ᠰᠢᠨ ᠴᠧᠩ ᠵᠡᠭᠡᠯᠢ ᠶᠢᠨ ᠰᠧᠨ ᠸᠠᠩ ᠨᠡᠶᠢᠭᠡᠮ ᠲᠣᠭᠤᠷᠢᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠦᠷᠨᠢᠭᠦᠯᠵᠡᠢ
ᠨᠡᠶᠢᠲᠡᠯᠡᠭᠰᠡᠨ ᠴᠠᠭ᠄
2021/10/12
  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠰᠣᠩᠭᠤᠭᠤᠯᠢ ᠶᠢᠨ ᠠᠵᠢᠯ ᠢ ᠣᠶᠢᠯᠠᠭᠠᠬᠤ ᠨᠤᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨ ᠸᠠᠩ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠪᠦᠷᠢᠳᠬᠡᠬᠦ ᠵᠢᠴᠢ ᠤᠬᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠰᠠᠭᠤᠭᠠᠯᠢ ᠠᠷᠠᠳ ᠢ ᠢᠳᠡᠪᠬᠢᠲᠡᠶ ᠪᠠᠷ ᠲᠠᠶᠢᠴᠢᠯᠠᠨ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠳᠤ ᠣᠷᠣᠯᠴᠠᠭᠤᠯᠪᠠ᠃  10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠰᠧᠨ ᠸᠠᠩ ᠨᠡᠶᠢᠭᠡᠮ ᠲᠣᠭᠤᠷᠢᠭ ᠤᠨ ᠠᠵᠢᠯᠲᠠᠳ ᠰᠦᠯᠵᠢᠶᠡᠨ ᠤ ᠠᠵᠢᠯᠲᠠᠨ ᠢᠶᠠᠷ ᠨᠢᠭᠡᠴᠡ ᠪᠣᠯᠭᠠᠨ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠫᠦᠰᠡᠨ ᠳᠤ ᠭᠦᠨᠵᠡᠭᠡᠶᠢᠷᠡᠵᠦ᠂ ᠡᠷᠦᠬᠡ  ᠪᠠᠷ ᠬᠦᠷᠴᠦ ᠰᠠᠭᠤᠭᠠᠯᠢ ᠠᠷᠠᠳ ᠲᠤ ᠮᠡᠳᠡᠭᠳᠡᠬᠦ᠂ ᠰᠠᠭᠤᠭᠠᠯᠢ ᠠᠷᠠᠳ ᠤᠨ ᠸᠢᠴᠠᠲ ᠬᠤᠯᠪᠤᠭ᠎ᠠ᠂ ᠨᠠᠶᠢᠵᠠ ᠶᠢᠨ ᠲᠣᠭᠤᠷᠢᠭ ᠲᠤ ᠳᠠᠮᠵᠢᠭᠤᠯᠤᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠰᠠᠭᠤᠭᠠᠯᠢ ᠠᠷᠠᠳ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠠᠳ ᠢ ᠰᠣᠩᠭᠤᠬᠤ ᠠᠵᠢᠯ ᠢ ᠣᠶᠢᠯᠠᠭᠠᠭᠤᠯᠪᠠ᠃ ᠰᠣᠩᠭᠤᠭᠤᠯᠢ ᠶᠢᠨ ᠠᠷᠠᠳ ᠢ ᠪᠦᠷᠢᠳᠬᠡᠬᠦ ᠱᠠᠲᠤᠨ ᠳᠤ ᠰᠧᠨ ᠸᠠᠩ ᠨᠡᠶᠢᠭᠡᠮ ᠲᠣᠭᠤᠷᠢᠭ ᠤᠨ ᠠᠵᠢᠯᠲᠠᠳ ᠰᠣᠩᠭᠤᠭᠤᠯᠢ ᠶᠢᠨ ᠠᠷᠠᠳ ᠤᠨ ᠠᠵᠢᠯ ᠢ ᠨᠠᠷᠢᠨ ᠨᠢᠮᠪᠠᠶ ᠬᠢᠬᠦ᠂ ᠭᠦᠨᠵᠡᠭᠡᠶ ᠬᠢᠬᠦ᠂ ᠪᠣᠳᠠᠲᠠᠶ ᠬᠢᠬᠦ ᠵᠠᠷᠴᠢᠮ ᠶᠣᠰᠣᠭᠠᠷ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ ᠭᠦᠨᠵᠡᠭᠡᠶ ᠪᠥᠭᠡᠳ ᠨᠠᠷᠢᠨ ᠨᠢᠮᠪᠠᠶ ᠥᠷᠨᠢᠭᠦᠯᠪᠡ᠃  ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠡᠩᠰᠡᠯᠡᠨ ᠤᠬᠠᠭᠤᠯᠬᠤ ᠠᠵᠢᠯ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠢ ᠴᠥᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠤᠨ ᠠᠵᠢᠯ ᠳᠤ ᠣᠷᠣᠯᠴᠠᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠤᠨ ᠠᠵᠢᠯ ᠢ ᠤᠷᠤᠭᠰᠢᠲᠠᠶ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃                  
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号