ᠬᠤᠲᠠ ᠶᠢᠨ ᠣᠶ ᠰᠢᠭᠤᠶ ᠬᠢᠭᠡᠳ ᠨᠤᠳᠤᠭ ᠪᠡᠯᠴᠢᠭᠡᠷ ᠤᠨ ᠲᠣᠪᠴᠢᠶ᠎ᠠ ᠤᠯᠤᠰ ᠤᠨ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠴᠠᠷᠠᠭ᠎ᠠ ᠭᠠᠷᠭᠠᠬᠤ ᠠᠵᠢᠯ ᠢ ᠦᠷᠨᠢᠭᠦᠯᠵᠡᠢ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 12 ᠤᠨ ᠡᠳᠦᠷ᠂ ᠮᠠᠨ ᠤ ᠭᠠᠵᠠᠷ ᠣᠷᠣᠨ ᠤ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ  ᠴᠠᠷᠠᠭ᠎ᠠ  ᠶᠢᠨ ᠭᠠᠵᠠᠷ ᠤᠨ ᠪᠠᠶᠢᠴᠠ ᠵᠢᠴᠢ ᠣᠷᠴᠢᠨ ᠲᠣᠭᠤᠷᠢᠨ ᠨᠡᠯᠢᠶᠡᠳ ᠪᠤᠳᠤᠯᠢᠶᠠᠨᠲᠠᠶ ᠠᠴᠠ᠂ ᠬᠡᠰᠡᠭ ᠭᠠᠵᠠᠷ  ᠨᠢ ᠬᠥᠮᠦᠨ ᠤ ᠬᠦᠴᠦ ᠪᠠᠷ᠂ ᠮᠠᠰᠢᠨ ᠢᠶᠠᠷ ᠴᠥᠮ ᠪᠡᠶᠡᠯᠡᠭᠦᠯᠬᠦ ᠶᠢᠨ ᠠᠷᠭ᠎ᠠ ᠥᠬᠡᠶ᠂ ᠡᠨᠡ ᠨᠠᠮᠤᠷ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠡᠭᠦᠰᠬᠦ ᠵᠢᠴᠢ ᠬᠢᠯᠢ ᠶᠢᠨ ᠭᠠᠳᠠᠨᠠᠬᠢ ᠭᠠᠯ ᠲᠦᠢᠮᠡᠷ ᠤᠨ ᠲᠦᠷᠢᠯᠳᠡ ᠶᠢ ᠰᠡᠷᠭᠡᠶᠢᠯᠡᠨ᠂ ᠣᠳᠣᠬᠠᠨ ᠤ ᠬᠦᠨᠳᠦ ᠨᠣᠴᠢᠲᠠᠶ ᠭᠠᠯ ᠲᠦᠢᠮᠡᠷ ᠢ ᠰᠡᠷᠭᠡᠶᠢᠯᠡᠬᠦ ᠪᠠᠶᠢᠳᠠᠯ ᠢ ᠪᠦᠲᠦᠮᠵᠢᠲᠡᠶ ᠠᠷᠭᠠᠴᠠᠭᠠᠵᠤ᠂ ᠰᠢᠲᠠᠮᠠᠬᠠᠶ ᠪᠣᠳᠠᠰ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠭᠠᠯ ᠲᠦᠢᠮᠡᠷ ᠤᠨ ᠭᠠᠮᠰᠢᠭ ᠡᠭᠦᠰᠬᠦ ᠨᠣᠷᠮ᠎ᠠ ᠶᠢ ᠪᠠᠭᠤᠷᠠᠭᠤᠯᠬᠤ ᠶᠢᠨ ᠲᠥᠯᠥᠭᠡ᠂ ᠬᠤᠲᠠ ᠶᠢᠨ ᠣᠶ ᠰᠢᠭᠤᠶ ᠬᠢᠭᠡᠳ ᠨᠤᠳᠤᠭ ᠪᠡᠯᠴᠢᠭᠡᠷ ᠤᠨ ᠲᠣᠪᠴᠢᠶ᠎ᠠ ᠠᠴᠠ ᠤᠯᠤᠰ ᠤᠨ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠴᠠᠷᠠᠭ᠎ᠠ ᠭᠠᠷᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃   ᠲᠣᠰ ᠤᠳᠠᠭᠠᠨ ᠤ ᠴᠠᠷᠠᠭ᠎ᠠ ᠭᠠᠷᠭᠠᠬᠤ ᠠᠵᠢᠯ ᠳᠤ ᠬᠤᠲᠠ ᠶᠢᠨ ᠣᠶ ᠰᠢᠭᠤᠶ ᠬᠢᠭᠡᠳ ᠨᠤᠳᠤᠭ ᠪᠡᠯᠴᠢᠭᠡᠷ ᠤᠨ ᠲᠣᠪᠴᠢᠶ᠎ᠠ ᠠᠴᠠ ᠭᠠᠯ ᠰᠡᠷᠭᠡᠶᠢᠯᠡᠵᠦ ᠤᠨᠲᠠᠷᠠᠭᠠᠬᠤ ᠲᠤᠰᠬᠠᠶ ᠠᠩᠭᠢ ᠶᠢᠨ ᠭᠡᠰᠢᠭᠦᠨ᠂ ᠭᠠᠯ ᠰᠡᠷᠭᠡᠶᠢᠯᠡᠵᠦ ᠤᠨᠲᠠᠷᠠᠭᠠᠬᠤ ᠬᠠᠭᠠᠰ ᠲᠤᠰᠬᠠᠶ ᠠᠩᠭᠢ ᠶᠢᠨ ᠭᠡᠰᠢᠭᠦᠨ ᠨᠡᠶᠢᠲᠡ 80 ᠬᠥᠮᠦᠨ ᠢ ᠵᠣᠬᠢᠶᠠᠨ ᠪᠠᠶᠢᠭᠤᠯᠵᠤ᠂ 11 ᠮᠠᠰᠢᠨ ᠲᠡᠷᠭᠡ᠂ 40 ᠭᠠᠷᠤᠶ ᠭᠠᠯ ᠰᠡᠷᠭᠡᠶᠢᠯᠡᠵᠦ ᠤᠨᠲᠠᠷᠠᠭᠠᠬᠤ ᠮᠠᠰᠢᠨ ᠪᠠᠭᠠᠵᠢ᠂ 70 ᠭᠠᠷᠤᠶ ᠴᠡᠪᠡᠷᠯᠡᠬᠦ ᠪᠠᠭᠠᠵᠢ ᠬᠡᠷᠡᠭᠰᠡᠯ ᠢ ᠬᠥᠳᠡᠯᠭᠡᠵᠦ᠂ 10 ᠴᠠᠭ ᠰᠢᠬᠠᠮ ᠠᠵᠢᠯᠯᠠᠵᠤ ᠵᠠᠮ ᠳᠠᠭᠠᠤ ᠶᠢᠨ 10 ᠭᠠᠷᠤᠶ ᠺᠢᠯᠣᠮᠧᠲᠷ ᠭᠠᠵᠠᠷ ᠲᠤ 700 ᠭᠠᠷᠤᠶ ᠮᠥ ᠶᠢ ᠬᠥᠮᠦᠨ ᠤ ᠬᠦᠴᠦ ᠪᠠᠷ ᠭᠠᠯᠳᠠᠬᠤ ᠳᠤ ᠬᠦᠴᠢᠷᠳᠡᠢ ᠭᠠᠵᠠᠷ ᠢ ᠭᠠᠯᠳᠠᠭᠰᠠᠨ ᠪᠠᠶᠢᠨ᠎ᠠ᠃ ᠣᠷᠣᠶ ᠶᠢᠨ 22 ᠴᠠᠭ ᠲᠤ ᠠᠵᠢᠯᠲᠠᠳ ᠠᠴᠠ ᠢᠯᠡ ᠭᠠᠯ ᠦᠭᠡᠶ᠂ ᠤᠲᠤᠭ᠎ᠠ ᠦᠭᠡᠶ᠂ ᠳᠠᠯᠳᠠ ᠬᠡᠮ ᠦᠭᠡᠶ ᠪᠤᠯᠤᠭᠰᠠᠨ ᠢ ᠨᠤᠲᠠᠯᠠᠭᠰᠠᠨ ᠤ ᠳᠠᠷᠠᠭ᠎ᠠ ᠰᠠᠶ᠋ᠢ ᠲᠠᠯᠠᠪᠤᠷ ᠠᠴᠠ ᠤᠬᠤᠷᠢᠨ ᠭᠠᠷᠴᠤ᠂ ᠲᠤᠰ ᠤᠳᠠᠭᠠᠨ ᠤ  ᠴᠠᠷᠠᠭ᠎ᠠ ᠭᠠᠷᠭᠠᠬᠤ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠬᠦᠯᠪᠡ᠃  ᠲᠣᠰ ᠤᠳᠠᠭᠠᠨ ᠤ ᠴᠠᠷᠠᠭ᠎ᠠ ᠭᠠᠷᠭᠠᠬᠤ ᠠᠵᠢᠯ ᠢᠶᠠᠷ ᠳᠡᠮᠵᠢᠨ᠂ ᠬᠢᠯᠢ ᠶᠢᠨ ᠭᠠᠳᠠᠨᠠᠬᠢ ᠭᠠᠯ ᠲᠦᠢᠮᠡᠷ ᠤᠨ ᠲᠦᠷᠢᠯᠲᠡ ᠶᠢ ᠪᠦᠲᠦᠮᠵᠢᠲᠡᠶ ᠰᠡᠷᠭᠡᠶᠢᠯᠡᠵᠦ᠂ ᠮᠠᠨ ᠤ ᠣᠷᠣᠨ ᠤ ᠨᠠᠮᠤᠷ ᠡᠪᠦᠯ ᠵᠢᠴᠢ ᠢᠷᠡᠬᠦ ᠬᠠᠪᠤᠷ ᠤᠨ ᠭᠠᠯ ᠲᠦᠢᠮᠡᠷ ᠤᠨ ᠭᠠᠮᠰᠢᠭ ᠡᠭᠦᠰᠬᠦ ᠨᠣᠷᠮ᠎ᠠ ᠶᠢ ᠪᠠᠭᠤᠷᠠᠭᠤᠯᠵᠤ᠂ ᠭᠤᠤᠯᠳᠠᠯᠭ᠎ᠠ ᠲᠠᠢ ᠣᠶᠢᠲᠤ ᠣᠷᠣᠨ ᠪᠠ ᠭᠤᠤᠯᠳᠠᠯᠭ᠎ᠠ ᠲᠠᠢ ᠬᠢᠯᠢ ᠬᠢᠵᠠᠭᠠᠷ ᠤᠨ ᠭᠠᠵᠠᠷ ᠣᠷᠣᠨ ᠤ ᠬᠢᠯᠢ ᠶᠢᠨ ᠭᠠᠳᠠᠨᠠᠬᠢ ᠭᠠᠯ ᠲᠦᠢᠮᠡᠷ ᠤᠨ ᠲᠦᠷᠢᠯᠲᠡ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠡᠭᠦᠰᠬᠦ ᠳᠠᠯᠳᠠ ᠬᠡᠮ ᠢ ᠶᠡᠭᠡ ᠪᠠᠷ ᠪᠠᠭᠠᠰᠬᠠᠪᠠ᠃ ᠡᠭᠦᠨ ᠤ ᠬᠠᠮᠲᠤ ᠪᠠᠰᠠ ᠴᠡᠷᠢᠭ ᠠᠩᠭᠢ ᠪᠠᠨ ᠳᠠᠪᠲᠠᠨ ᠪᠣᠯᠪᠠᠰᠤᠷᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃  
 
ᠢᠷᠡᠯᠲᠡ᠄ ᠬᠤᠲᠠ ᠶᠢᠨ ᠣᠶ ᠰᠢᠭᠤᠶ ᠬᠢᠭᠡᠳ ᠨᠤᠳᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号