ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2021/10/12
   ᠨᠢᠭᠤᠴᠠ ᠶᠢ ᠬᠠᠮᠠᠭᠠᠯᠠᠬᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠺᠠᠳ᠋ᠷ ᠠᠵᠢᠯᠲᠠᠨ ᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠨᠢᠭᠤᠴᠠ ᠳᠤ ᠬᠤᠯᠪᠣᠭᠳᠠᠬᠤ ᠬᠥᠮᠦᠰ ᠪᠠ ᠥᠷᠭᠡᠨ ᠣᠯᠠᠨ ᠠᠷᠠᠳ ᠢᠷᠭᠡᠳ ᠤᠨ ᠨᠢᠭᠤᠴᠠ ᠶᠢ ᠬᠠᠮᠠᠭᠠᠯᠠᠬᠤ ᠤᠬᠠᠮᠰᠠᠷ ᠪᠠ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢᠨ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ︽ᠬᠤᠪᠢᠰᠬᠠᠯᠳᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠨᠢᠭᠡ ᠳᠤ᠂ ᠰᠤᠷᠤᠯᠴᠠᠯᠭ᠎ᠠ ᠬᠥᠮᠦᠵᠢᠯ ᠪᠣᠯᠪᠠᠰᠤᠷᠠᠯ ᠢ ᠨᠠᠷᠢᠨ ᠬᠢᠨᠠᠮᠠᠭᠠᠢ ᠦᠷᠨᠢᠭᠦᠯᠵᠡᠢ᠃ ᠵᠡᠭᠡᠯᠢ ᠭᠤᠳᠤᠮᠵᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠥᠮᠦᠵᠢᠯ ᠪᠣᠯᠪᠠᠰᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠠᠴᠠ ᠪᠦᠬᠦ ᠺᠠᠳ᠋ᠷ ᠠᠵᠢᠯᠳᠠᠨ ᠳᠤ ᠲᠠᠶᠢᠯᠪᠤᠷᠢᠯᠠᠨ ᠥᠭᠴᠦ᠂ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ᠂ ᠲᠠᠶᠢᠯᠪᠤᠷᠢᠯᠠᠬᠤ ᠠᠭᠤᠯᠭ᠎ᠠ ᠨᠢ ᠠᠵᠢᠯ ᠤᠨ ᠪᠣᠳᠠᠲᠤ ᠪᠠᠶᠢᠳᠠᠯ ᠳᠤ ᠨᠡᠶᠢᠴᠡᠵᠦ᠂ ᠵᠡᠭᠡᠯᠢ ᠭᠤᠳᠤᠮᠵᠢ ᠶᠢᠨ ᠺᠠᠳ᠋ᠷ ᠠᠵᠢᠯᠳᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃  ᠬᠤᠶᠠᠷ ᠲᠤ᠂ ᠢᠳᠡᠪᠬᠢᠲᠡᠶ ᠪᠠᠷ ᠤᠬᠠᠭᠤᠯᠤᠨ ᠲᠠᠶᠢᠴᠢᠯᠠᠵᠠᠢ᠃ LED ᠳᠡᠯᠭᠡᠴᠡ ᠶᠢ ᠠᠰᠢᠭᠯᠠᠨ ᠤᠬᠠᠭᠤᠯᠭ᠎ᠠ ᠶᠢᠨ ᠤᠷᠢᠶ᠎ᠠ ᠯᠣᠽᠦ᠋ᠩ ᠢ  ᠲᠠᠰᠤᠷᠠᠯᠳᠠ ᠥᠬᠡᠶ ᠨᠡᠪᠲᠡᠷᠡᠭᠦᠯᠵᠦ᠂ ᠬᠠᠷᠢᠶ᠎ᠠ ᠣᠷᠣᠨ ᠤ ᠬᠥᠮᠦᠨ ᠠᠮᠠ ᠨᠢᠭᠲᠠᠷᠠᠨ ᠴᠤᠭᠯᠠᠷᠠᠭᠰᠠᠨ ᠲᠠᠯᠠᠪᠤᠷ ᠵᠢᠴᠢ ᠵᠢᠵᠢᠭ ᠠᠭᠤᠳᠠᠮ ᠲᠠᠯᠠᠪᠠᠶ ᠳᠤ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ︽ᠨᠢᠭᠤᠴᠠ ᠶᠢ ᠬᠠᠮᠠᠭᠠᠯᠠᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠨᠢᠭᠤᠴᠠ ᠶᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠥᠲᠥᠯᠦᠨ ᠵᠢᠯᠤᠭᠤᠳᠪᠠ᠃  ᠭᠤᠷᠪᠠ ᠳᠤ᠂ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠠᠢ᠃ ︽ᠨᠢᠭᠤᠴᠠ ᠶᠢ ᠬᠠᠮᠠᠭᠠᠯᠠᠬᠤ ᠬᠠᠤᠯᠢ︾᠂ ︽ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠠᠭᠤᠯᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠬᠡᠮᠵᠢᠶ᠎ᠡ᠂ ᠴᠢᠬᠤᠯᠠᠴᠢᠯᠠᠬᠤ ᠬᠡᠮᠵᠢᠶ᠎ᠡ ᠪᠠ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠠᠵᠢᠯᠳᠠᠨ ᠤ ᠤᠯᠤᠰ ᠤᠨ ᠠᠮᠤᠷ ᠲᠦᠪᠰᠢᠨ ᠢ  ᠬᠠᠮᠠᠭᠠᠯᠠᠬᠤ ᠤᠬᠠᠮᠰᠠᠷ ᠢ ᠨᠡᠮᠡᠭᠳᠡᠭᠦᠯᠪᠡ᠃   ᠲᠣᠰ ᠤᠳᠠᠭᠠᠨ ᠤ ᠣᠯᠠᠨ ᠵᠦᠢᠯ ᠤᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ ᠂ ᠰᠢᠨ ᠴᠧᠩ ᠵᠡᠭᠡᠯᠢ ᠶᠢᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠵᠢᠯᠲᠠᠨ ᠤ ᠨᠢᠭᠤᠴᠠ ᠶᠢ ᠬᠠᠮᠠᠭᠠᠯᠠᠬᠤ ᠠᠵᠢᠯ ᠳᠤ ᠣᠷᠣᠰᠢᠵᠤ ᠪᠠᠶᠢᠭ᠎ᠠ  ᠪᠤᠯᠤᠩ ᠲᠤᠬᠤᠢ ᠪᠠ ᠠᠳᠡᠭᠦᠷᠡᠯ ᠢ ᠤᠯᠠᠮ ᠨᠢᠭᠡ ᠠᠯᠬᠤᠮ ᠵᠠᠯᠠᠷᠠᠭᠤᠯᠵᠤ᠂ ᠪᠥᠬᠦ ᠠᠵᠢᠯᠲᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠪᠠ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢ ᠳᠡᠭᠡᠭᠰᠢᠯᠡᠭᠦᠯᠦᠭᠰᠡᠨ ᠮᠥᠷᠲᠡᠭᠡᠨ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠴᠤ ᠭᠦᠨᠵᠡᠭᠡᠶᠢᠷᠡᠭᠦᠯᠦᠭᠰᠡᠨ ᠪᠠᠶᠢᠨ᠎ᠠ᠃ ᠨᠢᠭᠤᠴᠠ ᠳᠤ ᠬᠤᠯᠪᠣᠭᠳᠠᠬᠤ ᠬᠥᠮᠦᠰ ᠤᠨ ᠬᠠᠮᠢᠶᠠᠷᠤᠯᠲᠠ ᠪᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠡᠷᠭᠡᠶᠢᠯᠡᠬᠦ ᠴᠢᠳᠠᠪᠤᠷᠢ ᠶᠢ ᠨᠢ ᠴᠢᠩᠭᠠᠷᠠᠭᠤᠯᠵᠤ᠂ ᠨᠢᠭᠤᠴᠠ ᠳᠤ ᠬᠤᠯᠪᠣᠭᠳᠠᠬᠤ ᠬᠥᠮᠦᠰ ᠤᠨ ᠨᠢᠭᠤᠴᠠ ᠶᠢ ᠮᠡᠳᠡᠬᠦ᠂ ᠨᠢᠭᠤᠴᠠ ᠶᠢ ᠬᠠᠮᠠᠭᠠᠯᠠᠵᠤ ᠴᠢᠳᠠᠬᠤ᠂ ᠨᠢᠭᠤᠴᠠ ᠶᠢ ᠬᠠᠮᠠᠭᠠᠯᠠᠬᠤ ᠳᠠᠭᠠᠨ ᠴᠢᠳᠠᠮᠠᠭᠠᠶ ᠪᠠᠶᠢᠬᠤ ᠪᠦᠬᠦᠯᠢ ᠴᠣᠭᠴᠠ ᠶᠢᠨ ᠬᠡᠪ ᠴᠢᠨᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠦᠬᠦ ᠺᠠᠳ᠋ᠷ ᠠᠵᠢᠯᠳᠠᠨ ᠪᠠ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠢᠭᠤᠴᠠ ᠶᠢ ᠬᠠᠮᠠᠭᠠᠯᠠᠬᠤ ᠦᠵᠡᠯᠲᠡ ᠪᠠ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠨᠢᠭᠤᠴᠠ ᠶᠢ ᠵᠠᠳᠠᠷᠠᠭᠤᠯᠬᠤ ᠬᠡᠷᠡᠭ ᠭᠠᠷᠬᠤ ᠶᠢ ᠰᠡᠷᠭᠡᠶᠢᠯᠡᠭᠰᠡᠨ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号