ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2021/10/15
  10 ᠰᠠᠷ᠎ᠠ ᠶᠢᠨ 13 ᠤ ᠡᠳᠦᠷ᠂  ᠷᠠᠰᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠬᠤᠩ ᠰᠢᠶᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠮᠧᠦ ᠯᠢ ᠵᠢᠶᠦ᠋ᠨ᠂ ᠭᠦᠸᠧ ᠵᠢᠶᠠ ᠴᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠸᠠᠩ ᠭᠦᠸᠧ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠬᠢᠭᠡᠳ ᠠᠰᠢᠭᠯᠠᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠦ᠋ ᠴᠠ ᠭᠸᠤ ᠪᠠᠯᠭᠠᠰᠤ ᠪᠣᠯᠤᠨ ᠬᠤᠳᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃   ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠤᠯᠤᠰ ᠤᠨ ᠬᠠᠮᠠᠭᠠᠯᠠᠯᠲᠠ ᠶᠢᠨ ᠲᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠵᠠᠷ — ᠶᠠᠫᠣᠨ ᠬᠠᠭᠤᠷᠮᠠᠭ ᠴᠡᠷᠢᠭ ᠤᠨ ᠦ᠋ ᠴᠠ ᠭᠸᠤ ᠨᠢᠰᠬᠡᠯ ᠤᠨ ᠪᠠᠭᠤᠳᠠᠯ᠂ ᠡᠮᠦᠨᠡᠲᠦ ᠬᠢᠩᠭᠠᠨ ᠨᠦᠬᠡᠨ ᠵᠠᠮ ᠤᠨ ᠪᠠᠬᠢᠯᠡᠯᠲᠡ᠂ ᠬᠤᠸᠠ ᠫᠤᠤ ᠲᠠᠢ ᠪᠠᠬᠢᠯᠡᠯᠲᠡ ᠶᠢᠨ ᠪᠠᠭᠤᠷᠢ ᠳᠤ ᠬᠦᠷᠴᠡᠢ᠃ ᠬᠤᠳᠠ ᠶᠢᠨ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠷᠪᠠ ᠶᠢᠰᠦᠳᠦᠭᠡᠷ ᠬᠡᠭᠡᠷᠡᠯᠡᠨ ᠪᠠᠶᠢᠯᠳᠤᠬᠤ ᠵᠡᠷ ᠵᠡᠪᠰᠡᠭ ᠪᠣᠯᠪᠠᠰᠤᠷᠠᠭᠤᠯᠬᠤ ᠦᠢᠯᠡᠳᠪᠦᠷᠢ ᠵᠡᠷᠭᠡ ᠭᠠᠵᠠᠷ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠤᠳᠤᠯᠪᠠ᠃  ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠰᠢᠦᠢ ᠬᠤᠩ ᠰᠢᠶᠠ ᠳᠡᠳ᠋ ᠲᠡᠷᠢᠭᠦᠯᠡᠭᠴᠢ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠭᠦᠢᠴᠡᠳ ᠨᠤᠲᠠᠯᠠᠵᠤ᠂ ᠮᠠᠨ ᠤ ᠬᠤᠲᠠ ᠵᠤᠭᠠᠴᠠᠯ ᠤᠨ ᠠᠵᠤ ᠠᠬᠤᠶ ᠶᠢ ᠬᠥᠭᠵᠢᠭᠦᠯᠬᠦ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠬᠦᠴᠦᠲᠡᠶ ᠦᠷᠨᠢᠭᠦᠯᠵᠦ ᠪᠠᠶᠢᠨ᠎ᠠ ᠭᠡᠵᠡᠢ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠲᠡᠦᠬᠡ ᠪᠠ ᠰᠣᠶᠣᠯ ᠤᠨ ᠪᠣᠳᠠᠲᠤ ᠠᠴᠢᠶᠠᠯᠠᠪᠤᠷᠢ ᠮᠥᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠪᠠᠯᠭᠠᠰᠤ ᠵᠡᠭᠡᠯᠢ ᠯᠦᠭᠡ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ᠠᠪᠤᠷᠠᠯᠳᠠ ᠶᠢᠨ ᠮᠠᠶ᠋ᠢᠭ ᠤᠨ ᠬᠠᠮᠠᠭᠠᠯᠠᠯᠲᠠ ᠬᠢᠭᠡᠳ ᠡᠳᠦᠷ ᠲᠤᠲᠤᠮ ᠤᠨ ᠰᠡᠯᠪᠢᠨ ᠵᠠᠰᠠᠬᠤ ᠠᠵᠢᠯ ᠢ ᠰᠠᠶᠢᠲᠤᠷ ᠠᠳᠬᠤᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠳᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠠᠰᠢᠭᠯᠠᠨ ᠤᠬᠠᠭᠤᠯᠤᠨ ᠬᠥᠮᠦᠵᠢᠭᠦᠯᠵᠦ᠂ ᠠᠷᠠᠳ ᠤᠯᠠᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠬᠡᠷᠡᠭᠲᠡᠶ᠃ ᠬᠠᠮᠠᠭᠠᠯᠠᠬᠤ ᠪᠠ ᠠᠰᠢᠭᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠬᠦ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠲᠤᠪᠤᠶᠢᠯᠭᠠᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠤᠨ ᠠᠰᠢᠭᠯᠠᠬᠤ ᠶᠢ ᠴᠢᠨᠠᠭᠰᠢᠳᠠ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠤᠨ ᠦᠷᠳᠡᠭ ᠵᠡᠷᠭᠡ ᠲᠠᠯ᠎ᠠ ᠶᠢᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠷᠠᠰᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号