ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠬᠤᠳᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠠᠢ ᠬᠠᠮᠲᠤᠷᠠᠨ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠵᠦ  ᠨᠠᠰᠤᠲᠠᠨ ᠤ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/10/15
  ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠴᠢᠨᠠᠭᠰᠢᠳᠠ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 14 ᠤ ᠦᠳᠡ ᠶᠢᠨ ᠡᠮᠦᠨ᠎ᠡ᠂  ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠷᠠᠰᠢᠶᠠᠨ ᠬᠤᠳᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠠᠢ ᠬᠠᠮᠲᠤᠷᠠᠨ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠵᠦ᠂ ᠨᠠᠰᠤᠲᠠᠨ ᠤ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠡᠢ᠃   ᠨᠡᠶᠢᠭᠡᠮ ᠲᠣᠭᠤᠷᠢᠭ ᠤᠨ ᠠᠵᠢᠯᠲᠠᠳ ᠤᠨ ᠳᠠᠭᠠᠭᠤᠯᠭ᠎ᠠ ᠪᠠᠷ᠂ ᠬᠤᠳᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠪᠣᠯᠤᠨ ᠬᠡᠦᠬᠡᠳ ᠤᠳ ᠭᠤᠤᠨᠢ ᠭᠠᠭᠴᠠᠭᠠᠷ ᠰᠠᠭᠤᠭ᠎ᠠ 2 ᠨᠠᠰᠤᠲᠠᠨ ᠤ ᠭᠡᠷ ᠲᠤ ᠬᠦᠷᠴᠦ᠂  ᠭᠤᠤᠨᠢ ᠭᠠᠭᠴᠠᠭᠠᠷ ᠰᠠᠭᠤᠭ᠎ᠠ ᠨᠠᠰᠤᠲᠠᠨ ᠳᠤ ︽ᠮᠢᠨᠦ ᠶᠡᠭᠡ ᠳᠤᠮᠳᠠᠳᠤ ᠤᠯᠤᠰ︾ ᠭᠡᠬᠦ ᠳᠠᠭᠤᠤ ᠶᠢ ᠳᠡᠪᠰᠢᠭᠦᠯᠵᠦ᠂ ᠪᠠᠭᠰᠢ ᠪᠣᠯᠤᠨ ᠬᠡᠦᠬᠡᠳ ᠤᠳ ᠬᠠᠩᠭᠢᠨᠠᠮ᠎ᠠ ᠰᠠᠶᠢᠬᠠᠨ ᠳᠠᠭᠤᠤ ᠪᠠᠷ ᠨᠠᠰᠤᠲᠠᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠲᠠᠷᠠᠭ᠎ᠠ ᠳᠤᠨᠢ᠂ ᠤᠯᠠᠨ ᠢᠶᠠᠷ ᠢᠶᠠᠨ ᠨᠠᠰᠤᠲᠠᠶᠢᠴᠤᠳ ᠲᠠᠢ ᠳᠤᠳᠤᠨᠤᠰᠤᠭ ᠶᠠᠷᠢᠯᠴᠠᠵᠤ᠂ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠶᠢᠴᠤᠳ ᠲᠤ ᠬᠡᠷᠪᠡ ᠬᠦᠴᠢᠷᠳᠡᠯ ᠲᠠᠢ ᠪᠣᠯ ᠴᠠᠭ ᠲᠤᠬᠠᠢ ᠳᠤᠨᠢ ᠨᠡᠶᠢᠭᠡᠮ ᠲᠣᠭᠤᠷᠢᠭ ᠪᠣᠯᠤᠨ ᠬᠡᠦᠬᠡᠳ ᠤᠨ ᠴᠡᠴᠡᠷᠯᠢᠭ ᠲᠠᠢ ᠬᠠᠷᠢᠯᠴᠠᠪᠠᠯ᠂ ᠪᠢᠳᠡ ᠯᠠᠪᠲᠠᠢ ᠪᠦᠬᠦ ᠬᠦᠴᠦᠨ ᠢᠶᠠᠷ ᠢᠶᠠᠨ ᠬᠠᠪᠰᠤᠷᠤᠯᠭ᠎ᠠ ᠦᠵᠡᠭᠦᠯᠦᠨ᠎ᠡ ᠭᠡᠵᠦ ᠵᠠᠬᠢᠪᠠ᠃   ᠬᠠᠯᠠᠭᠤᠨ ᠳᠣᠲᠣᠨᠣ ᠮᠡᠨᠳᠦᠴᠢᠯᠡᠯ ᠪᠠ ᠵᠥᠩᠨᠡᠯ ᠪᠦᠬᠦᠨ ᠳᠤ ᠨᠠᠰᠤᠲᠠᠨ ᠢᠶᠠᠨ ᠬᠦᠨᠳᠦᠯᠡᠬᠦ ᠰᠡᠳᠬᠢᠯᠭᠡ ᠪᠢᠯᠬᠠᠵᠤ ᠂ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠶᠢ ᠦᠨᠡᠨ ᠬᠦ ᠬᠦᠷᠳᠡᠬᠡᠵᠡᠢ᠃ ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠳᠭᠡᠬᠦ᠂ ᠨᠠᠰᠤᠲᠠᠨ ᠢᠶᠠᠨ ᠬᠠᠪᠰᠤᠷᠬᠤ ᠰᠢᠯᠢᠳᠡᠭ ᠬᠡᠪ ᠰᠤᠷᠲᠠᠯ ᠢ ᠤᠯᠠᠮ ᠴᠢᠨᠠᠭᠰᠢᠳᠠ ᠰᠠᠨᠠᠭᠠᠴᠢᠯᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠪᠣᠯᠤᠨ᠎ᠠ᠃  
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号