ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2021/10/14
    2021 ᠣᠨ ᠤ 10 ᠰᠠᠷ᠎ᠠ ᠶᠢᠨ 13 ᠤ ᠡᠳᠦᠷ᠂ ᠡᠷᠢᠶᠡᠨ ᠬᠤᠲᠠ ᠶᠢᠨ ᠬᠢᠨ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ  ᠮᠡᠳᠡᠬᠦᠯᠵᠡᠢ᠃ ᠡᠪᠡᠳᠴᠢᠳᠡᠨ ᠨᠢ ᠡᠷᠢᠶᠡᠨ ᠬᠤᠲᠠ ᠶᠢᠨ ᠬᠤᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠠᠵᠢᠯᠲᠠᠨ ᠪᠣᠯᠤᠨ᠎ᠠ᠃ 10 ᠰᠠᠷ᠎ᠠ ᠶᠢᠨ 13 ᠤ ᠡᠳᠦᠷ ᠬᠤᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ  ᠪᠢᠳᠡᠬᠦᠮᠵᠢᠯᠡᠭᠰᠡᠨ ᠬᠠᠮᠢᠶᠠᠷᠤᠯᠲᠠ ᠶᠢᠨ 32 ᠠᠵᠢᠯᠲᠠᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠳᠤ᠂ ᠡᠭᠦᠨ ᠤ ᠳᠣᠲᠣᠷᠠᠬᠢ 1 ᠬᠥᠮᠦᠨ ᠨᠢ ᠠᠷᠭ᠎ᠠ ᠴᠢᠨᠠᠷᠲᠠᠶ᠂ ᠦᠯᠡᠳᠡᠭᠰᠡᠨ 31 ᠬᠥᠮᠦᠨ ᠨᠢ ᠪᠢᠯᠢᠭ ᠴᠢᠨᠠᠷᠲᠠᠶ ᠪᠠᠶᠢᠬᠤ ᠶᠢ ᠣᠯᠵᠤ ᠮᠡᠳᠡᠵᠡᠶ᠃ 10 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠰᠢᠯᠢ ᠶᠢᠨ ᠭᠤᠤᠯ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠠᠬᠢᠨ ᠮᠠᠭᠠᠳᠯᠠᠭᠰᠠᠨ ᠤ ᠳ᠋ᠦᠩ ᠳᠤ ᠮᠦᠨ ᠠᠷᠭ᠎ᠠ ᠴᠢᠨᠠᠷ ᠢᠯᠡᠷᠡᠯ᠎ᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ  ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠡᠪᠡᠳᠴᠢᠨ ᠤ ᠵᠢᠱᠢᠶ᠎ᠡ ᠪᠠᠷ ᠣᠨᠣᠰᠢᠯᠠᠵᠠᠶ᠃ ᠣᠳᠣᠬᠠᠨ ᠳᠤ᠂ ᠪᠥᠭᠡᠮ ᠬᠦᠴᠢᠯ ᠤᠨ ᠪᠠᠶᠢᠴᠠᠭᠠᠯᠲᠠ  ᠳᠤ ᠠᠷᠭ᠎ᠠ  ᠴᠢᠨᠠᠷ ᠢᠯᠡᠷᠡᠭᠰᠡᠨ ᠲᠡᠷᠡ ᠬᠦᠮᠦᠨ ᠢ ᠨᠢᠬᠡᠨᠳᠡ ᠡᠮᠨᠡᠯᠭᠡ  ᠳᠤ ᠬᠦᠷᠭᠡᠵᠦ᠂  ᠬᠠᠮᠢᠶ᠎ᠠ ᠪᠦᠬᠦᠢ ᠤᠶᠢᠷᠠᠳᠤᠬᠰᠠᠳ ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃    ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠡᠵᠡᠮᠳᠡᠬᠦ ᠪᠠ ᠪᠠᠭᠠᠰᠬᠠᠵᠤ᠂ ᠮᠠᠨ ᠤ ᠠᠶᠢᠮᠠᠭ ᠤᠨ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ 9 ᠰᠠᠷ᠎ᠠ ᠶᠢᠨ 29 ᠤ ᠡᠳᠦᠷ ᠠᠴᠠ ᠨᠠᠭᠠᠰᠢ ᠡᠷᠢᠶᠡᠨ ᠬᠤᠲᠠ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠮᠠᠨ ᠤ ᠠᠶᠢᠮᠠᠭ ᠲᠤ  ᠢᠷᠡᠭᠰᠡᠨ ︵ᠪᠤᠴᠠᠵᠤ ᠢᠷᠡᠭᠰᠡᠨ︶ ᠬᠥᠮᠦᠰ ᠬᠠᠮᠤᠭ ᠤᠨ  ᠲᠦᠷᠦᠬᠦᠨ ᠳᠤ ᠰᠠᠨᠠᠭᠠᠴᠢᠯᠠᠭ᠎ᠠ ᠠᠴᠠ ᠪᠠᠨ ᠰᠠᠭᠤᠵᠦ ᠪᠠᠶᠢᠭ᠎ᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ  ᠪᠠᠶᠢᠭᠤᠯᠭ᠎ᠠ ᠨᠢᠭᠡᠴᠡ ᠳᠤ   ᠪᠠᠨ ᠮᠡᠳᠡᠭᠦᠯᠦᠨ ᠳᠠᠩᠰᠠᠯᠠᠭᠤᠯᠵᠤ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠬᠢᠯᠬᠡᠬᠦ ᠬᠡᠷᠡᠭᠳᠡᠢ᠃ ᠬᠠᠷᠢᠶ᠎ᠠ ᠭᠠᠵᠠᠷ ᠤᠨ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠲᠠᠢ ᠬᠠᠮᠵᠢᠯᠴᠠᠨ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃     ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠨᠢ ᠳᠠᠷᠤᠶ ᠲᠦᠷᠭᠡᠨ ᠡᠷᠢᠶᠡᠨ ᠬᠤᠲᠠ ᠠᠴᠠ ᠮᠠᠨ ᠤ ᠠᠶᠢᠮᠠᠭ ᠲᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠪᠠᠶᠢᠴᠠᠭᠠᠨ ᠳᠡᠩᠰᠡᠯᠡᠯᠲᠡ ᠬᠢᠵᠦ᠂ ᠡᠷᠡᠭᠦᠯ ᠮᠡᠨᠳᠦ ᠶᠢ ᠨᠢ ᠬᠢᠨᠠᠨ ᠬᠡᠮᠵᠢᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ  ᠬᠢᠯᠬᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠨᠤᠭᠤᠳ ᠰᠠᠨᠠᠭᠠᠴᠢᠯᠠᠭ᠎ᠠ ᠠᠴᠠ ᠪᠠᠨ ᠰᠢᠯᠭᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠲᠣᠰ ᠨᠢᠭᠡᠴᠡ ᠶᠢᠨ ᠠᠵᠢᠯᠲᠠᠨ ᠵᠢᠴᠢ ᠬᠡᠷ ᠪᠦᠯᠢ ᠶᠢᠨ ᠬᠦᠮᠦᠰ ᠨᠢ ᠡᠷᠢᠶᠡᠨ ᠬᠤᠲᠠ ᠳᠤ ᠬᠦᠷᠴᠦ ᠥᠩᠭᠡᠷᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠮᠡᠳᠡᠭᠦᠯᠬᠦ ᠬᠡᠷᠡᠭᠲᠡᠶ᠃                                                       2021 ᠣᠨ ᠤ 10 ᠰᠠᠷ᠎ᠠ ᠶᠢᠨ 14 ᠤ ᠡᠳᠦᠷ  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号