2021 ᠣᠨ ᠤ ᠬᠤᠸᠠᠷ ᠫᠤᠤᠵᠢᠩ ᠤᠨ ᠡᠵᠡᠩᠨᠡᠯᠲᠡ ︵ᠵᠢᠵᠢᠭᠯᠡᠨ ᠬᠤᠳᠠᠯᠳᠤᠬᠤ︶ ᠶᠢᠨ ᠨᠢᠭᠡᠴᠡ ᠶᠢᠨ ᠬᠠᠷᠢᠭᠤᠴᠠᠯᠭᠠᠲᠠᠨ ᠤ ᠠᠮᠤᠷ ᠲᠦᠪᠰᠢᠨ ᠤ ᠪᠤᠯᠪᠠᠰᠤᠷᠠᠯ ᠢ ᠡᠷᠭᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/14
ᠡᠯ᠎ᠡ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠸᠠᠷ ᠫᠤᠤᠵᠢᠩ  ᠤᠨ ᠡᠵᠡᠩᠨᠡᠯᠲᠡ ︵ᠵᠢᠵᠢᠭᠯᠡᠨ ᠬᠤᠳᠠᠯᠳᠤᠬᠤ︶ ᠭᠤᠶᠤᠴᠢᠯᠠᠬᠤ ᠨᠢᠭᠡᠴᠡ ᠳᠤ᠄       ᠬᠤᠸᠠᠷ ᠫᠤᠤᠵᠢᠩ ᠤᠨ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠬᠤᠸᠠᠷ ᠫᠤᠤᠵᠢᠩ ᠤᠨ ᠡᠵᠡᠩᠨᠡᠯᠲᠡ ︵ᠵᠢᠵᠢᠭᠯᠡᠨ ᠬᠤᠳᠠᠯᠳᠤᠬᠤ︶ ᠶᠢᠨ ᠳᠡᠯᠭᠡᠭᠦᠷ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ︽ᠠᠶᠤᠯᠭᠦᠢ ᠦᠢᠯᠡᠳᠪᠤᠷᠢᠯᠡᠯ ᠤᠨ ᠬᠠᠤᠯᠢ︾᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾᠂ ︽ᠬᠤᠸᠠᠷ ᠫᠤᠤᠵᠢᠩ ᠤᠨ ᠡᠵᠡᠩᠨᠡᠯᠲᠡ ᠶᠢᠨ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠰᠤᠳᠤᠯᠬᠤ ᠪᠠᠷ ᠳᠡᠮᠵᠢᠨ ᠪᠥᠬᠦ ᠬᠤᠲᠠ ᠶᠢᠨ ᠬᠤᠸᠠᠷ ᠫᠤᠤᠵᠢᠩ ᠤᠨ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠤᠨ ᠠᠩᠭᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄       ᠨᠢᠭᠡ᠂ ᠪᠤᠯᠪᠠᠰᠤᠷᠠᠯ ᠳᠤ ᠤᠷᠤᠯᠴᠠᠬᠤ ᠬᠦᠮᠦᠰ᠄ ᠪᠥᠬᠦ ᠬᠤᠲᠠ ᠶᠢᠨ ᠡᠯ᠎ᠡ ᠪᠠᠯᠭᠠᠰᠤ ᠵᠡᠭᠡᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢᠨ ᠬᠠᠷᠢᠭᠤᠴᠠᠯᠭᠠᠲᠠᠨ᠂ ᠬᠤᠸᠠᠷ ᠫᠤᠤᠵᠢᠩ ᠤᠨ ᠡᠵᠡᠩᠨᠡᠯᠳᠡ ︵ᠵᠢᠵᠢᠭᠯᠡᠨ ᠬᠤᠳᠠᠯᠳᠤᠬᠤ︶ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠸᠠᠷ ᠫᠤᠤᠵᠢᠩ ᠤᠨ ᠡᠵᠡᠩᠨᠡᠯᠳᠡ ︵ᠵᠢᠵᠢᠭᠯᠡᠨ ᠬᠤᠳᠠᠯᠳᠤᠬᠤ︶ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠃     ᠬᠤᠶᠠᠷ᠂ ᠪᠤᠯᠪᠠᠰᠤᠷᠠᠯ ᠡᠷᠬᠢᠯᠡᠬᠦ ᠴᠠᠭ ᠪᠠ ᠭᠠᠵᠠᠷ᠄ 1᠂ ᠪᠤᠯᠪᠠᠰᠤᠷᠠᠯ ᠡᠷᠬᠢᠯᠡᠬᠦ ᠴᠠᠭ᠄ 2021 ᠣᠨ ᠤ 10 ᠰᠠᠷ᠎ᠠ ᠶᠢᠨ 28 ᠤ ᠡᠳᠦᠷ᠂ ᠦᠳᠡ ᠶᠢᠨ ᠡᠮᠦᠨᠡᠬᠢ 9᠄ 00 ᠴᠠᠭ ᠲᠤ ᠵᠢᠩᠬᠢᠨᠢ ᠪᠠᠷ ᠬᠢᠴᠢᠶᠡᠯ ᠡᠬᠢᠯᠡᠨ᠎ᠡ᠃ 2. ᠪᠤᠯᠪᠠᠰᠤᠷᠠᠯ ᠳᠤ ᠨᠡᠷ᠎ᠡ ᠮᠡᠳᠡᠭᠦᠯᠬᠦ ᠭᠠᠵᠠᠷ᠄ ᠷᠠᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ᠷᠠᠰᠢᠶᠠᠨ ᠬᠤᠲᠠ ᠶᠢᠨ ᠸᠧᠨᠴᠢᠤᠸᠠᠨ ᠵᠡᠭᠡᠯᠢ ᠶᠢᠨ ᠢᠦᠶ ᠼᠠᠢ ᠵᠡᠭᠡᠯᠢ ᠶᠢᠨ 1 ᠳ᠋ᠤᠭᠡᠷ ᠨᠣᠮᠧᠷ︶᠃     ᠭᠤᠷᠪᠠ᠂ ᠪᠤᠯᠪᠠᠰᠤᠷᠠᠯ ᠤᠨ ᠠᠭᠤᠯᠭ᠎ᠠ ᠳᠤ ᠲᠤᠰᠬᠠᠶ ᠮᠡᠷᠭᠡᠵᠢᠯᠲᠡᠨ ᠢ ᠤᠷᠢᠵᠤ ︽ᠬᠤᠸᠠᠷ ᠫᠤᠤᠵᠢᠩ ᠤᠨ ᠦᠢᠯᠡᠳᠪᠤᠷᠢᠯᠡᠯ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ ᠤᠯᠤᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠷᠯᠢᠭ 93 ᠳ᠋ᠤᠭᠠᠷ ᠲᠣᠭᠠᠲᠤ︶᠂ ︽ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠡᠯᠭᠡᠭᠦᠷ ︵ᠴᠡᠭ︶ ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ︵AQ4128 — 2019︶ ᠢ ᠤᠬᠠᠭᠤᠯᠤᠨ ᠲᠠᠶᠢᠯᠪᠤᠷᠢᠯᠠᠵᠤ᠂ ᠬᠤᠸᠠᠷ ᠫᠤᠤᠵᠢᠩ ᠤᠨ ᠡᠵᠡᠩᠨᠡᠯᠲᠡ ᠶᠢᠨ ᠠᠮᠤᠷ ᠲᠦᠪᠰᠢᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠪᠠᠷᠢᠮᠵᠢᠶ᠎ᠠ ᠳᠤ ᠲᠠᠶᠢᠯᠤᠮᠵᠢ ᠬᠢᠵᠦ᠂ ᠬᠤᠸᠠᠷ ᠫᠤᠤᠵᠢᠩ ᠤᠨ ᠡ᠊ᠨᠳᠡᠯ ᠤᠨ ᠬᠡᠷᠡᠭ ᠤᠨ ᠵᠢᠱᠢᠶ᠎ᠡ ᠶᠢ ᠵᠠᠳᠠᠯᠤᠨ᠎ᠠ᠃    ᠳᠥᠷᠪᠡ᠂ ᠬᠤᠸᠠᠷ ᠫᠤᠤᠵᠢᠩ ᠤᠨ ᠡᠵᠡᠩᠨᠡᠯᠳᠡ ︵ᠵᠢᠵᠢᠭᠯᠡᠨ ᠬᠤᠳᠠᠯᠳᠤᠬᠤ︶ ᠶᠢᠨ ᠭᠤᠶᠤᠴᠢᠯᠠᠯ ᠭᠠᠷᠭᠠᠭᠰᠠᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠪᠢᠷ ᠤᠨ ᠰᠢᠯᠭᠠᠯᠲᠠ ᠬᠢᠵᠦ ᠬᠢᠨᠠᠨ ᠰᠢᠯᠭᠠᠨ᠎ᠠ᠂ ᠰᠢᠯᠭᠠᠯᠲᠠ ᠶᠢᠨ ᠬᠡᠯᠪᠡᠷᠢ ᠨᠢ ᠪᠢᠲᠡᠭᠦᠮᠵᠢᠯᠡᠭᠰᠡᠨ ᠰᠢᠯᠭᠠᠯᠲᠠ᠂ ᠰᠢᠯᠭᠠᠯᠲᠠ ᠶᠢᠨ ᠴᠠᠭ ᠨᠢ 60 ᠮᠢᠨᠦ᠋ᠲ ᠪᠣᠯᠤᠨ᠎ᠠ᠃ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠨᠡᠮᠯᠡᠯ ᠣᠯᠭᠤᠵᠤ ᠡᠵᠡᠩᠨᠡᠬᠦ ᠬᠢᠷᠢ ᠭᠡᠮ ᠲᠠᠢ ᠪᠣᠯᠤᠨ᠎ᠠ᠃    ᠲᠠᠪᠤ᠂ ᠬᠠᠮᠢᠶ᠎ᠠ ᠪᠥᠬᠦᠶ ᠱᠠᠭᠠᠷᠳᠠᠯᠭ᠎ᠠ 1᠂ ᠪᠣᠯᠪᠠᠰᠤᠷᠠᠯ ᠳᠤ ᠣᠷᠣᠯᠴᠠᠭᠰᠠᠳ ᠤᠨ ᠨᠡᠷ᠎ᠡ ᠮᠡᠳᠡᠬᠦᠯᠬᠦ ᠦᠶ᠎ᠡ  ᠶᠢᠨ ᠡᠷᠡᠭᠦᠯ ᠮᠡᠨᠳᠦ ᠶᠢᠨ ᠺᠣᠳ᠋ ᠨᠢ ᠨᠣᠭᠤᠭᠠᠨ ᠺᠣᠳ᠋ ᠪᠠᠶᠢᠬᠤ ᠬᠡᠷᠡᠭᠲᠡᠶ ᠪᠥᠭᠡᠳ ᠪᠡᠶ᠎ᠡ ᠶᠢᠨ ᠳᠤᠯᠠᠭᠠᠨ ᠢ ᠬᠡᠮᠵᠢᠬᠦ ᠳᠤ ᠬᠠᠮᠵᠢᠯᠴᠠᠵᠤ᠂ ᠱᠠᠭᠠᠷᠳᠠᠯᠭ᠎ᠠ ᠶᠣᠰᠣᠭᠠᠷ ᠠᠮᠠᠪᠴᠢ ᠪᠠᠨ ᠵᠡᠭᠦᠬᠦ ᠬᠡᠷᠡᠭᠲᠡᠶ᠃ ᠡᠷᠡᠭᠦᠯ ᠮᠡᠡᠳᠦ ᠶᠢᠨ ᠱᠠᠭᠠᠷᠳᠠᠯᠭ᠎ᠠ ᠳᠤ ᠨᠡᠶᠢᠴᠡᠬᠦ ᠤᠢᠭᠡᠢ ᠪᠣᠯ ᠪᠣᠯᠪᠠᠰᠤᠷᠠᠯ ᠳᠤ ᠣᠷᠣᠯᠴᠠᠵᠤ ᠪᠣᠯᠬᠤ ᠤᠢᠭᠡᠢ᠃ 2. ᠪᠤᠯᠪᠠᠰᠤᠷᠠᠯ ᠳᠤ ᠣᠷᠣᠯᠴᠠᠭᠰᠠᠳ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠨᠢᠭᠡ ᠢᠮᠠᠬᠤ ᠶᠢᠨ ᠬᠡᠷᠡᠯ ᠵᠢᠷᠤᠭ ᠢ 2 ᠬᠤᠪᠢ ᠬᠠᠩᠭᠠᠵᠤ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ 1 ᠬᠤᠪᠢ ᠬᠠᠩᠭᠠᠬᠤ ᠬᠡᠷᠡᠭᠲᠡᠶ᠃ 3. ᠡᠯ᠎ᠡ ᠪᠠᠯᠭᠠᠰᠤ ᠵᠡᠭᠡᠯᠢ ᠶᠢᠨ ᠪᠤᠶ ᠪᠦᠬᠦᠢ ᠪᠣᠯᠪᠠᠰᠤᠷᠠᠯ ᠳᠤ ᠣᠷᠣᠯᠴᠠᠭᠰᠠᠳ 15 ᠮᠢᠨᠦ᠋ᠲ ᠤᠨ ᠡᠮᠦᠨ᠎ᠡ ᠬᠦᠷᠴᠦ ᠢᠷᠡᠬᠦ ᠬᠡᠷᠡᠭᠳᠡᠢ᠂ ᠲᠤᠰ ᠤᠳᠠᠭᠠᠨ ᠤ ᠪᠣᠯᠪᠠᠰᠤᠷᠠᠯ ᠳᠤ ᠡᠷᠬᠡᠪᠰᠢ ᠡᠯ᠎ᠡ ᠡᠵᠡᠩᠨᠡᠯᠲᠡ ᠶᠢᠨ ᠳᠡᠯᠭᠡᠭᠦᠷ ᠤᠨ ᠭᠤᠣᠯ ᠬᠠᠷᠢᠭᠤᠴᠠᠯᠭᠠᠲᠠᠨ ᠣᠷᠣᠯᠴᠠᠬᠤ ᠬᠡᠷᠡᠭᠲᠡᠶ᠂ ᠬᠥᠮᠦᠨ ᠡᠷᠢᠵᠦ ᠣᠷᠣᠯᠠᠭᠤᠯᠵᠤ ᠪᠣᠯᠬᠤ ᠦᠭᠡᠶ᠂ ᠲᠤᠰ ᠬᠥᠮᠦᠨ ᠨᠢ ᠪᠣᠯᠪᠠᠰᠤᠷᠠᠯ ᠳᠤ ᠣᠷᠣᠯᠴᠠᠭᠰᠠᠨ ᠪᠢᠰᠢ ᠪᠣᠯ ᠦᠨᠡᠮᠯᠡᠯ ᠣᠯᠭᠤᠬᠤ ᠦᠭᠡᠶ᠃                                                      ᠷᠠᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ                                        2021 ᠣᠨ ᠤ 10 ᠰᠠᠷ᠎ᠠ ᠶᠢᠨ 11 ᠤ ᠡᠳᠦᠷ  
 
ᠢᠷᠡᠯᠲᠡ᠄ ᠷᠠᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号