠨᠴᠢᠯᠡᠭᠰᠠᠨ︾ ︽ᠬᠦᠮᠦᠨᠴᠢᠯᠡᠭᠰᠡᠨ︾ ᠣᠶᠢᠯᠠᠭᠠᠭᠳᠠᠬᠤᠨ ᠢ ᠨᠢᠭᠡᠳᠬᠡᠭᠰᠡᠨ᠂ ᠣᠨᠴᠠᠯᠢᠭ᠂ ᠠᠭᠤᠯᠤᠭᠳᠠᠬᠤᠨ᠂ ᠬᠠᠶᠢᠷ᠎ᠠ ᠰᠡᠳᠬᠢᠯᠭᠡ ᠶᠢ ᠲᠥᠪᠯᠡᠷᠡᠭᠦᠯᠦᠭᠰᠡᠨ ︽ ᠪᠦᠯᠦᠭᠯᠡᠯ ᠮᠠᠶ᠋ᠢᠭ︾ ᠤᠨ ᠠᠵᠤ ᠦᠢᠯᠡᠰ ᠤᠨ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢᠨ ᠬᠠᠮᠲᠤ ᠵᠤᠭᠠᠴᠠᠭᠰᠠᠳ ᠲᠤ  ᠦᠢᠯᠡᠴᠢᠯᠡᠭᠡ ᠬᠠᠩᠭᠠᠵᠤ᠂ ᠵᠤᠭᠠᠴᠠᠭᠰᠠᠳ ᠢ ︽ᠰᠠᠨᠠᠭ᠎ᠠ ᠠᠮᠤᠷ᠂ ᠰᠡᠳᠬᠢᠯ ᠠᠮᠤᠷ᠂ ᠲᠠᠭᠠᠯᠠᠮᠵᠢᠲᠠᠶ︾ ᠪᠠᠶᠢᠯᠭᠠᠵᠤ᠂ ᠵᠡᠭᠡᠯᠢ ᠭᠤᠳᠤᠮᠵᠢ ᠶᠢᠨ ᠵᠤᠭᠠᠴᠠᠯ ᠤᠨ ᠵᠣᠴᠢᠯᠠᠭ᠎ᠠ ᠶᠢᠨ ᠢᠷᠠᠭᠤ ᠠᠯᠳᠠᠷ ᠤᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠡᠰᠡᠭ ᠲᠣᠭᠤᠷᠢᠭ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠤᠭᠠᠴᠠᠯ ᠤᠨ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠤᠭᠠᠴᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠰᠢᠯᠢᠳᠡᠭᠵᠢᠭᠦᠯᠵᠦ᠂ ᠵᠤᠭᠠᠴᠠᠯ ᠤᠨ ᠤᠬᠠᠭᠤᠯᠭ᠎ᠠ ᠶᠢ ᠠᠬᠢᠭᠤᠯᠬᠤ ᠵᠡᠷᠭᠡ ᠲᠠᠯ᠎ᠠ ᠶᠢᠨ ᠡᠷᠴᠢᠮ ᠢ  ᠴᠢᠩᠭᠠᠷᠠᠭᠤᠯᠤᠨ᠂ ᠦᠵᠡᠰᠭᠦᠯᠡᠩᠳᠦ ᠰᠠᠶᠢᠬᠠᠨ ᠰᠢᠨ ᠴᠧᠩ ᠤᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ  ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号