| 10 ᠰᠠᠷ᠎ᠠ ᠶᠢᠨ 12 ᠤᠨ ᠡᠳᠦᠷ᠂ ᠮᠠᠨ ᠤ ᠭᠠᠵᠠᠷ ᠣᠷᠣᠨ ᠤ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ | ᠴᠠᠷᠠᠭ᠎ᠠ ᠶᠢᠨ ᠭᠠᠵᠠᠷ ᠤᠨ ᠪᠠᠶᠢᠴᠠ ᠵᠢᠴᠢ ᠣᠷᠴᠢᠨ ᠲᠣᠭᠤᠷᠢᠨ ᠨᠡᠯᠢᠶᠡᠳ ᠪᠤᠳᠤᠯᠢᠶᠠᠨᠲᠠᠶ ᠠᠴᠠ᠂ ᠬᠡᠰᠡᠭ ᠭᠠᠵᠠᠷ | ᠨᠢ ᠬᠥᠮᠦᠨ ᠤ ᠬᠦᠴᠦ ᠪᠠᠷ᠂ ᠮᠠᠰᠢᠨ ᠢᠶᠠᠷ ᠴᠥᠮ ᠪᠡᠶᠡᠯᠡᠭᠦᠯᠬᠦ ᠶᠢᠨ ᠠᠷᠭ᠎ᠠ ᠥᠬᠡᠶ᠂ ᠡᠨᠡ ᠨᠠᠮᠤᠷ ᠢᠷᠡᠬᠦ | ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠡᠭᠦᠰᠬᠦ ᠵᠢᠴᠢ ᠬᠢᠯᠢ ᠶᠢᠨ ᠭᠠᠳᠠᠨᠠᠬᠢ | ᠭᠠᠯ ᠲᠦᠢᠮᠡᠷ ᠤᠨ ᠲᠦᠷᠢᠯᠳᠡ ᠶᠢ ᠰᠡᠷᠭᠡᠶᠢᠯᠡᠨ᠂ ᠣᠳᠣᠬᠠᠨ ᠤ ᠬᠦᠨᠳᠦ ᠨᠣᠴᠢᠲᠠᠶ ᠭᠠᠯ ᠲᠦᠢᠮᠡᠷ ᠢ ᠰᠡᠷᠭᠡᠶᠢᠯᠡᠬᠦ | ᠪᠠᠶᠢᠳᠠᠯ ᠢ ᠪᠦᠲᠦᠮᠵᠢᠲᠡᠶ ᠠᠷᠭᠠᠴᠠᠭᠠᠵᠤ᠂ ᠰᠢᠲᠠᠮᠠᠬᠠᠶ ᠪᠣᠳᠠᠰ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠭᠠᠯ | ᠲᠦᠢᠮᠡᠷ ᠤᠨ ᠭᠠᠮᠰᠢᠭ ᠡᠭᠦᠰᠬᠦ ᠨᠣᠷᠮ᠎ᠠ ᠶᠢ ᠪᠠᠭᠤᠷᠠᠭᠤᠯᠬᠤ ᠶᠢᠨ ᠲᠥᠯᠥᠭᠡ᠂ ᠬᠤᠲᠠ ᠶᠢᠨ ᠣᠶ ᠰᠢᠭᠤᠶ ᠬᠢᠭᠡᠳ | ᠨᠤᠳᠤᠭ ᠪᠡᠯᠴᠢᠭᠡᠷ ᠤᠨ ᠲᠣᠪᠴᠢᠶ᠎ᠠ ᠠᠴᠠ ᠤᠯᠤᠰ ᠤᠨ ᠬᠢᠯᠢ ᠶᠢᠨ ᠭᠠᠯ ᠲᠦᠢᠮᠡᠷ ᠢ ᠰᠡᠷᠭᠡᠶᠢᠯᠡᠬᠦ ᠴᠠᠷᠠᠭ᠎ᠠ ᠭᠠᠷᠭᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠣᠰ ᠤᠳᠠᠭᠠᠨ ᠤ ᠴᠠᠷᠠᠭ᠎ᠠ ᠭᠠᠷᠭᠠᠬᠤ ᠠᠵᠢᠯ ᠳᠤ ᠬᠤᠲᠠ ᠶᠢᠨ ᠣᠶ ᠰᠢᠭᠤᠶ ᠬᠢᠭᠡᠳ ᠨᠤᠳᠤᠭ ᠪᠡᠯᠴᠢᠭᠡᠷ ᠤᠨ | ᠲᠣᠪᠴᠢᠶ᠎ᠠ ᠠᠴᠠ ᠭᠠᠯ ᠰᠡᠷᠭᠡᠶᠢᠯᠡᠵᠦ ᠤᠨᠲᠠᠷᠠᠭᠠᠬᠤ ᠲᠤᠰᠬᠠᠶ ᠠᠩᠭᠢ ᠶᠢᠨ ᠭᠡᠰᠢᠭᠦᠨ᠂ ᠭᠠᠯ ᠰᠡᠷᠭᠡᠶᠢᠯᠡᠵᠦ | ᠤᠨᠲᠠᠷᠠᠭᠠᠬᠤ ᠬᠠᠭᠠᠰ ᠲᠤᠰᠬᠠᠶ ᠠᠩᠭᠢ ᠶᠢᠨ ᠭᠡᠰᠢᠭᠦᠨ ᠨᠡᠶᠢᠲᠡ 80 ᠬᠥᠮᠦᠨ ᠢ ᠵᠣᠬᠢᠶᠠᠨ ᠪᠠᠶᠢᠭᠤᠯᠵᠤ᠂ 11 | ᠮᠠᠰᠢᠨ ᠲᠡᠷᠭᠡ᠂ 40 ᠭᠠᠷᠤᠶ ᠭᠠᠯ ᠰᠡᠷᠭᠡᠶᠢᠯᠡᠵᠦ ᠤᠨᠲᠠᠷᠠᠭᠠᠬᠤ ᠮᠠᠰᠢᠨ ᠪᠠᠭᠠᠵᠢ᠂ 70 ᠭᠠᠷᠤᠶ ᠴᠡᠪᠡᠷᠯᠡᠬᠦ ᠪᠠᠭᠠᠵᠢ | ᠬᠡᠷᠡᠭᠰᠡᠯ ᠢ ᠬᠥᠳᠡᠯᠭᠡᠵᠦ᠂ 10 ᠴᠠᠭ ᠰᠢᠬᠠᠮ ᠠᠵᠢᠯᠯᠠᠵᠤ ᠵᠠᠮ ᠳᠠᠭᠠᠤ ᠶᠢᠨ 10 ᠭᠠᠷᠤᠶ ᠺᠢᠯᠣᠮᠧᠲᠷ ᠭᠠᠵᠠᠷ ᠲᠤ | 700 ᠭᠠᠷᠤᠶ ᠮᠥ ᠶᠢ ᠬᠥᠮᠦᠨ ᠤ ᠬᠦᠴᠦ ᠪᠠᠷ ᠭᠠᠯᠳᠠᠬᠤ ᠳᠤ ᠬᠦᠴᠢᠷᠳᠡᠢ ᠭᠠᠵᠠᠷ ᠢ ᠭᠠᠯᠳᠠᠭᠰᠠᠨ ᠪᠠᠶᠢᠨ᠎ᠠ᠃ | ᠣᠷᠣᠶ ᠶᠢᠨ 22 ᠴᠠᠭ ᠲᠤ ᠠᠵᠢᠯᠲᠠᠳ ᠠᠴᠠ ᠢᠯᠡ ᠭᠠᠯ ᠦᠭᠡᠶ᠂ ᠤᠲᠤᠭ᠎ᠠ ᠦᠭᠡᠶ᠂ ᠳᠠᠯᠳᠠ ᠬᠡᠮ ᠦᠭᠡᠶ | ᠪᠤᠯᠤᠭᠰᠠᠨ ᠢ ᠨᠤᠲᠠᠯᠠᠭᠰᠠᠨ ᠤ ᠳᠠᠷᠠᠭ᠎ᠠ ᠰᠠᠶ᠋ᠢ ᠲᠠᠯᠠᠪᠤᠷ ᠠᠴᠠ ᠤᠬᠤᠷᠢᠨ ᠭᠠᠷᠴᠤ᠂ ᠲᠤᠰ ᠤᠳᠠᠭᠠᠨ ᠤ ᠴᠠᠷᠠᠭ᠎ᠠ | ᠭᠠᠷᠭᠠᠬᠤ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠬᠦᠯᠪᠡ᠃ | ᠲᠣᠰ ᠤᠳᠠᠭᠠᠨ ᠤ ᠴᠠᠷᠠᠭ᠎ᠠ ᠭᠠᠷᠭᠠᠬᠤ ᠠᠵᠢᠯ ᠢᠶᠠᠷ ᠳᠡᠮᠵᠢᠨ᠂ ᠬᠢᠯᠢ ᠶᠢᠨ ᠭᠠᠳᠠᠨᠠᠬᠢ ᠭᠠᠯ ᠲᠦᠢᠮᠡᠷ ᠤᠨ | ᠲᠦᠷᠢᠯᠲᠡ ᠶᠢ ᠪᠦᠲᠦᠮᠵᠢᠲᠡᠶ ᠰᠡᠷᠭᠡᠶᠢᠯᠡᠵᠦ᠂ ᠮᠠᠨ ᠤ ᠣᠷᠣᠨ ᠤ ᠨᠠᠮᠤᠷ ᠡᠪᠦᠯ ᠵᠢᠴᠢ ᠢᠷᠡᠬᠦ ᠬᠠᠪᠤᠷ ᠤᠨ ᠭᠠᠯ | ᠲᠦᠢᠮᠡᠷ ᠤᠨ ᠭᠠᠮᠰᠢᠭ ᠡᠭᠦᠰᠬᠦ ᠨᠣᠷᠮ᠎ᠠ ᠶᠢ ᠪᠠᠭᠤᠷᠠᠭᠤᠯᠵᠤ᠂ ᠭᠤᠤᠯᠳᠠᠯᠭ᠎ᠠ ᠲᠠᠢ ᠣᠶᠢᠲᠤ ᠣᠷᠣᠨ ᠪᠠ | ᠭᠤᠤᠯᠳᠠᠯᠭ᠎ᠠ ᠲᠠᠢ ᠬᠢᠯᠢ ᠬᠢᠵᠠᠭᠠᠷ ᠤᠨ ᠭᠠᠵᠠᠷ ᠣᠷᠣᠨ ᠤ ᠬᠢᠯᠢ ᠶᠢᠨ ᠭᠠᠳᠠᠨᠠᠬᠢ ᠭᠠᠯ ᠲᠦᠢᠮᠡᠷ ᠤᠨ | ᠲᠦᠷᠢᠯᠲᠡ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠡᠭᠦᠰᠬᠦ ᠳᠠᠯᠳᠠ ᠬᠡᠮ ᠢ | ᠶᠡᠭᠡ ᠪᠠᠷ ᠪᠠᠭᠠᠰᠬᠠᠪᠠ᠃ ᠡᠭᠦᠨ ᠤ ᠬᠠᠮᠲᠤ ᠪᠠᠰᠠ ᠴᠡᠷᠢᠭ ᠠᠩᠭᠢ ᠪᠠᠨ ᠳᠠᠪᠲᠠᠨ ᠪᠣᠯᠪᠠᠰᠤᠷᠠᠭᠤᠯᠵᠤ᠂ ᠭᠠᠯ | ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃ |