ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠰᠣᠶᠣᠯ ᠢ ᠬᠡᠷ ᠪᠦᠯᠢ ᠳᠤ ᠬᠦᠷᠬᠡᠬᠦ  ︽ᠲᠠᠪᠤᠨ ᠨᠢᠭᠡ︾ ᠰᠢᠷᠢᠰ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2021/10/13
    ᠵᠡᠮᠳᠡᠭᠴᠦᠳ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠡᠮᠳᠡᠭᠴᠦᠳ ᠤᠨ ᠰᠣᠶᠣᠯ ᠤᠨ ᠠᠮᠢᠳᠤᠷᠠᠯ ᠢ  ᠪᠠᠶᠠᠯᠢᠬᠵᠢᠭᠤᠯᠤᠨ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ  ᠰᠤᠨᠤᠰᠤᠨ᠂ ᠨᠠᠮ ᠢᠶᠠᠨ ᠲᠠᠭᠠᠨ ᠤᠷᠤᠭᠰᠢᠯᠠᠭᠤᠯᠬᠤ ᠶᠢᠨ ᠲᠥᠯᠥᠭᠡ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂  ᠷᠠᠰᠢᠶᠠᠨ ᠬᠤᠳᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠰᠣᠶᠣᠯ ᠢ ᠭᠡᠷ ᠪᠦᠯᠢ ᠳᠤ ᠬᠦᠷᠬᠡᠬᠦ ︽ᠲᠠᠪᠤᠨ ᠨᠢᠭᠡ︾ ᠰᠢᠷᠢᠰ ᠠᠵᠢᠯᠯᠠᠭ᠎ᠠ ᠶᠢ ᠵᠠᠯᠭᠠᠪᠡᠷ ᠥᠷᠨᠢᠭᠦᠯᠵᠦ᠂ ᠨᠡᠶᠢᠳᠡ 138 ᠬᠥᠮᠦᠨ ᠲᠤᠰ ᠠᠵᠢᠯᠯᠠᠭ᠎ᠠ ᠳᠤ ᠣᠷᠣᠯᠴᠠᠪᠠ᠃   ᠨᠢᠬᠡ ᠲᠡᠪᠳᠡᠷ ᠨᠤᠮ ᠤᠩᠰᠢᠵᠠᠢ᠃ ᠲᠣᠰ ᠤᠳᠠᠭᠠᠨ ᠤ ᠠᠵᠢᠯᠯᠠᠭ᠎ᠠ ᠳᠤ ᠵᠠᠩ ᠬᠠᠶ ᠳ᠋ᠢ ᠶᠢᠨ ᠵᠣᠬᠢᠶᠠᠭᠰᠠᠨ ︽ᠬᠦᠷᠳᠦᠲᠦ ᠰᠠᠨᠳᠠᠯᠢ ᠳᠡᠭᠡᠷᠡᠬᠢ ᠬᠦᠰᠡᠯ ᠵᠡᠭᠦᠳᠦ︾ ᠭᠡᠬᠦ ᠨᠣᠮ ᠢ ᠰᠣᠩᠭᠤᠵᠤ᠂ ᠲᠣᠰ ᠨᠣᠮ ᠳᠤ ᠭᠤᠤᠯ ᠪᠠᠭᠠᠲᠤᠷ ᠹᠠᠩ ᠳ᠋ᠠᠨ ᠤ ᠬᠤᠶᠠᠷ ᠬᠥᠯ ᠨᠢ ᠲᠠᠮᠪᠠᠷᠠᠭᠰᠠᠨ ᠴᠦ ᠡᠷᠳᠡᠮ ᠮᠡᠳᠡᠯᠭᠡ ᠰᠤᠷᠬᠤ ᠪᠠᠷ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠥᠪᠡᠷ ᠢ ᠪᠠᠨ ᠲᠠᠰᠤᠷᠠᠯᠲᠠ ᠥᠬᠡᠶ ᠢᠯᠠᠭᠰᠠᠨ ᠥᠯᠢᠭᠡᠷ ᠢ ᠶᠠᠷᠢᠵᠠᠶ᠃ ᠡᠭᠦᠨ ᠢᠶᠠᠷ ᠵᠡᠮᠳᠡᠭᠴᠦᠳ ᠤᠨ ᠢᠳᠡᠪᠬᠢᠲᠡᠶ᠂ ᠪᠠᠶᠠᠰᠤᠩᠭᠤᠶ᠂ ᠥᠭᠡᠳᠡᠷᠬᠡᠭ᠂ ᠠᠮᠢᠳᠤᠷᠠᠯ ᠳᠤ ᠰᠢᠭᠤᠳ ᠬᠠᠨᠳᠤᠬᠤ ᠰᠥᠰᠥ ᠵᠣᠷᠢᠭ ᠲᠠᠢ ᠪᠠᠶᠢᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠨᠣᠮ ᠪᠢᠴᠢᠭ ᠢᠶᠠᠷ ᠵᠡᠮᠳᠡᠭᠴᠦᠳ ᠤᠨ ᠠᠵᠢᠯ ᠤᠨ ᠴᠢᠯᠥᠭᠡᠨ ᠤ ᠰᠣᠶᠣᠯ ᠤᠨ ᠬᠡᠷᠡᠭᠴᠡᠭᠡ ᠶᠢ ᠲᠡᠭᠦᠯᠳᠡᠷᠵᠢᠭᠦᠯᠬᠦ ᠵᠣᠷᠢᠯᠭ᠎ᠠ ᠳᠤ ᠬᠦᠷᠦᠭᠰᠡᠨ ᠪᠠᠶᠢᠨ᠎ᠠ᠃   ᠨᠢᠬᠡ ᠺᠢᠨᠤ᠋ ᠦᠵᠡᠵᠡᠢ᠃ ᠵᠡᠮᠳᠡᠭᠴᠦᠳ ᠢ ᠳᠠᠭᠠᠭᠤᠯᠤᠨ ᠬᠤᠳᠠ ᠶᠢᠨ ᠶᠠᠷᠢᠶᠠᠨ ᠤ ᠲᠠᠪᠴᠠᠩ ᠤᠨ ᠲᠥᠪ ᠲᠤ ᠬᠦᠷᠴᠦ ᠬᠠᠮᠲᠤ ᠪᠠᠷ ︽ᠨᠠᠮ ᠪᠠᠶᠢᠭᠤᠯᠤᠭᠳᠠᠭᠰᠠᠨ ᠠᠭᠤᠤ ᠦᠢᠯᠡᠰ︾ ᠭᠡᠬᠦ ᠺᠢᠨᠣ᠋ ᠶᠢ ᠰᠤᠨᠢᠷᠬᠠᠵᠠᠢ᠃  ᠲᠤᠰ ᠺᠢᠨᠣ᠋ ᠳᠤ 1911 ᠣᠨ ᠤ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠠᠴᠠ 1921 ᠣᠨ ᠪᠣᠯᠲᠠᠯᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠬᠤ ᠬᠤᠭᠤᠴᠠᠭᠠᠨ ᠳᠠᠬᠢ ᠡᠨᠡ ᠠᠷᠪᠠᠨ ᠵᠢᠯ ᠤᠨ ᠠᠯᠢ ᠤᠯᠠᠨ ᠴᠢᠬᠤᠯᠠ ᠶᠡᠭᠡ ᠬᠡᠷᠡᠭ ᠶᠠᠪᠤᠳᠠᠯ ᠢ ᠶᠠᠷᠢᠪᠠ᠃ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠵᠡᠮᠳᠡᠭᠴᠦᠳ ᠲᠤ ᠭᠦᠨ ᠲᠦᠷᠦᠭᠳᠡᠯ ᠥᠭᠴᠦ᠂ ᠬᠤᠶᠠᠳᠤᠭᠠᠷ ᠳᠡᠰ ᠤᠨ ᠵᠡᠮᠳᠡᠭ ᠪᠣᠯᠤᠭᠰᠠᠨ ᠬᠤ᠋ ᠲᠢᠶᠠᠨ ᠴᠢᠩ ᠺᠢᠨᠣ᠋ ᠶᠢ ᠦᠵᠡᠵᠦ ᠪᠠᠷᠠᠭᠰᠠᠨ ᠤ ᠳᠠᠷᠠᠭ᠎ᠠ ︽ᠡᠪ ᠬᠠᠮᠲᠤ ᠨᠠᠮ ᠳᠤ ᠲᠠᠯᠠᠷᠬᠠᠵᠤ ᠪᠠᠶᠢᠨ᠎ᠠ᠂ ᠪᠢᠳᠡᠨ ᠢ ᠡᠳᠦᠭᠡ ᠶᠢᠨ ᠡᠩᠭᠡ ᠲᠠᠶᠢᠪᠤᠩ ᠴᠠᠭ ᠦᠶ᠎ᠡ ᠳᠤ ᠠᠮᠢᠳᠤᠷᠠᠭᠤᠯᠪᠠ᠂ ᠢᠯᠠᠩᠭᠤᠶ᠎ᠠ ᠨᠠᠮ ᠤᠨ ᠠᠯᠢ ᠤᠯᠠᠨ ᠠᠰᠢᠭᠲᠠᠢ ᠲᠦᠷᠦ ᠶᠢᠨ ᠪᠤᠳᠤᠯᠭ᠎ᠠ ᠨᠢ ᠪᠢᠳᠡᠨ ᠤ ᠵᠡᠮᠳᠡᠭᠴᠦᠳ ᠤᠨ ᠠᠮᠢᠳᠤᠷᠠᠯ ᠢ ᠨᠡᠩ ᠡᠯᠪᠡᠭ ᠪᠠᠶᠠᠯᠢᠭ ᠪᠤᠯᠭᠠᠵᠠᠢ︾ ᠭᠡᠵᠦ ᠬᠡᠯᠡᠪᠡ᠃   ᠴᠡᠴᠡᠷᠯᠢᠭ ᠢᠶᠠᠷ ᠵᠤᠭᠠᠴᠠᠵᠠᠢ  ᠃ ᠤᠷᠢᠳ ᠬᠤᠵᠢᠳ ᠷᠠᠰᠢᠶᠠᠨ ᠤ ᠱᠧᠩ ᠴᠢᠤᠸᠠᠨ ᠠᠭᠤᠳᠠᠮ ᠲᠠᠯᠠᠪᠠᠢ ᠪᠣᠯᠤᠨ ᠷᠠᠰᠢᠶᠠᠨ ᠤ ᠡᠦ ᠯᠢ ᠴᠢᠤᠸᠠᠨ ᠳᠤ ᠬᠦᠷᠴᠦ ᠵᠤᠭᠠᠴᠠᠨ  ᠨᠠᠭᠠᠳᠴᠠᠢ᠃ ᠱᠧᠩ ᠴᠢᠤᠸᠠᠨ ᠠᠭᠤᠳᠠᠮ ᠲᠠᠯᠠᠪᠠᠢ ᠳᠤ ᠵᠡᠮᠳᠡᠭᠴᠦᠳ ᠤᠨ ᠨᠠᠭᠠᠳᠬᠤ ᠳᠤ ᠳᠤᠬᠢᠷᠠᠬᠤ ᠲᠣᠭᠯᠠᠭᠠᠮ ᠪᠡᠯᠡᠳᠬᠡᠵᠦ᠂ ᠬᠡᠰᠡᠭ ᠰᠠᠶᠢᠨ ᠳᠤᠷ᠎ᠠ ᠶᠢᠨ ᠠᠵᠢᠯᠳᠠᠨ ᠪᠠᠰᠠ ᠠᠭᠤᠳᠠᠮ ᠲᠠᠯᠠᠪᠠᠢ ᠳᠤ ᠵᠡᠮᠳᠡᠭᠴᠦᠳ ᠢ ᠳᠠᠭᠠᠭᠤᠯᠤᠨ ᠲᠠᠭᠤᠯᠠᠨ ᠪᠥᠵᠢᠭᠯᠡᠵᠦ᠂  ᠨᠠᠭᠠᠳᠦᠨ ᠴᠡᠩᠭᠡᠯᠳᠦᠵᠦ᠂ ᠴᠡᠴᠡᠷᠯᠢᠭ ᠢᠶᠠᠷ ᠵᠤᠭᠠᠴᠠᠬᠤ ᠠᠵᠢᠯᠯᠠᠭ᠎ᠠ ᠶᠢ ᠨᠡᠩ ᠡᠯᠪᠡᠭ ᠪᠠᠶᠠᠯᠢᠭ᠂ ᠨᠡᠩ ᠰᠣᠨᠢᠷᠬᠠᠯᠲᠠᠢ ᠪᠣᠯᠭᠠᠵᠠᠢ᠃   ᠦᠵᠡᠰᠬᠦᠯᠡᠩ ᠢᠶᠠᠷ ᠲᠤᠭᠤᠷᠢᠵᠠᠢ᠃ ᠵᠡᠮᠳᠡᠭᠴᠦᠳ ᠢ ᠳᠠᠭᠠᠭᠤᠯᠤᠨ ᠷᠠᠰᠢᠶᠠᠨ ᠤ ᠳᠡᠯᠡᠬᠡᠢ ᠶᠢᠨ ᠬᠤᠶᠠᠳᠤᠭᠠᠷ ᠳᠠᠶᠢᠨ ᠤ ᠪᠠᠭᠤᠷᠢ ᠪᠠᠢ ᠯᠠᠩ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠳᠤ ᠬᠦᠷᠴᠦ ᠶᠠᠫᠣᠨ ᠲᠡᠭᠡᠷᠡᠮᠴᠢᠳ ᠤᠨ ᠷᠠᠰᠢᠶᠠᠨ ᠢ ᠲᠦᠷᠢᠮᠡᠬᠡᠶᠢᠯᠡᠭᠰᠡᠨ ᠲᠡᠦᠬᠡ ᠶᠢᠨ ᠪᠣᠳᠠᠲᠤ ᠬᠡᠷᠡᠭ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠠᠶᠢᠯᠤᠮᠵᠢ ᠶᠢ ᠰᠣᠨᠣᠰᠬᠤ ᠪᠠᠷ ᠲᠠᠮᠵᠢᠨ᠂ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ ᠴᠡᠷᠢᠭ ᠷᠠᠰᠢᠶᠠᠨ ᠢ ᠡᠵᠡᠯᠡᠭᠰᠡᠨ ᠬᠤᠭᠤᠴᠠᠭᠠᠨ ᠳᠠᠭᠠᠨ ᠮᠠᠨ ᠤ ᠠᠬ᠎ᠠ ᠳᠡᠭᠦᠦ ᠨᠡᠷ ᠲᠤ ᠬᠠᠷᠭᠢᠰ ᠬᠡᠷᠴᠡᠭᠡᠶ ᠹᠠᠱᠢᠰ ᠤᠨ ᠨᠣᠶᠠᠷᠬᠠᠯ ᠪᠠ ᠠᠵᠤ ᠠᠬᠤᠶ ᠶᠢᠨ ᠳᠡᠭᠡᠷᠡᠮᠳᠡᠯ ᠶᠠᠪᠤᠭᠤᠯᠵᠤ᠂ ᠠᠷᠠᠳ ᠲᠦᠮᠡᠨ ᠳᠤ ᠬᠦᠨᠳᠦ ᠨᠣᠴᠢᠲᠠᠶ ᠲᠡᠦᠬᠡ ᠶᠢᠨ ᠭᠠᠶ ᠭᠠᠮᠰᠢᠭ ᠢ ᠤᠴᠠᠷᠠᠭᠤᠯᠤᠭᠰᠠᠨ ᠢ ᠣᠶᠢᠯᠠᠭᠠᠪᠠ᠃ ᠪᠢᠳᠡ ︽ᠤᠷᠢᠳᠤ ᠶᠢᠨ ᠶᠠᠪᠤᠳᠠᠯ ᠢᠶᠠᠨ ᠮᠠᠷᠲᠠᠬᠤ ᠦᠭᠡᠢ ᠪᠣᠯᠪᠠᠰᠤ᠂ ᠬᠤᠶᠢᠨᠠᠬᠢ ᠶᠢᠨ ᠶᠠᠪᠤᠳᠠᠯ ᠳᠤ ᠵᠠᠮᠴᠢ ᠪᠣᠯᠤᠮᠤᠶ︾᠂  ᠬᠤᠴᠤᠷᠤᠩᠭᠤᠢ  ᠪᠤᠯᠪᠠᠰᠦ ᠪᠤᠰᠤᠳ ᠲᠤ ᠲᠤᠷᠤᠮᠵᠢᠯᠠᠬᠳᠠᠬᠤ ᠶᠤᠰᠤ ᠤᠴᠢᠷ ᠢ ᠮᠡᠳᠡᠵᠤ᠂ ᠨᠡᠩ ᠴᠤ ᠠᠬᠠᠮᠠᠳ ᠦᠶ᠎ᠡ ᠶᠢᠨ ᠬᠢᠨ ᠤ ᠶᠠᠫᠣᠨ ᠢ ᠡᠰᠡᠷᠭᠦᠴᠡᠬᠦ ᠬᠤᠪᠢᠰᠬᠠᠯ ᠤᠨ ᠲᠦᠯᠦᠭᠡ ᠠᠮᠢ ᠴᠦᠯᠡᠨ ᠲᠡᠮᠡᠴᠡᠭᠰᠡᠨ ᠵᠣᠷᠢᠭ ᠰᠠᠨᠠᠭ᠎ᠠ ᠶᠢ ᠤᠶᠢᠯᠠᠭᠠᠭᠰᠠᠨ ᠪᠠᠶᠢᠨ᠎ᠠ᠃   ᠰᠣᠶᠣᠯ ᠤᠨ ᠠᠵᠢᠯᠯᠠᠭ᠎ᠠ ᠦᠷᠨᠢᠬᠦᠯᠵᠡᠢ᠃  ᠬᠤᠲᠠ ᠶᠢᠨ ᠵᠡᠮᠳᠡᠭᠴᠦᠳ ᠤᠨ ᠬᠤᠯᠪᠤᠭ᠎ᠠ ᠰᠢᠲᠠᠷ᠎ᠠ ᠶᠢᠨ ᠤᠷᠤᠯᠳᠤᠭᠠᠨ ᠶᠠᠪᠤᠭᠤᠯᠵᠤ᠂ ᠰᠢᠲᠠᠷ᠎ᠠ ᠳᠤ ᠪᠠᠭ᠋ᠠᠲᠠᠶ 20 ᠬᠥᠮᠦᠨ ᠲᠤᠰ ᠤᠳᠠᠭᠠᠨ ᠤ ᠤᠷᠤᠯᠳᠤᠭᠠᠨ ᠳᠤ  ᠤᠷᠤᠯᠴᠠᠵᠠᠢ᠃ ᠤᠷᠤᠯᠳᠤᠭᠠᠨ ᠳᠤ ᠤᠷᠤᠯᠴᠠᠬᠴᠢ ᠬᠤᠭᠤᠷᠤᠨᠳᠤ ᠪᠠᠨ ︽ ᠪᠦᠯᠬᠦᠮᠳᠡᠯ ᠨᠢᠬᠡᠳᠦᠭᠡᠷ ᠤᠷᠤᠯᠳᠤᠭᠠᠨ ᠬᠤᠶᠠᠳᠤᠭᠠᠷ︾ ᠬᠡᠬᠦ ᠵᠤᠷᠢᠯᠳᠠ ᠪᠠᠷ ᠤᠷ᠎ᠠ ᠠᠪᠢᠶᠠᠰ ᠢᠶᠠᠨ ᠭᠠᠶᠢᠬᠠᠭᠤᠯᠵᠠᠢ᠃   ᠵᠡᠮᠳᠡᠭᠴᠦᠳ ᠤᠨ ᠰᠣᠶᠣᠯ ᠢ ᠬᠡᠷ ᠪᠦᠯᠢ ᠳᠤ  ᠬᠦᠷᠬᠡᠬᠦ ︽ᠲᠠᠪᠤᠨ ᠨᠢᠭᠡ︾ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠵᠡᠮᠳᠡᠭᠴᠦᠳ ᠤᠨ ᠠᠮᠢᠳᠤᠷᠠᠯ  ᠳᠤ ᠬᠠᠶᠢᠷᠠᠳᠠᠢ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠵᠡᠮᠳᠡᠭᠴᠦᠳ ᠤᠨ ᠵᠣᠯ ᠵᠢᠷᠭᠠᠯᠳᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠢᠶᠠᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠷᠠᠰᠢᠶᠠᠨ ᠬᠤᠲᠠ ᠶᠢᠨ ᠵᠡᠮᠳᠡᠭᠴᠦᠳ ᠤᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号