ᠰᠢᠨ ᠴᠧᠩ ᠵᠡᠭᠡᠯᠢ ᠬᠢᠭᠡᠳ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠵᠢᠩ ᠱᠠᠨ ᠵᠡᠭᠡᠯᠢ ᠲᠠᠢ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠠᠵᠢᠯ ᠦᠷᠨᠢᠭᠦᠯᠵᠡᠢ
ᠨᠡᠶᠢᠲᠡᠯᠡᠭᠰᠡᠨ ᠴᠠᠭ᠄
2021/10/15
   ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠥᠷᠨᠢᠭᠦᠯᠬᠦ ᠶᠢᠨ ᠲᠥᠯᠥᠭᠡ᠂ 10 ᠰᠠᠷ᠎ᠠ ᠶᠢᠨ 12 ᠤᠨ ᠦᠳᠡ ᠶᠢᠨ ᠬᠤᠶᠢᠨ᠎ᠠ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠵᠤᠤ ᠰᠢᠶᠤᠤ ᠭᠤᠸᠠᠩ ᠨᠠᠷ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ ᠵᠢᠩ ᠱᠠᠨ ᠵᠡᠭᠡᠯᠢ ᠳᠤ ᠬᠦᠷᠴᠦ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠤᠨ ᠵᠣᠯᠭᠠᠭᠤᠯᠤᠨ ᠳᠡᠮᠵᠢᠵᠦ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠠᠵᠢᠯ ᠢ ᠥᠷᠨᠢᠭᠦᠯᠵᠡᠢ᠃ ᠳ᠋ᠦᠩ ᠴᠧᠩ ᠲᠣᠭᠤᠷᠢᠭ ᠤᠨ ᠭᠠᠳᠠᠭᠠᠳᠤ ᠬᠤᠯᠪᠣᠭᠠᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠦ᠋ ᠬᠤᠩ᠂ ᠳ᠋ᠦᠩ ᠴᠧᠩ ᠲᠣᠭᠤᠷᠢᠭ ᠤᠨ ᠵᠢᠩᠱᠠᠨ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠴᠧᠨ ᠵᠢᠶᠦ᠋ᠨ ᠵᠢᠴᠢ ᠤᠳᠤᠷᠢᠳᠬᠤ ᠪᠠᠭ ᠵᠣᠯᠭᠠᠭᠤᠯᠤᠨ ᠳᠡᠮᠵᠢᠵᠦ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃   ᠶᠠᠷᠢᠯᠴᠠᠬᠤ ᠬᠤᠷᠠᠯ ᠳᠡᠭᠡᠷ᠎ᠡ᠂ ᠵᠢᠩ ᠱᠠᠨ ᠵᠡᠭᠡᠯᠢ ᠶᠢᠨ ᠤᠳᠤᠷᠢᠳᠤᠯᠭ᠎ᠠ ᠤᠢᠢᠷ᠎ᠠ ᠶᠢᠨ ᠵᠢᠯ ᠤᠨ  ᠵᠢᠩ ᠱᠠᠨ ᠵᠡᠭᠡᠯᠢ ᠶᠢᠨ ᠡᠯ᠎ᠡ ᠵᠦᠢᠯ ᠤᠨ ᠠᠵᠢᠯ ᠵᠢᠴᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠤᠶᠢᠰᠢᠳᠠ ᠶᠢᠨ ᠬᠤᠶᠠᠷ ᠭᠠᠵᠠᠷ ᠤᠨ ᠵᠡᠭᠡᠯᠢ ᠶᠢᠨ ᠬᠠᠮᠲᠤ ᠶᠢᠨ ᠪᠦᠳᠦᠭᠡᠨ ᠪᠠᠶᠢᠭᠤᠯᠤᠯᠲᠠ ᠶᠢᠨ ᠬᠠᠮᠵᠢᠯᠴᠠᠭ᠎ᠠ ᠶᠢᠨ ᠲᠤᠬᠠᠢ ᠬᠠᠶᠢᠨ ᠰᠦᠪᠡᠭᠴᠢᠯᠡᠯᠳᠡ ᠬᠢᠵᠦ ᠰᠠᠨᠠᠯ ᠢᠶᠠᠨ ᠰᠣᠯᠢᠯᠴᠠᠪᠠ᠃ ᠰᠢᠨ ᠴᠧᠩ ᠵᠡᠭᠡᠯᠢ ᠶᠢᠨ ᠤᠳᠤᠷᠢᠳᠤᠯᠭ᠎ᠠ ᠶᠠᠭᠤᠨ ᠤ ᠡᠮᠦᠨ᠎ᠡ  ᠵᠢᠩ ᠱᠠᠨ ᠵᠡᠭᠡᠯᠢ ᠶᠢᠨ ᠬᠠᠪᠰᠤᠷᠤᠨ ᠲᠡᠳᠬᠦᠬᠦ ᠠᠵᠢᠯ ᠳᠤ ᠲᠠᠯᠠᠷᠬᠠᠵᠤ᠂ ᠡᠭᠦᠨ ᠤ ᠬᠠᠮᠲᠤ ᠰᠢᠨ ᠴᠧᠩ ᠵᠡᠭᠡᠯᠢ ᠶᠢᠨ ᠬᠠᠪᠰᠤᠷᠤᠨ ᠲᠡᠳᠬᠦᠬᠦ ᠠᠵᠢᠯ ᠪᠣᠯᠤᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ ᠶᠢ ᠲᠣᠪᠴᠢ ᠲᠠᠨᠢᠯᠴᠠᠭᠤᠯᠵᠤ᠂ ᠠᠵᠤ ᠦᠢᠯᠡᠰ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠶᠢᠨ ᠪᠣᠯᠪᠠᠰᠤᠷᠠᠯ ᠪᠣᠯᠤᠨ ᠬᠥᠳᠡᠯᠮᠦᠷᠢ ᠬᠦᠴᠦᠨ ᠤ ᠭᠠᠷᠭᠠᠯᠭ᠎ᠠ ᠶᠢ ᠪᠡᠶᠡᠯᠡᠭᠦᠯᠬᠦ ᠲᠠᠯ᠎ᠠ ᠪᠠᠷ ᠦᠷᠭᠦᠯᠵᠢᠯᠡᠨ ᠬᠠᠮᠵᠢᠯᠴᠠᠵᠤ᠂ ᠷᠠᠰᠢᠶᠠᠨ ᠤ ᠪᠦᠬᠦ ᠣᠷᠣᠨ ᠪᠦᠰᠡ ᠶᠢᠨ ᠵᠤᠭᠠᠴᠠᠯ ᠤᠨ ᠲᠥᠯᠥᠪᠵᠢᠭᠦᠯᠭᠡ ᠶᠢᠨ ᠴᠢᠭᠯᠡᠯ ᠲᠠᠢ ᠤᠶᠠᠯᠳᠤᠭᠤᠯᠵᠤ᠂ ᠪᠣᠬᠢᠷᠲᠤᠯ ᠦᠭᠡᠢ ᠪᠦᠲᠦᠭᠡᠭᠳᠡᠬᠦᠨ ᠤ ᠲᠦᠷᠦᠯ ᠲᠡᠮᠳᠡᠭ ᠤᠨ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠬᠦ ᠲᠠᠯ᠎ᠠ ᠪᠠᠷ ᠬᠠᠮᠵᠢᠯᠴᠠᠬᠤ ᠰᠡᠳᠬᠢᠴᠡ ᠪᠠᠨ ᠰᠦᠪᠡᠭᠴᠢᠯᠡᠵᠡᠢ᠃ ᠵᠢᠩ ᠱᠠᠨ ᠵᠡᠭᠡᠯᠢ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠪᠰᠤᠷᠤᠨ ᠲᠡᠳᠬᠦᠬᠦ ᠲᠥᠰᠦᠯ ᠭᠠᠷᠭᠠᠵᠤ᠂ ᠬᠤᠶᠠᠷ ᠭᠠᠵᠠᠷ ᠤᠨ ᠵᠡᠭᠡᠯᠢ ᠶᠢᠨ ᠬᠠᠮᠵᠢᠯᠴᠠᠭ᠎ᠠ ᠶᠢᠨ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠬᠤᠶᠠᠷ ᠲᠠᠯ᠎ᠠ ᠶᠢᠨ ᠬᠤᠷᠠᠯ ᠳᠤ ᠣᠷᠣᠯᠴᠠᠭᠰᠠᠨ ᠬᠥᠮᠦᠰ ᠨᠠᠮ ᠤᠨ ᠪᠠᠶᠢᠭᠤᠯᠤᠯᠲᠠ᠂ ᠠᠮᠤᠷ ᠲᠦᠪᠰᠢᠨ ᠤ ᠪᠠᠶᠢᠭᠤᠯᠤᠯᠲᠠ᠂ ᠮᠤᠵᠢ ᠬᠤᠳᠠ ᠠᠯᠤᠰᠯᠠᠭᠰᠠᠨ ᠨᠥᠬᠦᠷᠰᠡᠭ ᠵᠡᠭᠡᠯᠢ ᠶᠢᠨ ᠶᠠᠷᠢᠶᠠᠨ ᠤ ᠲᠠᠪᠴᠠᠩ ᠢ ᠡᠷᠬᠢᠯᠡᠬᠦ ᠶᠠᠪᠤᠳᠠᠯ ᠵᠢᠴᠢ ᠵᠡᠭᠡᠯᠢ ᠭᠤᠳᠤᠮᠵᠢ ᠶᠢᠨ ᠬᠥᠭᠵᠢᠯᠲᠡ ᠶᠢᠨ ᠴᠢᠭᠯᠡᠯ ᠤᠨ ᠲᠤᠬᠠᠢ ᠰᠠᠨᠠᠯ ᠢᠶᠠᠨ ᠰᠤᠯᠢᠯᠴᠠᠵᠠᠢ᠃ ᠬᠠᠮᠤᠭ ᠰᠡᠭᠦᠯ ᠳᠤ ᠬᠤᠶᠠᠷ ᠲᠠᠯ᠎ᠠ ᠶᠢᠨ ᠤᠳᠤᠷᠢᠳᠤᠯᠭ᠎ᠠ ︽ ᠵᠢᠩ ᠱᠠᠨ ᠵᠡᠭᠡᠯᠢ ᠵᠢᠴᠢ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭᠠᠨ ᠤ ᠵᠥᠪᠯᠡᠯᠴᠡᠭᠡᠷ︾ ᠲᠣᠭᠲᠠᠭᠰᠠᠨ ᠪᠥᠭᠡᠳ ᠶᠠᠳᠠᠭᠤ ᠶᠢ ᠲᠡᠳᠬᠦᠬᠦ ᠲᠦᠷᠦᠯ ᠵᠦᠢᠯ ᠤᠨ ᠵᠣᠭᠤᠰ ᠬᠠᠨᠳᠢᠪᠯᠠᠬᠤ ᠶᠣᠰᠣᠯᠠᠯ ᠶᠠᠪᠤᠭᠤᠯᠵᠠᠢ᠃  ᠳᠠᠷᠠᠭᠠᠴᠢ ᠶᠢᠨ ᠠᠯᠬᠤᠮ ᠳᠤ᠂ ᠰᠢᠨ ᠴᠧᠩ ᠵᠡᠭᠡᠯᠢ ᠪᠣᠯᠤᠨ  ᠵᠢᠩ ᠱᠠᠨ ᠵᠡᠭᠡᠯᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠬᠠᠮᠲᠤᠷᠠᠯᠴᠠᠵᠤ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠪᠦᠬᠦ ᠲᠠᠯ᠎ᠠ ᠶᠢᠨ᠂ ᠤᠯᠠᠨ ᠬᠦᠷᠢᠶ᠎ᠡ ᠴᠠᠷᠠᠭ᠎ᠠ  ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠮᠲᠤᠪᠠᠷ ᠴᠡᠴᠡᠭᠯᠡᠨ ᠬᠥᠭᠵᠢᠵᠦ ᠶᠠᠳᠠᠭᠤ ᠶᠢ ᠲᠡᠳᠬᠦᠬᠦ ᠬᠠᠮᠵᠢᠯᠴᠠᠭᠠᠨ ᠤ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠡᠶᠡᠯᠡᠬᠦᠯᠬᠦ ᠪᠤᠯᠤᠨ᠎ᠠ᠃  
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号