ᠪᠠᠢ ᠯᠠᠩ ᠬᠠᠤᠯᠢ ᠴᠠᠭᠠᠵᠠ ᠶᠢᠨ ᠭᠠᠵᠠᠷ ᠡᠷᠦᠬᠡ ᠪᠠᠷ ᠬᠦᠨᠵᠡᠬᠡᠶᠢᠷᠡᠵᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ ᠪᠤᠢ
ᠨᠡᠶᠢᠲᠡᠯᠡᠭᠰᠡᠨ ᠴᠠᠭ᠄
2021/10/13
    ᠬᠠᠷᠢᠶ᠎ᠠ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠦᠲᠦᠮᠵᠢᠲᠡᠶ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠠᠮᠤᠷ ᠲᠦᠪᠰᠢᠨ᠂ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠬᠤ ᠶᠢ ᠬᠥᠲᠥᠯᠦᠨ ᠵᠢᠯᠣᠭᠤᠳᠴᠤ᠂ ᠣᠯᠠᠨ ᠲᠦᠮᠡᠨ ᠤ ᠠᠮᠤᠷ ᠲᠦᠪᠰᠢᠨ ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠶ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠠ ᠠᠮᠤᠷ ᠲᠦᠪᠰᠢᠨ ᠤ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠬᠦ ᠶᠢᠨ ᠲᠦᠯᠦᠭᠡ᠂ 10 ᠰᠠᠷ᠎ᠠ ᠠᠴᠠ ᠨᠠᠰᠢ᠂  ᠷᠠᠰᠢᠶᠠᠨ ᠬᠤᠳᠠ ᠶᠢᠨ ᠪᠠᠶ ᠯᠠᠩ ᠬᠠᠤᠯᠢ ᠴᠠᠭᠠᠵᠠ ᠶᠢᠨ ᠭᠠᠵᠠᠷ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠪᠠᠶ ᠬᠤᠸᠠ ᠯᠢᠨ ᠨᠡᠶᠢᠭᠡᠮ ᠲᠣᠭᠤᠷᠢᠭ ᠲᠠᠢ ᠬᠠᠮᠳᠤᠷᠠᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠦᠬᠡ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠭᠤᠤᠯᠳᠠᠭᠤ ᠪᠠᠶ ᠯᠠᠩ ᠪᠠᠯᠭᠠᠰᠤᠨ ᠤ ᠰᠢᠩ ᠹᠦ᠋ ᠵᠢᠶᠠ ᠶᠤᠸᠠᠨ ᠪᠠᠭ᠎ᠠ ᠲᠤᠭᠤᠷᠢᠭ ᠤᠨ ᠰᠠᠭᠤᠭᠠᠯᠢ ᠡᠷᠦᠬᠡ ᠳᠤ ᠴᠢᠭᠯᠡᠭᠦᠯᠦᠨ᠂ ᠰᠤᠷᠪᠤᠯᠵᠢᠯᠠᠬᠤ᠂ ᠡᠷᠦᠬᠡ ᠳᠤ ᠬᠦᠷᠴᠦ ᠤᠬᠠᠭᠤᠯᠭ᠎ᠠ ᠶᠢᠨ  ᠬᠠᠭᠤᠳᠠᠰᠦ ᠲᠠᠷᠬᠠᠭᠠᠬᠤ ᠵᠡᠷᠭᠡ ᠬᠡᠯᠪᠡᠷᠢ ᠪᠠᠷ ᠲᠠᠮᠵᠢᠨ᠂ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ ᠦᠭᠭᠦᠭᠰᠡᠨ ᠪᠠᠶᠢᠨ᠎ᠠ᠃  ᠲᠡᠳᠡ ᠨᠠᠷ ᠴᠥᠮ ᠡᠷᠦᠬᠡ ᠪᠤᠯᠭᠠᠨ ᠢᠶᠠᠷ ᠬᠦᠷᠴᠦ ᠰᠤᠷᠪᠤᠯᠵᠢᠯᠠᠬᠤ ᠪᠦᠷᠢᠳᠬᠡᠯ ᠤᠨ ᠬᠦᠰᠦᠨᠦᠭ ᠢ ᠬᠢᠨᠠᠮᠠᠭᠠᠶ ᠲᠠᠭᠯᠠᠵᠤ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠣᠯᠠᠨ ᠲᠦᠮᠡᠨ ᠤ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ  ᠤᠶᠢᠯᠠᠭᠠᠵᠠᠢ᠃ ᠡᠭᠦᠨ ᠤ ᠬᠠᠮᠳᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠤᠶᠠᠯᠳᠤᠭᠤᠯᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠤᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾ ᠵᠢᠴᠢ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠤ ᠳᠤᠷᠠᠳᠤᠭᠰᠠᠨ ᠡᠯ᠎ᠡ ᠵᠦᠢᠯ ᠤᠨ ᠬᠠᠤᠯᠢ ᠴᠠᠭᠠᠵᠠ ᠶᠢᠨ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠪᠡ᠃   ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠭᠠᠷᠤᠶ ᠡᠷᠦᠬᠡ ᠳᠤ ᠬᠦᠷᠴᠦ ᠰᠤᠷᠪᠤᠯᠵᠢᠯᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠲᠠ ᠶᠢ 3 ᠬᠥᠮᠦᠨ ᠤᠳᠠᠭ᠎ᠠ ᠲᠤᠬᠠᠶ ᠶᠢᠨ ᠲᠠᠯᠠᠪᠤᠷ ᠲᠤ ᠬᠠᠷᠢᠭᠤᠯᠵᠠᠶ᠃ ᠡᠷᠦᠬᠡ ᠳᠤ ᠬᠦᠷᠴᠦ ᠰᠤᠷᠪᠤᠯᠵᠢᠯᠠᠨ ᠤᠬᠠᠭᠤᠯᠬᠤ ᠪᠠᠷ ᠲᠠᠮᠵᠢᠨ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠮᠤᠷ ᠲᠦᠪᠰᠢᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠢᠳᠡᠪᠬᠢᠲᠡᠶ  ᠦᠢᠯᠡᠳᠦᠯ ᠦᠵᠡᠭᠦᠯᠦᠭᠰᠡᠨ ᠪᠠᠶᠢᠨ᠎ᠠ᠃  
 
ᠢᠷᠡᠯᠲᠡ᠄ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号