ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ︽ᠮᠡᠬᠡᠯᠡᠯ ᠢ ᠡᠰᠡᠷᠭᠦᠴᠡᠬᠦ ᠰᠤᠷᠭᠠᠨ ᠬᠥᠮᠦᠵᠢᠯ︾ ᠢ ᠰᠤᠷᠭᠠᠭᠤᠯᠢ ᠶᠢᠨ ᠬᠦᠷᠢᠶᠡᠨ ᠳᠤ  ᠬᠦᠷᠬᠡᠵᠡᠢ
ᠨᠡᠶᠢᠲᠡᠯᠡᠭᠰᠡᠨ ᠴᠠᠭ᠄
2021/10/13
      ᠬᠠᠤᠯᠢ ᠴᠠᠭᠠᠵᠠ ᠶᠢᠨ ᠮᠡᠳᠡᠯᠭᠡ ᠶᠢᠨ ᠲᠦᠭᠡᠮᠡᠯᠵᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠨᠡᠶᠢᠲᠡ ᠶᠢᠨ ᠮᠡᠬᠡᠯᠡᠯ ᠢ ᠡᠰᠡᠷᠭᠦᠴᠡᠬᠦ ᠤᠬᠠᠮᠰᠠᠷ ᠢ  ᠲᠡᠭᠡᠭᠰᠢᠯᠡᠬᠦᠯᠦᠨ᠂ ᠭᠤᠤᠯᠳᠠᠯᠭ᠎ᠠ ᠲᠠᠢ  ᠬᠦᠮᠦᠰ ᠢ ᠠᠩᠬᠠᠷᠦᠨ᠂ ᠵᠠᠯᠠᠭᠤᠴᠤᠳ ᠪᠠᠭᠠᠴᠤᠳ ᠲᠤ ᠬᠥᠮᠦᠵᠢᠯ ᠤᠬᠠᠭᠤᠯᠭ᠎ᠠ ᠬᠢᠬᠦ ᠶᠢᠨ ᠲᠦᠯᠦᠭᠡ᠂ 10 ᠰᠠᠷ᠎ᠠ ᠶᠢᠨ 11 ᠤ ᠡᠳᠦᠷ᠂  ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠮᠡᠬᠡᠯᠡᠯ ᠢ ᠡᠰᠡᠷᠭᠦᠴᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠢᠴᠢᠶᠡᠯ ᠤᠨ ᠲᠠᠩᠬᠢᠮ  ᠳᠤ ᠲᠠᠶᠢᠯᠪᠤᠷᠢᠯᠡᠬᠤ ᠪᠠᠷ ᠲᠠᠮᠵᠢᠨ ᠵᠠᠯᠠᠭᠤᠴᠤᠳ ᠪᠠᠭᠠᠴᠤᠳ ᠲᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠨᠠᠩ ᠭᠦᠨᠵᠡᠭᠡᠶ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠤᠨ ᠮᠡᠬᠡᠯᠡᠯ ᠤᠨ ᠲᠦᠭᠰᠢᠭᠦᠷᠢ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠪᠡ᠃   ᠤᠬᠠᠭᠤᠯᠤᠨ ᠲᠠᠶᠢᠯᠪᠤᠷᠢᠯᠠᠬᠤ ᠦᠶ᠎ᠡ ᠳᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ppt ᠢ ᠬᠡᠷᠡᠭᠯᠡᠵᠦ᠂ ᠳᠡᠷᠭᠡᠳᠡᠬᠢ  ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠢ ᠭᠦᠨᠵᠡᠭᠡᠶ ᠲᠠᠶᠢᠯᠪᠤᠷᠢᠯᠠᠬᠤ ᠶᠢᠨ ᠬᠠᠮᠲᠤ ᠮᠡᠬᠡᠯᠡᠯ ᠢ ᠡᠰᠡᠷᠭᠦᠴᠡᠬᠦ ᠵᠢᠵᠢᠭ ᠺᠠᠷᠲ᠋ᠣᠨ ᠵᠢᠷᠤᠭ ᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ᠂ ᠴᠠᠬᠢᠯᠭᠠᠨ ᠬᠤᠯᠪᠣᠭ᠎ᠠ᠂ ᠵᠢᠭᠡᠯᠡᠯᠭᠡ᠂ ᠵᠣᠭᠤᠰ ᠨᠠᠭᠠᠳᠬᠤ᠂ ᠰᠦᠯᠵᠢᠶᠡᠨ ᠤ ᠮᠡᠬᠡᠯᠡᠯ ᠵᠡᠷᠭᠡ ᠣᠯᠠᠨ ᠵᠦᠢᠯ ᠤᠨ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠤᠨ ᠲᠤᠬᠠᠶ ᠲᠠᠶᠢᠯᠪᠤᠷᠢᠯᠠᠨ ᠲᠣᠳᠣᠷᠬᠠᠶᠢᠯᠠᠵᠤ᠂ ᠵᠠᠯᠠᠭᠤᠴᠤᠳ ᠪᠠᠭᠠᠴᠤᠳ ᠲᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠨᠠᠩ ᠬᠢᠯᠪᠠᠷᠬᠠᠨ ᠢᠶᠠᠷ ᠰᠤᠷᠤᠯᠴᠠᠨ ᠣᠶᠢᠯᠠᠭᠠᠭᠤᠯᠵᠤ᠂ ᠵᠠᠯᠠᠭᠤᠴᠤᠳ ᠪᠠᠭᠠᠴᠤᠳ ᠤᠨ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠤᠨ ᠲᠤᠬᠠᠶ ᠲᠠᠨᠢᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠵᠠᠯᠠᠭᠤᠴᠤᠳ ᠪᠠᠭᠠᠴᠤᠳ ᠤᠨ ᠮᠡᠬᠡᠯᠡᠯ  ᠢ ᠬᠡᠷᠬᠢᠨ ᠠᠷᠭᠠᠴᠠᠭᠠᠬᠤ ᠲᠤᠬᠠᠶ ᠵᠣᠬᠢᠴᠠᠩᠭᠤᠶ ᠰᠢᠢᠳᠪᠤᠷᠢᠯᠡᠬᠦ ᠠᠷᠭ᠎ᠠ ᠶᠢ ᠳᠤᠷᠠᠳᠤᠨ ᠭᠠᠷᠭᠠᠵᠤ᠂ ᠵᠠᠯᠠᠭᠤᠴᠤᠳ ᠪᠠᠭᠠᠴᠤᠳ ᠤᠨ ᠮᠡᠬᠡᠯᠡᠯ ᠳᠤ ᠤᠴᠠᠷᠠᠬᠤ ᠦᠶ᠎ᠡ ᠶᠢᠨ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃   ᠬᠢᠴᠢᠶᠡᠯ ᠤᠨ ᠲᠠᠩᠬᠢᠮ ᠳᠤ᠂ ᠠᠵᠢᠯᠲᠠᠳ ᠪᠤᠷᠤᠭᠵᠢᠭᠤᠨ ᠠᠮᠢᠳᠤᠯᠢᠭ ᠦᠬᠡ ᠬᠡᠯᠡ ᠪᠠᠷ ᠲᠠᠶᠢᠯᠪᠤᠷᠢᠯᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠲᠠᠶᠢᠴᠢᠯᠠᠵᠥ᠂ ᠵᠠᠯᠠᠭᠤᠴᠤᠳ ᠪᠠᠭᠠᠴᠤᠳ ᠴᠤ ᠠᠵᠢᠯᠲᠠᠳ ᠲᠠᠢ ᠬᠠᠮᠳᠤ ᠬᠢᠴᠢᠶᠡᠯ ᠤᠨ ᠲᠠᠩᠬᠢᠮ  ᠳᠠᠬᠢ ᠶᠠᠷᠢᠯᠴᠠᠭ᠎ᠠ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠨᠢᠭᠡ ᠠᠰᠠᠭᠤᠯᠲᠠ ᠳᠤ ᠨᠢᠭᠡ ᠬᠠᠷᠢᠭᠤᠯᠲᠠ ᠦᠭᠬᠦ ᠬᠡᠯᠪᠡᠷᠢ ᠪᠠᠷ ᠲᠠᠮᠵᠢᠨ ᠵᠠᠯᠠᠭᠤᠴᠤᠳ ᠪᠠᠭᠠᠴᠤᠳ ᠤᠨ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠲᠤᠬᠠᠢ ᠴᠡᠭᠡᠵᠢᠯᠡᠬᠦᠢ ᠶᠢ ᠤᠯᠠᠮ ᠴᠢᠨᠠᠭᠰᠢᠳᠠ ᠴᠢᠩᠭᠠᠳᠬᠠᠵᠤ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠦᠨᠡᠨ ᠬᠦ ᠪᠣᠳᠠᠲᠤ ᠪᠦᠲᠦᠮᠵᠢᠲᠦ ᠴᠢᠨᠠᠷ᠂ ᠬᠠᠨᠳᠤᠯᠭᠠᠲᠤ ᠴᠢᠨᠠᠷ᠂ ᠤᠷᠢᠳᠴᠢᠯᠠᠨ ᠰᠡᠷᠭᠡᠶᠢᠯᠡᠬᠦ ᠴᠢᠨᠠᠷ ᠲᠠᠢ ᠪᠣᠯᠭᠠᠵᠠᠢ᠃  ᠵᠠᠯᠠᠭᠤᠴᠤᠳ ᠪᠠᠭᠠᠴᠤᠳ ᠲᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠬᠦ ᠨᠢ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠵᠠᠯᠠᠭᠤᠴᠤᠳ ᠪᠠᠭᠠᠴᠤᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ  ᠪᠤᠯᠤᠨ᠎ᠠ᠃ ᠡᠭᠦᠨ ᠤ ᠬᠠᠮᠲᠤ ᠵᠠᠯᠠᠭᠤᠴᠤᠳ ᠪᠠᠭᠠᠴᠤᠳ ᠲᠤ ᠠᠮᠤᠷ ᠲᠦᠪᠰᠢᠨ ᠤ ᠬᠥᠮᠦᠵᠢᠯ ᠬᠢᠬᠦ ᠨᠢ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ ᠴᠢᠳᠠᠬᠤ ᠪᠠᠷ ᠪᠠᠷᠠᠬᠤ ᠦᠭᠡᠢ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠭᠡᠷ ᠪᠦᠯᠢ ᠳᠤ ᠣᠷᠣᠭᠤᠯᠵᠤ᠂ ᠠᠮᠢᠳᠤᠷᠠᠯ ᠳᠤ ᠣᠷᠣᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠤᠬᠠᠭᠤᠯᠭ᠎ᠠ ᠶᠢᠨ ᠦᠷ᠎ᠡ ᠪᠦᠲᠦᠮᠵᠢ ᠶᠢ  ᠴᠢᠩᠭᠠᠳᠬᠠᠵᠠᠢ᠃ ᠪᠠᠰᠠ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠤᠬᠠᠮᠰᠠᠷ ᠢ ᠦᠨᠡᠨ ᠬᠦ  ᠴᠢᠩᠭᠠᠳᠬᠠᠨ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠳᠤ  ᠨᠢᠬᠳᠠᠷᠠᠯ ᠤᠨ ᠬᠦᠴᠦᠨ ᠢ ᠪᠦᠷᠢᠯᠳᠦᠭᠦᠯᠵᠦ ᠦᠭᠴᠡᠢ᠃
 
ᠢᠷᠡᠯᠲᠡ᠄ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号