ᠯᠢᠨ ᠬᠠᠶ ᠵᠡᠭᠡᠯᠢ ᠪᠥᠬᠦ ᠣᠷᠣᠨ ᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠬᠠᠢ ᠰᠢᠯᠭᠠᠯᠳᠠ  ᠬᠢᠵᠡᠢ
ᠨᠡᠶᠢᠲᠡᠯᠡᠭᠰᠡᠨ ᠴᠠᠭ᠄
2021/10/15
   ᠠᠯᠪᠠᠨ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠶᠢᠨ ᠲᠥᠯᠥᠭᠡ᠂ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠢᠶᠠᠷ ᠲᠣᠬᠢᠶᠠᠯ ᠪᠣᠯᠭᠠᠵᠤ᠂ 10 ᠰᠠᠷ᠎ᠠ ᠶᠢᠨ 13 ᠤ ᠡᠳᠦᠷ᠂  ᠷᠠᠰᠢᠶᠠᠨ ᠬᠤᠳᠠ ᠶᠢᠨ ᠯᠢᠨ ᠬᠠᠶ ᠵᠡᠭᠡᠯᠢ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠺᠠᠳ᠋ᠷ ᠠᠵᠢᠯᠲᠠᠨ 40 ᠭᠠᠷᠤᠶ ᠬᠥᠮᠦᠨ ᠰᠢᠯᠭᠠᠯᠲᠠ ᠳᠤ ᠣᠷᠣᠯᠴᠠᠵᠠᠶ᠃    ᠯᠢᠨ ᠬᠠᠶ ᠵᠡᠭᠡᠯᠢ ᠲᠣᠰ ᠤᠳᠠᠭᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠳᠡᠯᠭᠡ ᠶᠢᠨ ᠰᠢᠯᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠯᠭᠠᠯᠲᠠ ᠶᠢᠨ ᠭᠤᠭᠴᠤᠭ᠎ᠠ ᠶᠢ ᠨᠠᠷᠢᠨ ᠨᠢᠮᠪᠠᠶ ᠪᠠᠶᠢᠷᠢᠯᠠᠭᠤᠯᠵᠤ᠂ ᠮᠡᠳᠡᠪᠡᠰᠦ ᠵᠣᠬᠢᠬᠤ ᠮᠡᠳᠡᠯᠭᠡ ᠶᠢ ᠰᠣᠩᠭᠤᠨ ᠠᠪᠴᠤ᠂ ᠶᠡᠷᠦ ᠶᠢᠨ ᠮᠡᠳᠡᠯᠭᠡ ᠶᠢᠨ ᠴᠢᠨᠠᠷᠲᠠᠶ ᠮᠡᠳᠡᠯᠭᠡ ᠶᠢ ᠰᠢᠯᠭᠠᠯᠲᠠ ᠶᠢᠨ ᠬᠠᠭᠤᠳᠠᠰᠤ ᠪᠣᠯᠭᠠᠨ ᠨᠠᠶᠢᠷᠠᠭᠤᠯᠤᠨ ᠵᠣᠬᠢᠶᠠᠵᠤ᠂ ᠪᠢᠲᠡᠭᠦᠮᠵᠢᠯᠡᠭᠰᠡᠨ ᠰᠢᠯᠭᠠᠯᠲᠠ ᠶᠢᠨ ᠬᠡᠯᠪᠡᠷᠢ ᠪᠠᠷ ᠲᠤᠬᠠᠶ ᠶᠢᠨ ᠲᠠᠯᠠᠪᠤᠷ ᠲᠤ ᠰᠡᠳᠦᠪ ᠬᠠᠷᠢᠭᠤᠯᠵᠠᠶ᠃ ᠺᠠᠳ᠋ᠷ ᠠᠵᠢᠯᠳᠠᠳ ᠨᠠᠷᠢᠨ ᠬᠢᠨᠠᠮᠠᠭᠠᠶ ᠪᠠᠷ ᠬᠠᠷᠢᠭᠤᠯᠲᠠ ᠥᠭᠴᠦ᠂ ᠰᠢᠯᠭᠠᠯᠲᠠ ᠶᠢ ᠵᠢᠱᠢᠭᠰᠡᠨ ᠦᠷ᠎ᠡ ᠪᠦᠲᠦᠮᠵᠢ ᠳᠤ ᠬᠦᠷᠭᠡᠵᠡᠶ᠃     ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ᠺᠠᠳ᠋ᠷ ᠠᠵᠢᠯᠳᠠᠳ ᠤᠨ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠳᠡᠯᠭᠡ ᠶᠢ ᠡᠵᠡᠮᠰᠢᠬᠦ ᠶᠢ ᠤᠯᠠᠮ ᠨᠢᠭᠡ ᠠᠯᠬᠤᠮ ᠱᠠᠯᠠᠪᠳᠠᠭᠤᠯᠪᠠ᠃ ᠲᠠᠷᠠᠭᠠᠴᠢ ᠶᠢᠨ ᠠᠯᠬᠤᠮ  ᠳᠤ᠂ ᠯᠢᠨ ᠬᠠᠶ ᠵᠡᠭᠡᠯᠢ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠳᠡᠯᠭᠡ ᠶᠢᠨ ᠲᠣᠭᠤᠷᠢᠨ ᠳᠤ ᠭᠦᠨᠵᠡᠭᠡᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠣᠬᠢ ᠰᠣᠳᠣ ᠶᠢ ᠨᠢ ᠡᠵᠡᠮᠳᠡᠨ᠂ ᠠᠮᠢᠳᠤᠯᠢᠭ ᠢᠶᠠᠷ ᠬᠡᠷᠡᠭᠯᠡᠵᠦ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠪᠣᠯᠤᠨ᠎ᠠ᠃  
 
ᠢᠷᠡᠯᠲᠡ᠄ ᠯᠢᠨ ᠬᠠᠶ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号