ᠷᠠᠰᠢᠶᠠᠨ ᠬᠤᠲᠠ 2021 ᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠬᠢᠨᠠᠨ ᠰᠢᠯᠭᠠᠬᠤ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠷᠠᠰᠢᠶᠠᠨ ᠬᠤᠲᠠ 2021 ᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠬᠢᠨᠠᠨ ᠰᠢᠯᠭᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠵᠣᠣ ᠫᠧᠩ ᠴᠢ᠂ ᠵᠠᠰᠠᠭ ᠤᠨ ᠣᠷᠳᠣᠨ ᠤ ᠠᠯᠪᠠᠨ ᠬᠡᠷ᠂ ᠳᠥᠷᠪᠡᠨ ᠪᠠᠯᠭᠠᠰᠤ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠷᠠᠰᠢᠶᠠᠨ ᠬᠤᠲᠠ ᠶᠢᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠠ ᠶᠢᠨ ᠷᠠᠰᠢᠶᠠᠨ ᠬᠤᠳᠠ ᠶᠢᠨ ᠬᠤᠪᠢᠶᠠᠷᠢ ᠲᠤᠪᠴᠢᠶ᠎ᠠ ᠶᠢᠨ ᠲᠤᠪᠴᠢᠶᠠᠨ ᠳᠠᠷᠤᠭ᠎ᠠ ᠹᠦ᠋ ᠬᠠᠢ ᠵᠢᠶᠦ᠋ᠨ ︽ᠷᠠᠰᠢᠶᠠᠨ ᠬᠤᠳᠠ ᠶᠢᠨ 2021 ᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠵᠦ᠂ ᠬᠤᠳᠠ ᠶᠢᠨ ᠳᠡᠳ᠋ ᠳᠠᠷᠤᠭ᠎ᠠ ᠵᠤᠤ ᠫᠧᠩ ᠴᠢ 2021 ᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠪᠠ ᠬᠢᠨᠠᠨ ᠰᠢᠯᠭᠠᠬᠤ ᠠᠵᠢᠯ ᠢ ᠰᠠᠶᠢᠲᠤᠷ ᠥᠷᠨᠢᠭᠦᠯᠬᠦ ᠲᠤᠬᠠᠢ ᠤᠯᠠᠮ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠵᠠᠢ᠃      ᠵᠤᠤ ᠫᠧᠩ ᠴᠢ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠬᠢᠨᠠᠨ ᠰᠢᠯᠭᠠᠬᠤ ᠠᠵᠢᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠬᠦᠴᠦᠲᠡᠢ ᠭᠠᠷᠳᠠᠴᠠ ᠮᠥᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠬᠢᠨᠠᠨ ᠰᠢᠯᠭᠠᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠪᠠᠶᠢᠬᠤ ᠶᠢ ᠬᠦᠴᠦ ᠪᠠᠨ ᠬᠠᠮᠲᠤᠳᠬᠠᠨ ᠪᠠᠲᠤᠯᠠᠬᠤ ᠪᠠ ᠷᠠᠰᠢᠶᠠᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠶᠢᠨ ︽ᠳᠣᠬᠢᠭᠤᠷ︾ ᠮᠥᠨ᠃ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠶᠢ ᠦᠨᠡᠨ ᠬᠦ ᠰᠠᠶᠢᠲᠤᠷ ᠬᠢᠬᠦ ᠨᠢ ᠷᠠᠰᠢᠶᠠᠨ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠠᠬᠢᠭᠤᠯᠬᠤ ᠦᠢᠯᠡᠳᠦᠯ ᠪᠠ ᠴᠢᠬᠤᠯᠠ ᠠᠴᠢ ᠬᠤᠯᠪᠣᠭᠳᠠᠯ ᠲᠠᠢ᠃ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠦ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠶᠢᠨ ᠴᠢᠬᠤᠯᠠ ᠴᠢᠨᠠᠷ ᠢ ᠲᠠᠨᠢᠵᠤ᠂ ᠠᠮᠢ ᠠᠬᠤᠶ ᠶᠢᠨ ᠰᠢᠯᠭᠠᠨ ᠬᠢᠨᠠᠬᠤ ᠠᠵᠢᠯ ᠤᠨ ᠳᠡᠭᠡᠳᠦ ᠱᠠᠲᠤᠨ ᠤ ᠮᠠᠨ ᠤ ᠬᠤᠲᠠ ᠶᠢᠨ ᠡᠳ᠋ ᠤᠨ ᠵᠠᠰᠠᠭ ᠤᠨ ᠠᠮᠢ ᠠᠬᠤᠶ ᠳᠤ ᠰᠢᠯᠵᠢᠭᠦᠯᠦᠨ ᠥᠭᠬᠦ ᠣᠷᠣᠭᠤᠯᠤᠯᠲᠠ ᠶᠢᠨ ᠡᠷᠴᠢᠮ ᠢ ᠰᠢᠭᠤᠳ ᠨᠥᠯᠥᠭᠡᠯᠡᠬᠦ ᠶᠢ ︽ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠦ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠰᠢᠯᠭᠠᠨ ᠬᠢᠨᠠᠬᠤ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠲᠤᠰᠬᠠᠶ ᠬᠥᠮᠦᠨ ᠳᠣᠭᠢᠷᠠᠭᠤᠯᠤᠨ ᠰᠢᠶᠠᠨ ᠤ ᠬᠡᠪᠴᠢᠶᠡᠨ ᠤ ᠥᠪᠡᠰᠦᠪᠡᠨ ᠪᠠᠶᠢᠴᠠᠭᠠᠬᠤ ᠠᠵᠢᠯ ᠢ ᠬᠠᠷᠢᠭᠤᠴᠠᠭᠤᠯᠵᠤ᠂ ᠴᠠᠭ ᠲᠤᠬᠠᠶ ᠳᠤᠨᠢ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠢ ᠵᠣᠬᠢᠶᠠᠨ ᠪᠠᠶᠢᠭᠤᠯᠤᠨ ᠱᠠᠯᠠᠪᠳᠠᠭᠤᠯᠵᠤ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠪᠢᠴᠢᠬᠦ ᠬᠡᠷᠡᠭᠲᠡᠶ᠃ ᠬᠤᠶᠠᠷ ᠲᠤ ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠵᠢᠷᠤᠮᠵᠢᠯᠳᠤ ᠴᠢᠨᠠᠷ᠂ ᠨᠠᠶᠢᠳᠠᠪᠤᠷᠢᠲᠤ ᠴᠢᠨᠠᠷ ᠵᠢᠴᠢ ᠮᠡᠳᠡᠭᠦᠯᠦᠨ ᠬᠦᠷᠭᠡᠬᠦ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠪᠠᠲᠤᠯᠠᠵᠤ᠂ ᠤᠨᠴᠠᠭᠠᠶᠢᠯᠠᠨ ᠲᠤᠭ᠎ᠠ ᠪᠠᠷᠢᠮᠲᠠ ᠶᠢᠨ ᠨᠢᠭᠡᠳᠦᠯᠲᠦ ᠴᠢᠨᠠᠷ ᠢ ᠴᠢᠬᠤᠯᠠᠴᠢᠯᠠᠵᠤ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠬᠠᠷᠢᠯᠴᠠᠨ ᠨᠡᠶᠢᠴᠡᠭᠦᠯᠬᠦ ᠬᠡᠷᠡᠭᠲᠡᠶ᠂ ᠶᠠᠭᠠᠬᠢᠭᠰᠠᠨ ᠴᠤ ᠲᠤᠭ᠎ᠠ ᠪᠠᠷᠢᠮᠲᠠ ᠶᠢᠨ ᠡᠷᠦᠶ ᠬᠤᠷᠤᠶ ᠥᠬᠡᠶ ᠦᠵᠡᠭᠳᠡᠯ ᠢ ᠭᠠᠷᠭᠠᠵᠤ ᠪᠣᠯᠬᠤ ᠥᠬᠡᠶ᠃ ᠭᠤᠷᠪᠠ ᠳᠤ᠂ ᠠᠵᠢᠯ ᠤᠨ ᠬᠤᠭᠤᠴᠠᠭ᠎ᠠ ᠶᠢ ᠵᠢᠭᠰᠠᠭᠠᠨ ᠲᠣᠬᠢᠷᠠᠭᠤᠯᠵᠤ᠂ ᠡᠭᠦᠷᠭᠡ ᠪᠠᠨ ᠲᠤᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ ᠣᠳᠣᠬᠠᠨ ᠳᠤ ᠳᠡᠭᠡᠭᠰᠢ ᠮᠡᠳᠡᠭᠦᠯᠬᠦ ᠪᠣᠯᠲᠠᠯ᠎ᠠ ᠪᠠᠰᠠ ᠨᠢᠭᠡ ᠭᠠᠷᠠᠭ ᠤᠨ ᠴᠠᠭ ᠪᠠᠶᠢᠨ᠎ᠠ᠂ ᠡᠯ᠎ᠡ ᠨᠢᠭᠡᠴᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠮᠠᠲ᠋ᠧᠷᠢᠶᠠᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠬᠠᠩᠭᠠᠵᠤ᠂ ︽ᠬᠤᠸᠠᠷ ᠬᠠᠳᠬᠤᠬᠤ︾  ᠤᠷ᠎ᠠ ᠴᠢᠳᠠᠪᠤᠷᠢ ᠶᠢ ᠦᠨᠡᠨ ᠬᠦ ᠭᠠᠷᠭᠠᠵᠤ᠂ ᠮᠠᠨ ᠤ ᠬᠤᠲᠠ ᠶᠢᠨ 2021 ᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠰᠢᠯᠭᠠᠯᠲᠠ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃  
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号