ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠨ  ᠨᠠᠰᠤᠲᠠᠶᠢᠴᠤᠳ ᠢ  ᠬᠠᠪᠰᠤᠷᠴᠤ ᠬᠠᠯᠠᠭᠤᠨ ᠲᠤᠯᠠᠭᠠᠨ ᠢ ᠬᠦᠷᠭᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2021/10/15
  ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠳᠭᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠶᠢᠨ ᠲᠥᠯᠥᠭᠡ᠂ 10 ᠰᠠᠷ᠎ᠠ ᠶᠢᠨ 14 ᠤ ᠡᠳᠦᠷ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ  ᠾᠧ ᠫᠢᠩ ᠨᠡᠶᠢᠭᠡᠮ ᠲᠣᠭᠤᠷᠢᠭ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠳᠠᠳ ᠲᠠᠢ ᠬᠠᠮᠲᠤᠷᠠᠨ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠨ  ᠨᠠᠰᠤᠲᠠᠶᠢᠴᠤᠳ ᠢ  ᠬᠠᠪᠰᠤᠷᠴᠤ ᠬᠠᠯᠠᠭᠤᠨ ᠲᠤᠯᠠᠭᠠᠨ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 3 ᠨᠠᠰᠤᠲᠠᠨ ᠳᠤ ᠬᠠᠨᠢ ᠪᠣᠯᠵᠣ ᠪᠠᠶᠠᠷ ᠤᠨ ᠡᠳᠦᠷ ᠢ ᠪᠡᠯᠭᠡᠯᠡᠵᠦ᠂ ᠬᠠᠶᠢᠷ᠎ᠠ ᠬᠠᠯᠠᠮᠵᠢ ᠬᠦᠷᠳᠡᠭᠡᠪᠡ᠃  ᠨᠡᠶᠢᠭᠡᠮ ᠲᠣᠭᠤᠷᠢᠭ ᠤᠨ ᠬᠥᠮᠦᠰ ᠪᠣᠯᠤᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠶᠢᠨ ᠳᠤᠷ᠎ᠠ  ᠶᠢᠨ ᠠᠵᠢᠯᠳᠠᠳ  ᠲᠤᠬᠤᠨᠢᠭᠤᠯᠭ᠎ᠠ ᠶᠢᠨ ᠪᠣᠳᠠᠰ ᠠᠪᠴᠤ ᠨᠡᠶᠢᠭᠡᠮ ᠲᠣᠭᠤᠷᠢᠭ ᠤᠨ ᠥᠨᠳᠥᠷ ᠨᠠᠰᠤᠲᠠᠢ ᠨᠠᠰᠤᠲᠠᠳ ᠤ ᠭᠡᠷ ᠲᠤ ᠬᠦᠷᠴᠦ᠂ ᠨᠠᠰᠤᠲᠠᠶᠢᠴᠤᠳ ᠲᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠪᠡ᠃ ᠨᠠᠰᠤᠲᠠᠶᠢᠴᠤᠳ ᠤᠨ ᠬᠡᠷ ᠲᠤ ᠬᠦᠷᠬᠦ ᠪᠦᠷᠢ ᠰᠠᠶᠢᠨ ᠳᠤᠷ᠎ᠠ ᠶᠢᠨ ᠠᠵᠢᠯᠳᠠᠳ ᠨᠠᠰᠤᠲᠠᠶᠢᠴᠤᠳ ᠤᠨ ᠪᠡᠶ᠎ᠡ ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠭᠡᠷ ᠦᠷᠦᠭᠡ ᠶᠢ ᠨᠢ ᠬᠠᠪᠰᠤᠷᠤᠨ ᠴᠡᠪᠡᠷᠯᠡᠵᠦ᠂ ᠣᠷᠣ ᠳᠡᠪᠢᠰᠬᠡᠷ ᠢ ᠨᠢ ᠲᠡᠭᠰᠢᠯᠡᠵᠦ᠂ ᠪᠣᠳᠠᠲᠠᠢ ᠬᠡᠷᠡᠭᠴᠡᠭᠡ ᠶᠢ ᠨᠢ ᠰᠢᠢᠳᠪᠦᠷᠢᠯᠡᠨ᠂ ᠨᠠᠰᠤᠲᠠᠶᠢᠴᠤᠳ ᠢ ᠪᠡᠶ᠎ᠡ ᠪᠠᠨ ᠬᠢᠴᠢᠶᠡᠵᠦ᠂ ᠢᠳᠡᠭᠡᠨ ᠤᠮᠳᠠᠭᠠᠨ ᠤ ᠠᠷᠢᠭᠤᠨ ᠴᠡᠪᠡᠷ ᠢ ᠴᠢᠬᠤᠯᠠᠴᠢᠯᠠᠵᠤ᠂ ᠴᠠᠭ ᠢᠮᠠᠭᠲᠠ ᠪᠠᠶᠠᠷ ᠪᠠᠶᠠᠰᠬᠤᠯᠠᠩ ᠲᠠᠢ ᠠᠮᠢᠳᠤᠷᠠᠯ ᠤᠨ ᠰᠡᠳᠬᠢᠴᠡ ᠲᠠᠢ ᠪᠠᠶᠢᠬᠤ ᠶᠢ ᠵᠠᠬᠢᠪᠠ᠃ ᠨᠠᠰᠤᠲᠠᠶᠢᠴᠤᠳ ᠵᠠᠯᠠᠭᠤ ᠰᠠᠶᠢᠨ ᠳᠤᠷ᠎ᠠ ᠶᠢᠨ ᠠᠵᠢᠯᠳᠠᠳ ᠤᠨ ᠬᠦᠷᠴᠦ ᠢᠷᠡᠬᠦ ᠶᠢ ᠪᠠᠶᠠᠷᠯᠠᠨ ᠤᠭᠲᠤᠵᠤ᠂ ᠰᠠᠶᠢᠨ ᠳᠤᠷ᠎ᠠ ᠶᠢᠨ ᠠᠵᠢᠯᠳᠠᠳ ᠲᠠᠢ ᠬᠠᠯᠠᠭᠤᠨ ᠢᠶᠠᠷ ᠶᠠᠷᠢᠯᠴᠠᠵᠤ᠂ ᠲᠡᠳᠡᠨ ᠳᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠡᠢ᠃   ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠨ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠰᠠᠶᠢᠨ ᠳᠤᠷ᠎ᠠ ᠶᠢᠨ ᠠᠵᠢᠯᠳᠠᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ︽ᠨᠠᠰᠤᠲᠠᠨ ᠢ ᠬᠦᠨᠳᠦᠯᠡᠬᠦ᠂ ᠨᠠᠰᠤᠲᠠᠨ ᠢ ᠬᠠᠶᠢᠷᠠᠯᠠᠬᠤ᠂ ᠨᠠᠰᠤᠲᠠᠨ ᠢ ᠬᠦᠨᠳᠦᠳᠭᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠶ ᠪᠣᠯᠭᠠᠬᠤ ᠳᠤ ᠮᠠᠰᠢ ᠴᠢᠬᠤᠯᠠ ᠦᠢᠯᠡᠳᠦᠯ ᠦᠵᠡᠬᠦᠯᠵᠦ᠂ ᠬᠠᠷᠢᠶ᠎ᠠ ᠣᠷᠣᠨ ᠤ ᠨᠠᠰᠤᠲᠠᠶᠢᠴᠤᠳ ᠢ ᠬᠠᠯᠠᠭᠤᠨ ᠳᠤᠯᠠᠭᠠᠨ ᠪᠠᠶᠠᠷ ᠬᠥᠷ ᠲᠠᠢ ᠶᠢᠰᠦᠨ ᠰᠠᠷ᠎ᠠ ᠶᠢᠨ ᠶᠢᠰᠦᠨ ᠤ ᠪᠠᠶᠠᠷ ᠢ ᠦᠩᠭᠡᠷᠡᠭᠦᠯᠦᠭᠰᠡᠨ ᠪᠠᠶᠢᠨ᠎ᠠ᠃         
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号