ᠰᠢᠨ ᠴᠧᠩ ᠵᠡᠭᠡᠯᠢ ᠶᠢᠨ ᠰᠧᠨ ᠸᠠᠩ ᠨᠡᠶᠢᠭᠡᠮ ᠲᠣᠭᠤᠷᠢᠭ ︽ᠶᠢᠰᠦᠳᠦᠭᠡᠷ ᠰᠠᠷ᠎ᠠ ᠶᠢᠨ ᠶᠢᠰᠦᠨ ᠤ ᠪᠠᠶᠠᠷ ᠤᠨ ᠡᠳᠦᠷ︾ ᠤᠨ ᠰᠣᠨᠢᠷᠬᠠᠯᠲᠤ ᠲᠠᠮᠢᠷ ᠤᠨ ᠬᠦᠳᠡᠯᠭᠡᠭᠡᠨ ᠦᠷᠨᠢᠭᠦᠯᠵᠡᠢ
ᠨᠡᠶᠢᠲᠡᠯᠡᠭᠰᠡᠨ ᠴᠠᠭ᠄
2021/10/14
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠠᠷᠢᠶ᠎ᠠ ᠣᠷᠣᠨ ᠤ ᠨᠠᠰᠤᠲᠠᠶᠢᠴᠤᠳ ᠤᠨ ᠰᠣᠶᠣᠯ ᠴᠡᠩᠭᠡᠯ ᠤᠨ ᠠᠮᠢᠳᠤᠷᠠᠯ ᠢ  ᠪᠠᠶᠠᠯᠢᠬᠵᠢᠭᠤᠯᠤᠨ᠂ ᠨᠠᠰᠤᠲᠠᠶᠢᠴᠤᠳ ᠢ ᠪᠠᠶᠠᠷ ᠬᠥᠷ ᠲᠠᠢ ᠥᠯᠵᠡᠶ ᠪᠡᠯᠭᠡ ᠲᠠᠢ ᠶᠢᠰᠦᠳᠦᠭᠡᠷ ᠰᠠᠷ᠎ᠠ ᠶᠢᠨ ᠶᠢᠰᠦᠨ ᠤ ᠪᠠᠶᠠᠷ ᠢ ᠥᠩᠭᠡᠷᠡᠭᠦᠯᠬᠦ ᠶᠢᠨ ᠲᠥᠯᠥᠭᠡ᠂ 10 ᠰᠠᠷ᠎ᠠ ᠶᠢᠨ 13 ᠤ ᠦᠳᠡ ᠶᠢᠨ ᠡᠮᠦᠨ᠎ᠡ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨ ᠸᠠᠩ ᠨᠡᠶᠢᠭᠡᠮ ᠲᠣᠭᠤᠷᠢᠭ ᠰᠣᠨᠢᠷᠬᠠᠯᠲᠤ ᠪᠡᠶ᠎ᠡ ᠶᠢᠨ ᠲᠠᠮᠢᠷ ᠤᠨ ᠬᠦᠳᠡᠯᠭᠡᠭᠡᠨ ᠦᠷᠨᠢᠭᠦᠯᠪᠡ᠃ ᠲᠣᠰ ᠬᠦᠳᠡᠯᠭᠡᠭᠡᠨ ᠳᠤ ᠨᠡᠶᠢᠭᠡᠮ ᠲᠣᠭᠤᠷᠢᠭ ᠤᠨ ᠪᠥᠬᠦ ᠠᠵᠢᠯᠲᠠᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠡᠮᠡᠭᠲᠡᠶ ᠰᠠᠶᠢᠨ ᠳᠤᠷ᠎ᠠ ᠶᠢᠨ ᠠᠵᠢᠯᠳᠠᠳ ᠵᠡᠷᠭᠡ ᠨᠡᠶᠢᠲᠡ 70 ᠭᠠᠷᠤᠶ ᠬᠥᠮᠦᠨ ᠣᠷᠣᠯᠴᠠᠵᠠᠶ᠃    ᠲᠤᠰ ᠬᠦᠳᠡᠯᠭᠡᠭᠡᠨ ᠤ ᠳᠤᠮᠳᠠ ᠱᠠᠩᠨᠠᠯ ᠰᠤᠭᠤᠯᠬᠤ ᠭᠤᠭᠴᠤᠭ᠎ᠠ ᠭᠠᠷᠭᠠᠵᠤ᠂ ᠣᠯᠠᠨ ᠢᠶᠠᠷ ᠢᠶᠠᠨ ᠥᠷᠯᠥᠭᠡ ᠡᠷᠲᠡ ᠨᠡᠶᠢᠭᠡᠮ ᠲᠣᠭᠤᠷᠢᠭ ᠲᠤ ᠬᠦᠷᠴᠦ ᠨᠣᠮᠧᠷ ᠰᠣᠩᠭᠤᠨ᠂ ᠠᠵᠠ ᠶᠢᠨ ᠱᠠᠩᠨᠠᠯ ᠤᠨ ᠲᠤᠰᠬᠤ ᠳᠤ ᠪᠡᠯᠡᠳᠬᠡᠯ ᠬᠢᠭᠰᠡᠨ ᠪᠠᠶᠢᠨ᠎ᠠ᠃ ᠲᠣᠭᠯᠠᠭᠠᠮ ᠤᠨ ᠲᠦᠷᠦᠯ ᠵᠦᠢᠯ ᠪᠣᠯ ᠪᠦᠷ ᠨᠡᠶᠢᠭᠡᠮ ᠲᠣᠭᠤᠷᠢᠭ ᠠᠴᠠ ᠰᠣᠩᠭᠤᠵᠤ ᠭᠠᠷᠭᠠᠵᠤ᠂ ᠨᠠᠰᠤᠲᠠᠶᠢᠴᠤᠳ ᠤᠨ ᠠᠵᠢᠯᠯᠠᠭ᠎ᠠ ᠳᠤ ᠨᠡᠯᠢᠶᠡᠳ ᠲᠤᠬᠢᠷᠠᠭᠰᠠᠨ᠂ ᠴᠢ ᠦᠯᠢᠭᠡᠷᠯᠡᠭᠡᠳ ᠪᠢ ᠲᠠᠭᠠᠬᠤ᠂ ᠬᠠᠮᠠᠷ ᠢᠶᠠᠨ ᠵᠢᠷᠤᠬᠤ᠂ ᠣᠨᠢᠰᠤᠭ᠎ᠠ ᠲᠠᠭᠠᠬᠤ᠂ ᠭᠤᠷᠪᠠᠨ ᠬᠦᠷᠢᠶᠡᠯᠡᠩ ᠢ ᠲᠣᠭᠠᠯᠠᠬᠤ᠂ ᠴᠢᠬᠢ ᠬᠡᠯᠡᠨ ᠤ ᠳᠦᠷᠰᠦ ᠨᠡᠪᠲᠡᠷᠡᠭᠦᠯᠭᠡ ᠶᠢᠨ ᠤᠷᠤᠯᠳᠤᠭᠠᠨ ᠵᠡᠷᠭᠡ ᠲᠠᠪᠤᠨ ᠲᠦᠷᠦᠯ ᠵᠦᠢᠯ ᠬᠤᠪᠢᠶᠠᠵᠤ ᠶᠠᠪᠤᠬᠳᠠᠭᠤᠯᠵᠠᠢ᠃  ᠨᠠᠰᠤᠲᠠᠶᠢᠴᠤᠳ ᠬᠡᠳᠦᠶᠢᠪᠡᠷ ᠨᠠᠰᠤ ᠠᠬᠢᠭᠰᠠᠨ ᠪᠣᠯᠪᠠᠴᠤ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠳᠡᠭᠦᠯᠳᠡᠷ᠂ ᠤᠷᠤᠯᠳᠤᠭᠠᠨ ᠤ ᠠᠬᠤᠶ ᠲᠠᠯᠠᠪᠠᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃ ᠤᠯᠠᠨ ᠢᠶᠠᠷ ᠢᠶᠠᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠪᠠᠨ ᠭᠦᠢᠴᠡᠳ ᠢᠯᠡᠷᠡᠭᠦᠯᠵᠦ᠂ ᠤᠷᠤᠯᠳᠤᠭᠠᠨ ᠤ ᠲᠤᠬᠠᠶ ᠶᠢᠨ ᠲᠠᠯᠠᠪᠤᠷ ᠲᠤ ᠤᠷᠮ᠎ᠠ ᠪᠠᠬ᠎ᠠ ᠶᠢ ᠲᠠᠲᠠᠵᠤ᠂ ᠲᠤᠬᠠᠶ ᠶᠢᠨ ᠲᠠᠯᠠᠪᠤᠷ ᠲᠤ ᠪᠠᠶᠢᠭᠰᠠᠨ ᠦᠵᠡᠭᠴᠢᠳ ᠠᠴᠠ ᠪᠠᠶᠢᠨ ᠪᠠᠶᠢᠨ ᠢᠨᠢᠶᠡᠯᠳᠦᠨ  ᠤᠤᠬᠠᠶᠢᠯᠠᠬᠤ ᠲᠠᠭᠤᠨ ᠰᠣᠨᠣᠰᠳᠠᠵᠤ᠂ ᠤᠯᠠᠨ ᠢᠶᠠᠷ ᠢᠶᠠᠨ ᠶᠠᠭ ᠯᠠ ᠪᠠᠭ᠎ᠠ ᠨᠠᠰᠤᠨ ᠳᠠᠭᠠᠨ ᠪᠤᠴᠠᠭᠰᠠᠨ ᠮᠡᠲᠦ ᠪᠠᠶᠠᠷ ᠬᠦᠷ ᠲᠠᠢ ᠨᠠᠭᠠᠳᠤᠨ ᠬᠥᠭᠡᠷᠦᠯᠳᠦᠨ᠎ᠡ᠃ ᠠᠵᠢᠯᠯᠠᠭ᠎ᠠ ᠳᠤ ᠣᠷᠣᠯᠴᠠᠭᠰᠠᠨ ᠨᠠᠰᠤᠲᠠᠶᠢᠴᠤᠳ ᠴᠥᠮ ᠱᠠᠩᠨᠠᠯ ᠬᠦᠷᠳᠡᠵᠤ᠂ ᠠᠵᠢᠯᠯᠠᠭ᠎ᠠ ᠳᠤ ᠣᠷᠣᠯᠴᠠᠬᠤ ᠳᠤ ᠳᠥᠭᠦᠮ ᠦᠭᠡᠢ ᠪᠣᠯᠤᠭᠰᠠᠨ ᠨᠠᠰᠤᠲᠠᠶᠢᠴᠤᠳ ᠴᠦ ᠨᠡᠶᠢᠭᠡᠮ ᠲᠣᠭᠤᠷᠢᠭ ᠠᠴᠠ ᠲᠡᠳᠡᠨ ᠳᠤ ᠪᠡᠯᠡᠭ ᠪᠡᠯᠡᠳᠬᠡᠨ ᠥᠭᠴᠦ᠂ ᠤᠯᠠᠨ ᠢᠶᠠᠷ ᠢᠶᠠᠨ ᠪᠠᠶᠠᠷ ᠬᠦᠷ ᠲᠠᠢ ᠪᠠᠷ ᠬᠦᠷᠦᠯᠴᠡᠨ ᠢᠷᠡᠵᠦ᠂ ᠰᠡᠳᠬᠢᠯ ᠬᠠᠨᠤᠮᠵᠢᠲᠠᠢ ᠪᠠᠷ ᠪᠤᠴᠠᠵᠠᠭᠠᠪᠠ᠃    ᠲᠤᠰ ᠤᠳᠠᠭᠠᠨ ᠤ ᠬᠦᠳᠡᠯᠭᠡᠭᠡᠨ ᠢᠶᠠᠷ ᠲᠠᠮᠵᠢᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠬᠦᠨᠳᠦᠯᠡᠬᠦ ᠤᠬᠠᠮᠰᠠᠷ ᠢ ᠴᠢᠩᠭᠠᠳᠬᠠᠵᠤ᠂ ᠥᠷᠭᠡᠨ ᠤᠯᠠᠨ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠬᠠᠮᠲᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠪᠠᠭ᠋ᠠᠷᠬᠠᠬᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ᠂ ᠬᠠᠷᠢᠯᠴᠠᠨ ᠰᠣᠯᠢᠯᠴᠠᠬᠤ ᠶᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠪᠠᠰᠠ ᠰᠣᠶᠣᠯ ᠢᠶᠠᠷ ᠬᠥᠮᠦᠰ ᠤᠨ ᠰᠡᠳᠬᠢᠯ ᠢ ᠤᠮᠳᠠᠯᠠᠵᠤ᠂ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠨᠡᠪᠲᠡᠷᠡᠯᠴᠡᠬᠦ ᠲᠠᠪᠴᠠᠩ ᠪᠠᠶᠢᠭᠤᠯᠤᠨ ᠥᠭᠴᠦ᠂ ᠨᠠᠰᠤᠲᠠᠶᠢᠴᠤᠳ ᠢ ᠲᠤᠰᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠵᠢᠷᠭᠠᠬᠤ ᠶᠢ ᠪᠡᠶᠡᠯᠡᠭᠦᠯᠬᠦ ᠪᠣᠯᠤᠨ᠎ᠠ᠃  
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号