ᠲᠢᠶᠠᠨ ᠤᠤᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ | ᠲᠢᠶᠠᠨ ᠤᠤᠢ ᠵᠤᠭᠠᠴᠠᠯ ᠤᠨ ᠰᠠᠭᠤᠷᠢ ᠲᠦᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ | ᠲᠥᠷᠥᠯ ᠵᠦᠢᠯ ᠤᠨ ᠭᠡᠷ ᠪᠠᠶᠢᠰᠢᠩ ᠢ ᠲᠠᠲᠠᠪᠤᠷᠢᠯᠠᠬᠤ ᠲᠤᠬᠠᠶ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠣᠭᠲᠠᠭᠠᠯ | ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠲᠠᠷᠤᠮᠠᠯᠯᠠᠨ ᠲᠠᠷᠬᠠᠭᠠᠭᠰᠠᠨ ﹇2021﹈ 1 ᠳ᠋ᠤᠭᠡᠷ | ᠲᠣᠭᠠᠲᠤ ᠪᠢᠴᠢᠭ | ᠷᠠᠰᠢᠶᠠᠨ ᠬᠤᠲᠠ ᠶᠢᠨ ᠵᠤᠭᠠᠴᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠶᠢᠨ ᠲᠥᠯᠥᠭᠡ᠂ ᠲᠢᠶᠠᠨ ᠤᠤᠢ ᠪᠠᠯᠭᠠᠰᠤᠨ ᠤ ᠬᠠᠷᠢᠶ᠎ᠠ | ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠪᠠᠯᠭᠠᠰᠤ ᠶᠢᠨ ᠬᠡᠰᠡᠭ ᠭᠠᠵᠠᠷ ᠢ ᠲᠠᠲᠠᠪᠤᠷᠢᠯᠠᠬᠤ ᠪᠠᠷ | ᠪᠠᠶᠢᠨ᠎ᠠ᠃ ᠷᠠᠰᠢᠶᠠᠨ ᠬᠤᠲᠠ ᠶᠢᠨ ᠳᠥᠷᠪᠡᠳᠦᠭᠡᠷ ᠬᠤᠭᠤᠴᠠᠭᠠᠨ ᠤ ᠵᠠᠭᠤ ᠠᠷᠪᠠᠨ ᠨᠢᠭᠡᠳᠦᠭᠡᠷ ᠤᠳᠠᠭᠠᠨ ᠤ | ᠪᠠᠶᠢᠩᠭᠤ ᠶᠢᠨ ᠬᠤᠷᠢᠶᠠᠨ ᠤ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ | ᠨᠥᠬᠦᠪᠥᠷᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢᠯᠡᠬᠦ ᠲᠦᠷᠢᠮ︾᠂ ︽ᠷᠠᠰᠢᠶᠠᠨ | ᠬᠤᠲᠠ ᠶᠢᠨ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ | ᠨᠥᠬᠦᠪᠥᠷᠢᠯᠡᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠲᠣᠭᠲᠠᠭᠠᠯ ᠢ | ᠦᠨᠳᠦᠰᠦᠯᠡᠨ᠂ ᠲᠠᠲᠠᠪᠤᠷᠢᠯᠠᠬᠤ ᠲᠣᠭᠲᠠᠭᠠᠯ ᠤᠨ ᠵᠦᠢᠯᠡᠰ ᠢ ᠡᠳᠦᠭᠡ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠲᠠᠪᠤᠷᠢᠯᠠᠬᠤ ᠲᠥᠷᠥᠯ ᠵᠦᠢᠯ ᠤᠨ ᠨᠡᠷᠡᠶᠢᠳᠦᠯ᠄ ᠷᠠᠰᠢᠶᠠᠨ ᠬᠤᠲᠠ ᠶᠢᠨ ᠲᠢᠶᠠᠨ ᠤᠤᠢ | ᠪᠠᠯᠭᠠᠰᠤ ᠶᠢᠨ ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ | ᠵᠤᠭᠠᠴᠠᠯ ᠤᠨ ᠰᠠᠭᠤᠷᠢ ᠲᠦᠭᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ᠃ | | ᠬᠤᠶᠠᠷ᠂ ᠭᠡᠷ ᠪᠠᠶᠢᠰᠢᠩ ᠢ ᠲᠠᠲᠠᠪᠤᠷᠢᠯᠠᠬᠤ ᠬᠡᠪᠴᠢᠶ᠎ᠡ᠄ ᠲᠢᠶᠠᠨ ᠤᠤᠢ ᠪᠠᠯᠭᠠᠰᠤᠨ ᠤ ᠬᠠᠷᠢᠶ᠎ᠠ ᠤᠷᠤᠨ ᠤ | ᠳᠣᠲᠣᠷᠠᠬᠢ ᠶᠢᠨ ᠵᠢᠶᠠᠩ ᠭᠧᠦ᠂ ᠲᠢᠶᠠᠨ ᠤᠤᠢ ᠳᠤ ᠬᠤᠯᠪᠣᠭᠳᠠᠬᠤ ᠤᠯᠤᠰ ᠤᠨ ᠥᠮᠴᠢᠯᠡᠯ ᠤᠨ ᠭᠠᠵᠠᠷ ᠰᠢᠷᠣᠶ | ᠳᠡᠭᠡᠷᠡᠬᠢ ᠭᠡᠷ ᠪᠠᠶᠢᠰᠢᠩ ᠵᠢᠴᠢ ᠲᠠᠭᠠᠯᠳᠠ ᠪᠣᠳᠠᠰ᠃ | ᠭᠤᠷᠪᠠ᠂ ᠬᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ᠄ ᠷᠠᠰᠢᠶᠠᠨ ᠬᠤᠲᠠ ᠶᠢᠨ ᠬᠡᠷ ᠪᠠᠶᠢᠰᠢᠩ | ᠲᠠᠲᠠᠪᠤᠷᠢᠯᠠᠬᠤ ᠠᠯᠪᠠᠨ ᠬᠡᠷ᠃ | ᠳᠥᠷᠪᠡ᠂ ᠬᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ᠄ ᠷᠠᠰᠢᠶᠠᠨ ᠬᠤᠲᠠ ᠶᠢᠨ ᠲᠢᠶᠠᠨ ᠤᠤᠢ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃ | ᠲᠠᠪᠤ᠂ ᠲᠠᠲᠠᠪᠤᠷᠢᠯᠠᠬᠤ ᠨᠥᠬᠦᠪᠥᠷᠢ ᠶᠢᠨ ᠪᠠᠷᠢᠮᠵᠢᠶ᠎ᠠ᠄ ︽ᠷᠠᠰᠢᠶᠠᠨ ᠬᠤᠲᠠ ᠶᠢᠨ ᠲᠢᠶᠠᠨ ᠤᠤᠢ ᠪᠠᠯᠭᠠᠰᠤᠨ ᠤ | ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠶᠢᠨ ᠵᠤᠭᠠᠴᠠᠯ ᠤᠨ | ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠲᠥᠷᠥᠯ ᠵᠦᠢᠯ ᠤᠨ ᠭᠡᠷ | ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ ᠲᠥᠰᠦᠯ︾ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠡᠭᠦᠨ ᠤ ᠬᠠᠮᠲᠤ | ᠲᠣᠰ ᠲᠥᠰᠦᠯ ᠢ 2021 ᠣᠨ ᠤ 1 ᠰᠠᠷ᠎ᠠ ᠶᠢᠨ 7 ᠤ ᠡᠳᠦᠷ ᠠᠴᠠ 2021 ᠣᠨ ᠤ 2 ᠰᠠᠷ᠎ᠠ ᠶᠢᠨ 6 ᠤ | ᠡᠳᠦᠷ ᠪᠣᠯᠲᠠᠯᠠᠬᠢ ᠬᠤᠭᠤᠴᠠᠭᠠᠨ ᠳᠤ ᠲᠣᠰ ᠰᠦᠯᠵᠢᠶᠡᠨ ᠳᠤ ᠨᠡᠶᠢᠲᠡᠯᠡᠵᠦ᠂ ᠡᠯ᠎ᠡ ᠨᠢᠭᠡᠴᠡ ᠵᠢᠴᠢ ᠨᠡᠶᠢᠭᠡᠮ ᠤᠨ | ᠡᠯ᠎ᠡ ᠡᠲᠡᠭᠡᠳ ᠠᠴᠠ ᠰᠠᠨᠠᠯ ᠬᠤᠷᠢᠶᠠᠨ᠎ᠠ᠂ ᠰᠠᠨᠠᠯ ᠬᠤᠷᠢᠶᠠᠬᠤ ᠬᠤᠭᠤᠴᠠᠭᠠᠨ ᠳᠤ ᠬᠡᠷᠪᠡ ᠬᠤᠯᠪᠣᠭᠳᠠᠯ ᠪᠥᠬᠦᠶ | ᠵᠠᠰᠠᠪᠤᠷᠢ ᠣᠷᠣᠭᠤᠯᠬᠤ ᠰᠠᠨᠠᠯ ᠪᠠᠶᠢᠪᠠᠯ᠂ ᠲᠥᠰᠦᠯ ᠳᠤ ᠦᠯᠡᠳᠡᠭᠡᠭᠰᠡᠨ ᠤᠲᠠᠰᠤᠨ ᠨᠣᠮᠧᠷ ᠢᠶᠠᠷ ᠬᠠᠷᠢᠯᠴᠠᠵᠤ | ᠬᠠᠷᠢᠭᠤ ᠲᠤᠰᠬᠠᠬᠤ ᠬᠡᠷᠡᠭᠲᠡᠶ᠃ | ᠵᠢᠷᠭᠤᠭ᠎ᠠ᠂ ᠲᠠᠲᠠᠪᠤᠷᠢᠯᠠᠬᠤ ᠶᠢ ᠮᠡᠳᠡᠭᠳᠡᠬᠦ ᠪᠢᠴᠢᠭ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠠᠲᠠᠪᠤᠷᠢᠯᠠᠬᠤ | ᠬᠡᠪᠴᠢᠶᠡᠨ ᠳᠣᠲᠣᠷᠠᠬᠢ ᠨᠢᠭᠡᠴᠡ ᠪᠠ ᠬᠤᠪᠢ ᠬᠥᠮᠦᠨ ᠳᠣᠣᠷ᠎ᠠ ᠵᠢᠭᠰᠠᠭᠠᠭᠰᠠᠨ ᠠᠵᠢᠯᠯᠠᠭ᠎ᠠ ᠶᠢ ᠬᠢᠵᠦ ᠪᠣᠯᠬᠤ | ᠦᠭᠡᠢ᠄ 1. ᠭᠡᠷ ᠪᠠᠶᠢᠰᠢᠩ ᠵᠢᠴᠢ ᠲᠠᠭᠠᠯᠳᠠ ᠪᠣᠳᠠᠰ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ | ᠪᠠ ᠥᠷᠭᠡᠳᠬᠡᠨ ᠪᠠᠶᠢᠭᠤᠯᠬᠤ︔ 2. ᠭᠡᠷ ᠪᠠᠶᠢᠰᠢᠩ ᠪᠠ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ︔ 3. | ᠡᠷᠦᠭᠡ ᠳᠤ ᠨᠡᠭᠦᠵᠦ ᠣᠷᠣᠬᠤ ᠡᠷᠦᠭᠡ ᠬᠤᠪᠢᠶᠠᠬᠤ︔ 4. ᠭᠡᠷ ᠪᠠᠶᠢᠰᠢᠩ ᠢᠶᠠᠨ ᠪᠠᠷᠢᠴᠠᠭᠠᠯᠠᠬᠤ ᠲᠠᠩᠰᠠᠯᠠᠯᠳᠠ︔ | 5. ᠭᠡᠷ ᠪᠠᠶᠢᠰᠢᠩ ᠲᠦᠷᠢᠶᠡᠰᠦᠯᠡᠬᠦ ᠰᠢᠨ᠎ᠡ ᠬᠠᠷᠢᠴᠠᠭ᠎ᠠ ᠶᠢ ᠪᠠᠶᠢᠭᠤᠯᠬᠤ︔ 6. ᠲᠥᠯᠥᠪᠦᠷᠢ ᠶᠢᠨ ᠵᠠᠷᠤᠳᠠᠯ ᠢ ᠵᠦᠢ | ᠪᠤᠰᠤ ᠪᠠᠷ ᠨᠡᠮᠡᠭᠳᠡᠭᠦᠯᠦᠭᠰᠡᠨ ᠪᠤᠰᠤᠳ ᠠᠵᠢᠯᠯᠠᠭ᠎ᠠ ᠨᠤᠭᠤᠳ︔ 7. ᠲᠢᠶᠠᠨ ᠤᠤᠢ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠥᠯᠥ ᠬᠥᠳᠡᠯᠬᠦ ᠭᠠᠵᠠᠷ ᠬᠥᠷᠥᠩᠭᠡ ᠶᠢᠨ | ᠳᠡᠩᠰᠡᠯᠡᠯᠲᠡ ᠶᠢᠨ ᠲᠥᠪ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠷ᠎ᠡ ᠵᠢᠭᠰᠠᠭᠠᠭᠰᠠᠨ ᠬᠠᠮᠢᠶ᠎ᠠ | ᠪᠥᠬᠦᠶ ᠠᠵᠢᠯ ᠢ ᠭᠦᠢᠴᠡᠳᠭᠡᠬᠦ ᠪᠠᠨ ᠲᠦᠷ ᠵᠤᠬᠰᠤᠭᠠᠬᠤ ᠬᠡᠷᠡᠭᠳᠡᠢ᠂ ᠲᠦᠷ ᠵᠣᠭᠰᠣᠭᠠᠬᠤ ᠬᠤᠭᠤᠴᠠᠭ᠎ᠠ ᠨᠢ 1 | ᠵᠢᠯ ᠪᠣᠯᠤᠨ᠎ᠠ᠃ | ᠲᠤᠯᠤᠭ᠎ᠠ᠂ ᠲᠠᠲᠠᠪᠤᠷᠢᠯᠠᠬᠤ ᠬᠡᠪᠴᠢᠶᠡᠨ ᠳᠣᠲᠣᠷᠠᠬᠢ ᠲᠠᠲᠠᠪᠤᠷᠢᠯᠠᠭᠳᠠᠭᠰᠠᠨ ᠬᠥᠮᠦᠨ ᠢᠳᠡᠪᠬᠢᠲᠡᠶ ᠪᠠᠷ | ᠬᠠᠮᠵᠢᠯᠴᠠᠵᠤ᠂ ᠲᠠᠲᠠᠪᠤᠷᠢᠯᠠᠬᠤ ᠶᠢ ᠬᠡᠷᠡᠭᠵᠢᠭᠦᠯᠬᠦ ᠬᠤᠭᠤᠴᠠᠭᠠᠨ ᠳᠣᠲᠣᠷ᠎ᠠ ᠲᠠᠲᠠᠪᠤᠷᠢᠯᠠᠬᠤ ᠰᠠᠯᠠᠭ᠎ᠠ ᠮᠥᠴᠢᠷ ᠯᠦᠭᠡ | ᠲᠠᠳᠠᠪᠤᠷᠢᠯᠠᠯᠳᠠ ᠶᠢᠨ ᠲᠥᠯᠥᠪᠦᠷᠢ ᠥᠭᠴᠦ ᠲᠥᠪᠬᠢᠨᠡᠭᠦᠯᠬᠦ ᠵᠥᠪᠯᠡᠯᠴᠡᠭᠡᠷ ᠲᠣᠭᠲᠠᠵᠤ᠂ ᠭᠡᠷ ᠪᠠᠶᠢᠰᠢᠩ ᠢᠶᠠᠨ | ᠬᠤᠭᠤᠰᠣᠯᠠᠵᠤ᠂ ᠨᠡᠭᠦᠯᠭᠡᠬᠦ ᠶᠢ ᠪᠡᠶᠡᠯᠡᠭᠦᠯᠵᠦ᠂ ᠲᠤᠰ ᠲᠦᠷᠦᠯ ᠵᠦᠢᠯ ᠤᠨ ᠨᠡᠶᠢᠳᠡ ᠶᠢᠨ ᠭᠠᠵᠠᠷ ᠰᠢᠷᠣᠶ ᠶᠢᠨ ᠭᠡᠷ | ᠪᠠᠶᠢᠰᠢᠩ ᠢ ᠲᠠᠲᠠᠪᠤᠷᠢᠯᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ | ᠨᠠᠢᠮᠠ᠂ ᠬᠡᠷᠪᠡ ᠲᠠᠲᠠᠪᠤᠷᠢᠯᠠᠭᠳᠠᠭᠰᠠᠨ ᠬᠥᠮᠦᠨ ᠨᠢ ᠲᠤᠰ ᠵᠠᠷᠯᠠᠯ ᠢ ᠵᠥᠪᠰᠢᠶᠡᠷᠡᠬᠦ ᠦᠭᠡᠢ ᠪᠠᠶᠢᠪᠠᠯ᠂ | ᠲᠠᠲᠠᠪᠤᠷᠢᠯᠠᠭᠰᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ 3 ᠰᠠᠷ᠎ᠠ ᠶᠢᠨ ᠳᠣᠲᠣᠷ᠎ᠠ ᠠᠷᠠᠳ ᠤᠨ | ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠂ ᠲᠠᠲᠠᠪᠤᠷᠢᠯᠠᠭᠰᠠᠨ ᠬᠡᠪᠴᠢᠶᠡᠨ ᠳᠣᠲᠣᠷ᠎ᠠ ᠭᠡᠷ | ᠪᠠᠶᠢᠰᠢᠩ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠭᠡᠷ ᠪᠠᠶᠢᠰᠢᠩ ᠤᠨ | ᠬᠡᠷᠡᠭᠴᠡᠭᠡ ᠶᠢ ᠬᠤᠪᠢᠷᠠᠭᠤᠯᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠢᠵᠦ ᠪᠣᠯᠬᠤ ᠦᠭᠡᠢ᠂ | ᠳᠡᠭᠡᠷᠡᠬᠢ ᠠᠵᠢᠯᠯᠠᠭ᠎ᠠ ᠳᠤ ᠨᠥᠬᠦᠪᠥᠷᠢ ᠥᠭᠬᠦ ᠦᠭᠡᠢ᠃ | ᠶᠢᠰᠦ᠂ ᠭᠡᠷ᠎ᠡ ᠲᠣᠭᠲᠠᠬᠤ ᠬᠤᠭᠤᠴᠠᠭ᠎ᠠ᠄ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ᠭᠡᠷ ᠪᠠᠶᠢᠰᠢᠩ | ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ ᠶᠢᠨ ᠮᠡᠳᠡᠭᠳᠡᠯ ᠳᠤ ᠲᠣᠭᠲᠠᠭᠠᠭᠰᠠᠨ ᠬᠤᠭᠤᠴᠠᠭ᠎ᠠ ᠳᠣᠲᠣᠷ᠎ᠠ ᠭᠡᠷ | ᠪᠠᠶᠢᠰᠢᠩ ᠤᠨ ᠲᠠᠳᠠᠪᠤᠷᠢᠯᠠᠯᠳᠠ ᠶᠢᠨ ᠨᠥᠬᠦᠪᠥᠷᠢ ᠶᠢᠨ ᠵᠥᠪᠯᠡᠯᠴᠡᠭᠡᠷ ᠲᠣᠭᠲᠠᠬᠤ ᠶᠢᠨ ᠬᠠᠮᠲᠤ ᠲᠠᠲᠠᠪᠤᠷᠢᠯᠠᠭᠳᠠᠭᠰᠠᠨ | ᠭᠡᠷ ᠪᠠᠶᠢᠰᠢᠩ ᠢᠶᠠᠨ ᠬᠤᠭᠤᠰᠤᠯᠠᠵᠤ ᠦᠭᠭᠦ ᠬᠡᠷᠡᠭᠲᠡᠶ᠃ | ᠠᠷᠪᠠ᠂ ᠲᠠᠲᠠᠪᠤᠷᠢᠯᠠᠭᠳᠠᠭᠰᠠᠨ ᠬᠥᠮᠦᠨ ᠤ ᠬᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ ᠶᠢᠨ | ᠮᠡᠳᠡᠭᠳᠡᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠲᠠᠲᠠᠪᠤᠷᠢᠯᠠᠬᠤ ᠳᠤ ᠨᠥᠬᠦᠪᠥᠷᠢ ᠥᠭᠬᠦ ᠬᠡᠯᠡᠯᠴᠡᠭᠡᠷ ᠲᠤ | ᠬᠦᠷᠴᠦ ᠳᠡᠶᠢᠯᠬᠦ ᠥᠬᠡᠶ ᠪᠤᠶᠤ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ ᠥᠮᠴᠢᠯᠡᠬᠦ ᠡᠷᠬᠡ ᠨᠢ ᠲᠣᠳᠣᠷᠬᠠᠶ ᠥᠬᠡᠶ | ᠪᠠᠶᠢᠪᠠᠯ᠂ ᠬᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ ᠠᠴᠠ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠬᠠᠤᠯᠢ ᠶᠣᠰᠣᠭᠠᠷ ᠨᠥᠬᠦᠪᠥᠷᠢ ᠥᠭᠬᠦ ᠲᠣᠭᠲᠠᠭᠠᠯ ᠭᠠᠷᠭᠠᠯᠭᠠᠬᠤ ᠶᠢᠨ ᠬᠠᠮᠲᠤ᠂ ᠬᠡᠷ | ᠪᠠᠶᠢᠰᠢᠩ ᠲᠠᠲᠠᠪᠤᠷᠢᠯᠠᠬᠤ ᠬᠡᠪᠴᠢᠶᠡᠨ ᠳᠣᠲᠣᠷ᠎ᠠ ᠵᠠᠷᠯᠠᠨ ᠨᠡᠶᠢᠲᠡᠯᠡᠨ᠎ᠡ᠃ | ᠠᠷᠪᠠᠨ ᠨᠢᠭᠡ᠂ ᠥᠷᠭᠡᠨ ᠤᠯᠠᠨ ᠲᠠᠲᠠᠪᠤᠷᠢᠯᠠᠭᠳᠠᠭᠰᠠᠨ ᠬᠥᠮᠦᠰ ᠲᠠᠲᠠᠪᠤᠷᠢᠯᠠᠬᠤ ᠠᠵᠢᠯ ᠳᠤ ᠢᠳᠡᠪᠬᠢᠲᠡᠶ ᠪᠠᠷ | ᠬᠠᠮᠵᠢᠯᠴᠠᠵᠤ᠂ ᠲᠠᠲᠠᠪᠤᠷᠢᠯᠠᠬᠤ ᠮᠡᠳᠡᠭᠳᠡᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭ᠎ᠠ ᠳᠣᠲᠣᠷ᠎ᠠ ᠭᠡᠷ | ᠪᠠᠶᠢᠰᠢᠩ ᠤᠨ ᠲᠠᠳᠠᠪᠤᠷᠢᠯᠠᠯᠳᠠ ᠶᠢᠨ ᠨᠥᠬᠦᠪᠥᠷᠢ ᠥᠭᠬᠦ ᠵᠥᠪᠯᠡᠯᠴᠡᠭᠡᠷ ᠲᠣᠭᠲᠠᠬᠤ ᠶᠢᠨ ᠬᠠᠮᠲᠤ ᠨᠡᠭᠦᠭᠦ ᠶᠢ | ᠬᠦᠰᠡᠵᠦ ᠪᠠᠶᠢᠨ᠎ᠠ᠃ | ᠠᠷᠪᠠᠨ ᠬᠤᠶᠠᠷ᠂ ᠲᠤᠰ ᠲᠠᠲᠠᠪᠤᠷᠢᠯᠠᠬᠤ ᠬᠡᠪᠴᠢᠶᠡᠨ ᠳᠣᠲᠣᠷᠠᠬᠢ ᠲᠠᠲᠠᠪᠤᠷᠢᠯᠠᠭᠳᠠᠭᠰᠠᠨ ᠬᠥᠮᠦᠨ ᠬᠡᠷᠪᠡ | ᠲᠠᠲᠠᠪᠤᠷᠢᠯᠠᠬᠤ ᠲᠣᠭᠲᠠᠭᠠᠯ ᠳᠤ ᠣᠨᠳᠣᠣ ᠰᠠᠨᠠᠯ ᠲᠠᠢ ᠪᠠᠶᠢᠪᠠᠯ᠂ ᠲᠤᠰ ᠠᠯᠪᠠᠨ ᠵᠠᠷᠯᠠᠯ ᠢ ᠨᠡᠶᠢᠲᠡᠯᠡᠭᠰᠡᠨ | ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠠᠤᠯᠢ ᠶᠣᠰᠣᠭᠠᠷ ᠬᠢᠩᠭᠠᠨ ᠠᠶᠢᠮᠠᠭ ᠤᠨ ᠵᠠᠬᠢᠷᠭ᠎ᠠ ᠳᠤ ᠵᠠᠰᠠᠭ | ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ᠂ ᠡᠰᠡᠬᠦᠯ᠎ᠡ ᠲᠤᠰ ᠠᠯᠪᠠᠨ ᠵᠠᠷᠯᠠᠯ ᠢ ᠨᠡᠶᠢᠲᠡᠯᠡᠭᠰᠡᠨ | ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠬᠠᠤᠯᠢ ᠶᠣᠰᠣᠭᠠᠷ ᠬᠢᠩᠭᠠᠨ ᠠᠶᠢᠮᠠᠭ ᠤᠨ ᠳᠤᠮᠳᠠ ᠵᠡᠷᠭᠡ ᠶᠢᠨ | ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠵᠦ ᠪᠤᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ᠂ ᠵᠠᠷᠭᠤᠯᠳᠤᠬᠤ ᠬᠤᠭᠤᠴᠠᠭᠠᠨ ᠳᠤ ᠲᠠᠲᠠᠪᠤᠷᠢᠯᠠᠬᠤ ᠠᠵᠢᠯ ᠤᠨ ᠬᠡᠪ ᠤᠨ ᠶᠣᠰᠣᠭᠠᠷ ᠶᠠᠪᠤᠭᠳᠠᠨ᠎ᠠ᠃ | | ᠳᠠᠭᠠᠯᠳᠤᠭᠤᠯᠤᠯ᠄ | 1. ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠢᠶᠠᠨ ᠤᠤᠢ ᠪᠠᠯᠭᠠᠰᠤᠨ ᠤ ᠵᠠᠰᠠᠭ ᠤᠨ | ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠵᠤᠭᠠᠴᠠᠯ ᠤᠨ ᠰᠠᠭᠤᠷᠢ | ᠲᠦᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ ᠤᠨ ᠬᠡᠷ ᠪᠠᠶᠢᠰᠢᠩ ᠢ | ᠲᠠᠲᠠᠪᠤᠷᠢᠯᠠᠬᠤ ᠲᠣᠭᠲᠠᠭᠠᠯ ᠤᠨ ᠲᠤᠬᠠᠶ ᠠᠯᠪᠠᠨ ᠵᠠᠷᠯᠠᠯ | 2. ︽ᠷᠠᠰᠢᠶᠠᠨ ᠬᠤᠲᠠ ᠶᠢᠨ ᠲᠢᠶᠠᠨ ᠤᠤᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠶ᠎ᠠ ᠣᠷᠣᠨ ᠤ | ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠵᠤᠭᠠᠴᠠᠯ ᠤᠨ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠳᠡᠰ ᠳᠡᠪᠰᠢᠭᠦᠯᠬᠦ ᠲᠥᠷᠥᠯ ᠵᠦᠢᠯ ᠤᠨ ᠭᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ ᠲᠤᠬᠠᠶ | ᠲᠦᠰᠦᠯ︾ ︵ᠰᠠᠨᠠᠯ ᠬᠤᠷᠢᠶᠠᠬᠤ ᠡᠬᠡ ᠪᠢᠴᠢᠭ︶ | | 2021 ᠣᠨ ᠤ 1 ᠰᠠᠷ᠎ᠠ ᠶᠢᠨ 7 ᠤ ᠡᠳᠦᠷ | | | | ᠳᠠᠭᠠᠯᠳᠤᠭᠤᠯᠤᠯ 1 | ᠲᠢᠶᠠᠨ ᠤᠤᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ | ᠲᠢᠶᠠᠨ ᠤᠤᠢ ᠵᠤᠭᠠᠴᠠᠯ ᠤᠨ ᠰᠠᠭᠤᠷᠢ ᠲᠦᠭᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ | ᠲᠥᠷᠥᠯ ᠵᠦᠢᠯ ᠤᠨ ᠭᠡᠷ ᠪᠠᠶᠢᠰᠢᠩ ᠢ ᠲᠠᠲᠠᠪᠤᠷᠢᠯᠠᠬᠤ ᠲᠣᠭᠲᠠᠭᠠᠯ ᠤᠨ ᠲᠤᠬᠠᠢ ᠷᠠᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠵᠠᠷᠯᠠᠯ | ᠷᠠᠰᠢᠶᠠᠨ ᠬᠤᠲᠠ ᠶᠢᠨ ᠵᠤᠭᠠᠴᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠶᠢᠨ ᠲᠥᠯᠥᠭᠡ᠂ ᠲᠢᠶᠠᠨ ᠤᠤᠢ ᠪᠠᠯᠭᠠᠰᠤᠨ ᠤ ᠬᠠᠷᠢᠶ᠎ᠠ ᠤᠷᠤᠨ | ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠪᠠᠯᠭᠠᠰᠤᠨ ᠤ ᠬᠡᠰᠡᠭ ᠭᠠᠵᠠᠷ ᠢ ᠲᠠᠲᠠᠪᠤᠷᠢᠯᠠᠬᠤ ᠴᠢᠬᠤᠯᠠᠲᠠᠶ | ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ | ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢᠯᠡᠬᠦ | ᠲᠦᠷᠢᠮ︾᠂ ︽ᠷᠠᠰᠢᠶᠠᠨ ᠬᠤᠲᠠ ᠶᠢᠨ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ | ᠲᠠᠲᠠᠪᠤᠷᠢᠯᠠᠬᠤ ᠪᠠ ᠨᠥᠬᠦᠪᠥᠷᠢᠯᠡᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠥᠬᠦᠶ | ᠲᠣᠭᠲᠠᠭᠠᠯ ᠢ ᠦᠨᠳᠦᠰᠦᠯᠡᠨ᠂ ᠲᠠᠲᠠᠪᠤᠷᠢᠯᠠᠬᠤ ᠲᠣᠭᠲᠠᠭᠠᠯ ᠤᠨ ᠵᠦᠢᠯᠡᠰ ᠢ ᠡᠳᠦᠭᠡ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠲᠠᠪᠤᠷᠢᠯᠠᠬᠤ ᠲᠥᠷᠥᠯ ᠵᠦᠢᠯ ᠤᠨ ᠨᠡᠷᠡᠶᠢᠳᠦᠯ᠄ ᠷᠠᠰᠢᠶᠠᠨ ᠬᠤᠲᠠ ᠶᠢᠨ ᠲᠢᠶᠠᠨ ᠤᠤᠢ ᠪᠠᠯᠭᠠᠰᠤ ᠶᠢᠨ | ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠵᠤᠭᠠᠴᠠᠯ ᠤᠨ ᠰᠠᠭᠤᠷᠢ | ᠲᠦᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ᠃ | ᠬᠤᠶᠠᠷ᠂ ᠭᠡᠷ ᠪᠠᠶᠢᠰᠢᠩ ᠢ ᠲᠠᠲᠠᠪᠤᠷᠢᠯᠠᠬᠤ ᠬᠡᠪᠴᠢᠶ᠎ᠡ᠄ ᠲᠢᠶᠠᠨ ᠤᠤᠢ ᠪᠠᠯᠭᠠᠰᠤᠨ ᠤ ᠬᠠᠷᠢᠶ᠎ᠠ ᠤᠷᠤᠨ ᠤ | ᠳᠣᠲᠣᠷᠠᠬᠢ ᠶᠢᠨ ᠵᠢᠶᠠᠩ ᠭᠧᠦ᠂ ᠲᠢᠶᠠᠨ ᠤᠤᠢ ᠳᠤ ᠬᠤᠯᠪᠣᠭᠳᠠᠬᠤ ᠤᠯᠤᠰ ᠤᠨ ᠥᠮᠴᠢᠯᠡᠯᠲᠦ ᠭᠠᠵᠠᠷ ᠰᠢᠷᠣᠶ | ᠳᠡᠭᠡᠷᠡᠬᠢ ᠭᠡᠷ ᠪᠠᠶᠢᠰᠢᠩ ᠵᠢᠴᠢ ᠲᠠᠭᠠᠯᠳᠠ ᠪᠣᠳᠠᠰ᠃ | ᠭᠤᠷᠪᠠ᠂ ᠬᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ᠄ ᠷᠠᠰᠢᠶᠠᠨ ᠬᠤᠲᠠ ᠶᠢᠨ ᠬᠡᠷ ᠪᠠᠶᠢᠰᠢᠩ | ᠲᠠᠲᠠᠪᠤᠷᠢᠯᠠᠬᠤ ᠠᠯᠪᠠᠨ ᠬᠡᠷ᠂ ᠬᠠᠷᠢᠯᠴᠠᠬᠤ ᠤᠲᠠᠰᠤ 0482 — 7128802᠃ | ᠳᠥᠷᠪᠡ᠂ ᠬᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ᠄ ᠷᠠᠰᠢᠶᠠᠨ ᠬᠤᠲᠠ ᠶᠢᠨ ᠲᠢᠶᠠᠨ ᠤᠤᠢ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠠᠷᠢᠯᠴᠠᠬᠤ ᠤᠲᠠᠰᠤ 0482 — 7150918᠃ | ᠲᠠᠪᠤ᠂ ᠲᠠᠲᠠᠪᠤᠷᠢᠯᠠᠨ ᠬᠤᠷᠢᠶᠠᠬᠤ ᠨᠥᠬᠦᠪᠥᠷᠢ ᠶᠢᠨ ᠪᠠᠷᠢᠮᠵᠢᠶ᠎ᠠ᠄ ︽ᠷᠠᠰᠢᠶᠠᠨ ᠬᠤᠲᠠ ᠶᠢᠨ ᠲᠢᠶᠠᠨ ᠤᠤᠢ | ᠪᠠᠯᠭᠠᠰᠤ ᠶᠢᠨ ᠵᠠᠰᠠᠭ ᠤᠨ ᠣᠷᠳᠣᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ | ᠵᠤᠭᠠᠴᠠᠯ ᠤᠨ ᠰᠠᠭᠤᠷᠢ ᠲᠦᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ | ᠤᠨ ᠬᠡᠷ ᠪᠠᠶᠢᠰᠢᠩ ᠢ ᠲᠠᠲᠠᠪᠤᠷᠢᠯᠠᠨ ᠬᠤᠷᠢᠶᠠᠬᠤ ᠨᠥᠬᠦᠪᠥᠷᠢ ᠶᠢᠨ ᠲᠥᠰᠦᠯ︾ ᠢ ᠴᠢᠩᠭ᠎ᠠ ᠵᠢᠷᠤᠮᠯᠠᠨ ᠬᠡᠷᠡᠭᠵᠢᠬᠦᠯᠬᠦ | ᠬᠡᠷᠡᠭᠳᠡᠢ᠃ ᠲᠠᠲᠠᠪᠤᠷᠢᠯᠠᠭᠳᠠᠭᠰᠠᠨ ᠬᠥᠮᠦᠨ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠳᠡᠭᠡᠷ᠎ᠡ ︵ᠰᠦᠯᠵᠢᠶᠡᠨ ᠬᠠᠶ᠋ᠢᠭ᠄ http://www.aes.gov.cn/︶ ᠪᠤᠶᠤ ᠲᠢᠶᠠᠨ ᡂᠢ ᠶᠢᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠴᠠ ᠬᠡᠷ ᠪᠠᠶᠢᠰᠢᠩ ᠤᠨ ᠲᠠᠲᠠᠪᠤᠷᠢᠯᠠᠯᠲᠠ ᠶᠢᠨ ᠨᠥᠬᠦᠪᠥᠷᠢ ᠶᠢᠨ | ᠲᠥᠰᠦᠯ ᠢ ᠠᠰᠠᠭᠤᠨ ᠯᠠᠪᠯᠠᠭᠠᠷᠠᠶ᠂ ᠬᠠᠷᠢᠯᠴᠠᠬᠤ ᠬᠥᠮᠦᠨ᠄ ᠫᠧᠩ ᠴᠠᠩ ᠴᠢᠩ᠂ ᠬᠠᠷᠢᠯᠴᠠᠬᠤ ᠤᠲᠠᠰᠤ᠄ | 15048227717᠃ ᠡᠭᠦᠨ ᠤ ᠬᠠᠮᠲᠤ ᠲᠣᠰ ᠲᠥᠰᠦᠯ ᠢ 2021 ᠣᠨ ᠤ 1 ᠰᠠᠷ᠎ᠠ ᠶᠢᠨ 7 ᠤ ᠡᠳᠦᠷ ᠠᠴᠠ | 2021 ᠣᠨ ᠤ 2 ᠰᠠᠷ᠎ᠠ ᠶᠢᠨ 6 ᠤ ᠡᠳᠦᠷ ᠪᠣᠯᠲᠠᠯᠠᠬᠢ ᠬᠤᠭᠤᠴᠠᠭᠠᠨ ᠳᠤ ᠲᠣᠰ ᠰᠦᠯᠵᠢᠶᠡᠨ ᠳᠡᠭᠡᠷ᠎ᠡ | ᠨᠡᠶᠢᠲᠡᠯᠡᠵᠦ᠂ ᠡᠯ᠎ᠡ ᠨᠢᠭᠡᠴᠡ ᠵᠢᠴᠢ ᠨᠡᠶᠢᠭᠡᠮ ᠤᠨ ᠡᠯ᠎ᠡ ᠡᠲᠡᠭᠡᠳ ᠠᠴᠠ ᠰᠠᠨᠠᠯ ᠬᠤᠷᠢᠶᠠᠨ᠎ᠠ᠂ ᠰᠠᠨᠠᠯ ᠬᠤᠷᠢᠶᠠᠬᠤ | ᠬᠤᠭᠤᠴᠠᠭᠠᠨ ᠳᠤ ᠬᠡᠷᠪᠡ ᠬᠤᠯᠪᠣᠭᠳᠠᠯ ᠪᠥᠬᠦᠶ ᠵᠠᠰᠠᠪᠤᠷᠢ ᠣᠷᠣᠭᠤᠯᠬᠤ ᠰᠠᠨᠠᠯ ᠪᠠᠶᠢᠪᠠᠯ᠂ ᠲᠥᠰᠦᠯ ᠤᠨ ᠳᠣᠲᠣᠷᠠᠬᠢ | ᠤᠷᠢᠳᠴᠢᠯᠠᠨ ᠦᠯᠡᠳᠡᠭᠡᠭᠰᠡᠨ ᠤᠲᠠᠰᠤᠨ ᠨᠣᠮᠧᠷ ᠢᠶᠠᠷ ᠬᠠᠷᠢᠯᠴᠠᠵᠤ ᠬᠠᠷᠢᠭᠤ ᠲᠤᠰᠬᠠᠬᠤ ᠬᠡᠷᠡᠭᠲᠡᠶ᠃ | ᠵᠢᠷᠭᠤᠭ᠎ᠠ᠂ ᠲᠠᠲᠠᠪᠤᠷᠢᠯᠠᠬᠤ ᠬᠡᠪᠴᠢᠶᠡᠨ ᠳᠣᠲᠣᠷ᠎ᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ᠂ ᠥᠷᠭᠡᠳᠬᠡᠨ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠬᠤ ᠵᠡᠷᠭᠡ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠢᠵᠦ ᠪᠣᠯᠬᠤ ᠦᠭᠡᠢ᠂ ᠳᠡᠭᠡᠷᠡᠬᠢ ᠠᠵᠢᠯᠯᠠᠭ᠎ᠠ ᠳᠤ ᠲᠥᠯᠥᠪᠦᠷᠢ | ᠥᠭᠬᠦ ᠦᠭᠡᠢ᠃ | ᠲᠤᠯᠤᠭ᠎ᠠ᠂ ᠭᠡᠷ᠎ᠡ ᠲᠣᠭᠲᠠᠬᠤ ᠬᠤᠭᠤᠴᠠᠭ᠎ᠠ᠄ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ᠭᠡᠷ ᠪᠠᠶᠢᠰᠢᠩ | ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ ᠶᠢᠨ ᠮᠡᠳᠡᠭᠳᠡᠯ ᠢ ᠣᠯᠤᠭᠰᠠᠨ ᠤ ᠲᠠᠷᠠᠭ᠎ᠠ᠂ ᠲᠣᠭᠲᠠᠭᠠᠭᠰᠠᠨ | ᠬᠤᠭᠤᠴᠠᠭ᠎ᠠ ᠳᠣᠲᠣᠷ᠎ᠠ ᠭᠡᠷ ᠪᠠᠶᠢᠰᠢᠩ ᠢ ᠲᠠᠲᠠᠪᠤᠷᠢᠯᠠᠭᠰᠠᠨ ᠨᠥᠬᠦᠪᠥᠷᠢ ᠶᠢᠨ ᠵᠥᠪᠯᠡᠯᠴᠡᠭᠡᠷ ᠲᠣᠭᠲᠠᠬᠤ ᠶᠢᠨ ᠬᠠᠮᠲᠤ | ᠲᠠᠲᠠᠪᠤᠷᠢᠯᠠᠭᠤᠯᠤᠭᠰᠠᠨ ᠭᠡᠷ ᠪᠠᠶᠢᠰᠢᠩ ᠢᠶᠠᠨ ᠬᠤᠭᠤᠰᠣᠯᠠᠬᠤ ᠬᠡᠷᠡᠭᠲᠡᠶ᠃ | ᠨᠠᠢᠮᠠ᠂ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ᠭᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ | ᠨᠢᠭᠡᠴᠡ ᠶᠢᠨ ᠮᠡᠳᠡᠭᠳᠡᠯ ᠢ ᠣᠯᠤᠭᠰᠠᠨ ᠤ ᠲᠠᠷᠠᠭ᠎ᠠ᠂ ᠲᠣᠭᠲᠠᠭᠠᠭᠰᠠᠨ ᠬᠤᠭᠤᠴᠠᠭ᠎ᠠ ᠳᠣᠲᠣᠷ᠎ᠠ ᠲᠠᠲᠠᠪᠤᠷᠢᠯᠠᠬᠤ | ᠨᠥᠬᠦᠪᠥᠷᠢ ᠥᠭᠬᠦ ᠵᠥᠪᠯᠡᠯᠴᠡᠭᠡᠷ ᠲᠤᠭᠳᠠᠭᠰᠠᠨ ᠥᠭᠡᠢ ᠪᠤᠶᠤ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ | ᠥᠮᠴᠢᠯᠡᠬᠦ ᠡᠷᠬᠡ ᠨᠢ ᠲᠣᠳᠣᠷᠬᠠᠶ ᠥᠭᠡᠢ ᠪᠠᠶᠢᠪᠠᠯ᠂ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ ᠠᠴᠠ | ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠤᠯᠢ ᠶᠣᠰᠣᠭᠠᠷ ᠨᠥᠬᠦᠪᠥᠷᠢ ᠥᠭᠬᠦ | ᠲᠣᠭᠲᠠᠭᠠᠯ ᠭᠠᠷᠭᠠᠯᠭᠠᠬᠤ ᠶᠢᠨ ᠬᠠᠮᠲᠤ ᠭᠡᠷ ᠪᠠᠶᠢᠰᠢᠩ ᠲᠠᠲᠠᠪᠤᠷᠢᠯᠠᠬᠤ ᠬᠡᠪᠴᠢᠶᠡᠨ ᠳᠣᠲᠣᠷ᠎ᠠ ᠵᠠᠷᠯᠠᠨ ᠨᠡᠶᠢᠲᠡᠯᠡᠨ᠎ᠡ᠃ | | ᠶᠢᠰᠦ᠂ ᠥᠷᠭᠡᠨ ᠤᠯᠠᠨ ᠲᠠᠲᠠᠪᠤᠷᠢᠯᠠᠭᠳᠠᠭᠰᠠᠨ ᠬᠥᠮᠦᠰ ᠲᠠᠲᠠᠪᠤᠷᠢᠯᠠᠬᠤ ᠰᠠᠯᠠᠭ᠎ᠠ ᠮᠥᠴᠢᠷ ᠤᠨ ᠠᠵᠢᠯ ᠳᠤ | ᠢᠳᠡᠪᠬᠢᠲᠡᠶ ᠪᠠᠷ ᠬᠠᠮᠵᠢᠯᠴᠠᠨ᠂ ᠲᠠᠲᠠᠪᠤᠷᠢᠯᠠᠬᠤ ᠲᠥᠰᠦᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ | ᠳᠣᠲᠣᠷ᠎ᠠ ᠭᠡᠷ ᠪᠠᠶᠢᠰᠢᠩ ᠲᠠᠲᠠᠪᠤᠷᠢᠯᠠᠬᠤ ᠨᠥᠬᠦᠪᠥᠷᠢ ᠥᠭᠬᠦ ᠵᠥᠪᠯᠡᠯᠴᠡᠭᠡᠷ ᠲᠣᠭᠲᠠᠬᠤ ᠶᠢᠨ ᠬᠠᠮᠲᠤ ᠨᠡᠬᠦᠬᠦ ᠶᠢ | ᠬᠦᠰᠡᠵᠦ ᠪᠠᠶᠢᠨ᠎ᠠ᠃ | ᠠᠷᠪᠠ᠂ ᠲᠣᠰ ᠲᠠᠲᠠᠪᠤᠷᠢᠯᠠᠬᠤ ᠬᠡᠪᠴᠢᠶᠡᠨ ᠳᠣᠲᠣᠷᠠᠬᠢ ᠬᠡᠷ᠎ᠡ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ | ᠬᠡᠷᠪᠡ ᠲᠠᠲᠠᠪᠤᠷᠢᠯᠠᠬᠤ ᠲᠣᠭᠲᠠᠭᠠᠯ ᠳᠤ ᠣᠨᠳᠣᠤ ᠰᠠᠨᠠᠯ ᠲᠠᠢ ᠪᠠᠶᠢᠪᠠᠯ᠂ ᠲᠣᠰ ᠠᠯᠪᠠᠨ ᠵᠠᠷᠯᠠᠯ ᠢ ᠨᠡᠶᠢᠲᠡᠯᠡᠭᠰᠡᠨ | ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠠᠤᠯᠢ ᠶᠣᠰᠣᠭᠠᠷ ᠬᠢᠩᠭᠠᠨ ᠠᠶᠢᠮᠠᠭ ᠤᠨ ᠵᠠᠬᠢᠷᠭ᠎ᠠ ᠳᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ | ᠡᠬᠢᠯᠡᠨ 6 ᠰᠠᠷ᠎ᠠ ᠶᠢᠨ ᠳᠣᠲᠣᠷ᠎ᠠ ᠬᠠᠤᠯᠢ ᠶᠣᠰᠣᠭᠠᠷ ᠬᠢᠩᠭᠠᠨ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ | ᠰᠢᠭᠦᠬᠦ ᠬᠤᠷᠢᠶ᠎ᠠ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠵᠤ ᠪᠤᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ᠂ ᠵᠠᠷᠭᠤᠯᠳᠤᠬᠤ ᠬᠤᠭᠤᠴᠠᠭᠠᠨ ᠳᠤ ᠲᠠᠲᠠᠪᠤᠷᠢᠯᠠᠬᠤ ᠠᠵᠢᠯ ᠬᠡᠪ ᠤᠨ ᠶᠣᠰᠣᠭᠠᠷ ᠶᠠᠪᠤᠭᠳᠠᠨ᠎ᠠ᠃ | ᠳᠠᠭᠠᠯᠳᠤᠭᠤᠯᠤᠯ 2 | ᠷᠠᠰᠢᠶᠠᠨ ᠬᠤᠲᠠ ᠶᠢᠨ ᠲᠢᠶᠠᠨ ᠤᠤᠢ ᠪᠠᠯᠭᠠᠰᠤᠨ ᠤ ᠵᠠᠰᠠᠭ ᠤᠨ ᠣᠷᠳᠣᠨ ᠤ ᠬᠠᠷᠢᠶ᠎ᠠ ᠤᠷᠤᠨ ᠤ | ᠳᠣᠲᠣᠷᠠᠬᠢ ᠶᠢᠨ ᠵᠢᠶᠠᠩ ᠭᠸᠦ᠂ ᠲᠢᠶᠠᠨ ᠤᠤᠢ ᠵᠤᠭᠠᠴᠠᠯ ᠤᠨ ᠰᠠᠭᠤᠷᠢ ᠲᠦᠬᠦᠭᠡᠷᠦᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠲᠥᠷᠥᠯ ᠵᠦᠢᠯ ᠤᠨ ᠬᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ | ᠲᠥᠰᠦᠯ ᠤᠨ ᠲᠤᠬᠠᠶ ︵ᠰᠠᠨᠠᠯ ᠬᠤᠷᠢᠶᠠᠬᠤ ᠨᠣᠤᠷᠠᠭ︶ | ᠷᠠᠰᠢᠶᠠᠨ ᠬᠤᠲᠠ ᠶᠢᠨ ᠵᠤᠭᠠᠴᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠠᠬᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ | ᠲᠦᠷᠢᠮ︾᠂ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ | ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠲᠦᠷᠢᠮ︾ ᠵᠢᠴᠢ ︽ᠷᠠᠰᠢᠶᠠᠨ ᠬᠤᠲᠠ ᠶᠢᠨ ᠤᠯᠤᠰ ᠤᠨ | ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠠᠷᠭ᠎ᠠ︾ ᠶᠢ | ᠦᠨᠳᠦᠰᠦᠯᠡᠨ᠂ ᠲᠢᠶᠠᠨ ᠤᠤᠢ ᠪᠠᠯᠭᠠᠰᠤ ᠶᠢᠨ ᠵᠠᠰᠠᠭ ᠤᠨ ᠣᠷᠳᠣᠨ ᠤ ᠬᠠᠷᠢᠶ᠎ᠠ ᠤᠷᠤᠨ ᠤ ᠶᠢᠨ ᠵᠢᠶᠠᠩ ᠭᠸᠦ᠂ | ᠲᠢᠶᠠᠨ ᠤᠤᠢ ᠵᠡᠷᠭᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠤᠨᠴᠠᠭᠠᠶᠢᠯᠠᠨ | ᠲᠣᠭᠲᠠᠭᠠᠪᠠ᠃ | ᠨᠢᠭᠡ᠂ ᠲᠠᠲᠠᠪᠤᠷᠢᠯᠠᠬᠤ ᠬᠡᠪᠴᠢᠶ᠎ᠡ | ᠲᠢᠶᠠᠨ ᠤᠤᠢ ᠪᠠᠯᠭᠠᠰᠤᠨ ᠤ ᠬᠠᠷᠢᠶ᠎ᠠ ᠤᠷᠤᠨ ᠤ ᠳᠣᠲᠣᠷᠠᠬᠢ ᠶᠢᠨ ᠵᠢᠶᠠᠩ ᠭᠸᠤ᠂ ᠲᠢᠶᠠᠨ ᠤᠤᠢ ᠳᠤ | ᠬᠤᠯᠪᠣᠭᠳᠠᠬᠤ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠵᠢᠴᠢ ᠳᠠᠭᠠᠯᠲᠠ ᠪᠣᠳᠠᠰ᠃ | ᠬᠤᠶᠠᠷ᠂ ᠲᠠᠲᠠᠪᠤᠷᠢᠯᠠᠬᠤ ᠴᠠᠭ ᠬᠤᠭᠤᠴᠠᠭ᠎ᠠ | ᠲᠠᠲᠠᠪᠤᠷᠢᠯᠠᠬᠤ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠢᠶᠠᠷ ᠪᠠᠷᠢᠮᠵᠢᠶ᠎ᠠ ᠪᠣᠯᠭᠠᠨ᠂ ᠪᠦᠬᠦᠯᠢ | ᠴᠣᠭᠴᠠ ᠪᠠᠷ ᠨᠢ ᠲᠥᠯᠬᠢᠨ ᠠᠬᠢᠭᠤᠯᠵᠤ᠂ ᠣᠷᠣᠨ ᠪᠦᠰᠡ ᠬᠤᠪᠢᠶᠠᠨ ᠬᠡᠷᠡᠭᠵᠢᠭᠦᠯᠬᠦ ᠬᠡᠷᠡᠭᠲᠡᠶ᠃ | ᠭᠤᠷᠪᠠ᠂ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ | ᠷᠠᠰᠢᠶᠠᠨ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠠᠯᠪᠠᠨ ᠭᠡᠷ | ᠲᠦᠷᠪᠡ᠂ ᠭᠡᠷ ᠪᠠᠶᠢᠰᠢᠩ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠡ | ᠷᠠᠰᠢᠶᠠᠨ ᠬᠤᠲᠠ ᠶᠢᠨ ᠲᠢᠶᠠᠨ ᠤᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠲᠠᠪᠤ᠂ ᠲᠠᠲᠠᠪᠤᠷᠢᠯᠠᠭᠰᠠᠨ ᠭᠡᠷ ᠪᠠᠶᠢᠰᠢᠩ ᠳᠤ ᠨᠥᠬᠦᠪᠥᠷᠢ ᠥᠭᠬᠦ ᠠᠷᠭ᠎ᠠ ᠬᠡᠯᠪᠡᠷᠢ | ᠲᠠᠲᠠᠪᠤᠷᠢᠯᠠᠭᠳᠠᠭᠰᠠᠨ ᠬᠥᠮᠦᠨ ᠨᠢ ᠵᠣᠭᠤᠰ ᠢᠶᠠᠷ ᠨᠥᠬᠦᠪᠥᠷᠢᠯᠡᠬᠦ ᠶᠢ ᠰᠣᠩᠭᠤᠵᠤ ᠪᠣᠯᠤᠨ᠎ᠠ᠂ ᠥᠮᠴᠢᠯᠡᠯ ᠤᠨ | ᠡᠷᠬᠡ ᠶᠢ ᠰᠣᠯᠢᠬᠤ ᠶᠢ ᠰᠣᠩᠭᠤᠭᠰᠠᠨ ᠴᠤ ᠪᠣᠯᠤᠨ᠎ᠠ᠃ ᠥᠮᠴᠢᠯᠡᠯ ᠤᠨ ᠡᠷᠬᠡ ᠶᠢ ᠰᠣᠯᠢᠬᠤ ᠶᠢ ᠰᠣᠩᠭᠤᠭᠰᠠᠨ | ᠲᠠᠲᠠᠪᠤᠷᠢᠯᠠᠭᠳᠠᠭᠴᠢ ᠨᠢ ᠲᠣᠰ ᠲᠥᠰᠦᠯ ᠤᠨ ᠳᠣᠯᠣᠳᠤᠭᠠᠷ ᠵᠦᠢᠯ ᠳᠤ ᠬᠠᠩᠭᠠᠭᠰᠠᠨ ᠬᠡᠷ ᠪᠠᠶᠢᠰᠢᠩ ᠤᠨ | ᠢᠷᠡᠯᠲᠡ ᠪᠠᠷ ᠰᠤᠯᠢᠵᠤ᠂ ᠬᠡᠯᠡᠯᠴᠡᠭᠡᠷ ᠲᠣᠭᠲᠠᠭᠰᠠᠨ ᠡᠮᠦᠨ᠎ᠡ ᠬᠤᠶᠢᠨᠠᠬᠢ ᠲᠠᠰ ᠳᠠᠷᠠᠭᠠᠯᠠᠯ ᠢᠶᠠᠷ ᠥᠮᠴᠢᠯᠡᠯ ᠤᠨ | ᠡᠷᠬᠡ ᠶᠢ ᠰᠣᠩᠭᠤᠵᠤ ᠬᠡᠷ ᠪᠠᠶᠢᠰᠢᠩ ᠢ ᠰᠣᠯᠢᠨ᠎ᠠ᠃ | ︵ᠨᠢᠭᠡ︶ ᠵᠣᠭᠤᠰ ᠢᠶᠠᠷ ᠨᠥᠬᠦᠪᠥᠷᠢᠯᠡᠬᠦ | 1. ᠣᠷᠣᠨ ᠰᠠᠭᠤᠴᠠ ᠶᠢᠨ ᠭᠡᠷ ᠪᠠᠶᠢᠰᠢᠩ ᠢ ᠲᠠᠲᠠᠪᠤᠷᠢᠯᠠᠬᠤ ᠳᠤ᠂ ᠤᠢ ᠰᠢᠭᠤᠶ ᠶᠢᠨ ᠲᠣᠪᠴᠢᠶ᠎ᠠ ᠶᠢᠨ | ᠲᠤᠬᠠᠶ ᠶᠢᠨ ᠵᠢᠯ ᠳᠤ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠦᠨᠳᠦᠰᠦᠯᠡᠨ ᠨᠢᠭᠡᠳᠦᠯᠲᠡᠶ | ᠪᠠᠶᠢᠭᠤᠯᠤᠭᠰᠠᠨ ᠠᠵᠢᠯ ᠤᠨ ᠲᠣᠭᠤᠷᠢᠭ ᠤᠨ ᠭᠡᠷ ᠪᠠᠶᠢᠰᠢᠩ ︵ᠪᠦᠬᠦᠯᠢ ᠪᠠᠶᠢᠰᠢᠩ︶ ᠤᠨ ᠲᠥᠯᠥᠪᠦᠷᠢ ᠥᠭᠬᠦ | ᠪᠠᠷᠢᠮᠵᠢᠶ᠎ᠠ ᠨᠢ 3000 ᠲᠥᠭᠦᠷᠢᠭ \ ㎡︔ ᠪᠤᠰᠤᠳ ᠥᠪᠡᠷ ᠢᠶᠠᠨ ᠪᠠᠶᠢᠭᠤᠯᠤᠭᠰᠠᠨ ᠪᠠᠷᠢᠯᠭ᠎ᠠ ᠨᠢ 2500 | ᠲᠥᠭᠦᠷᠢᠭ \ ㎡ ᠢᠶᠠᠷ ᠪᠤᠳᠤᠨ᠎ᠠ᠃ | 2. ᠭᠡᠷ ᠪᠠᠶᠢᠰᠢᠩ ᠡᠵᠡᠩᠨᠡᠬᠦ ᠳᠡᠭᠡᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠦᠨᠡᠮᠯᠡᠯ ᠢ | ᠬᠠᠩᠭᠠᠵᠤ ᠴᠢᠳᠠᠬᠤ ᠪᠥᠭᠡᠳ ᠲᠣᠭᠤᠰᠬ᠎ᠠ ᠪᠠᠷ ᠬᠤᠯᠢᠯᠳᠤᠭᠤᠯᠤᠭᠰᠠᠨ ᠪᠦᠲᠦᠴᠡ ᠲᠠᠢ ᠨᠢ 6000 ᠲᠥᠭᠦᠷᠢᠭ \ | ㎡ ᠢᠶᠠᠷ ᠪᠤᠳᠤᠨ᠎ᠠ᠂ ᠪᠤᠰᠤᠳ ᠪᠦᠲᠦᠴᠡ ᠲᠠᠢ ᠨᠢ 4200 ᠲᠥᠭᠦᠷᠢᠭ \ ㎡ ᠢᠶᠠᠷ ᠪᠤᠳᠤᠨ᠎ᠠ︔ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠢ ᠬᠠᠩᠭᠠᠵᠤ ᠳᠡᠶᠢᠯᠬᠦ ᠥᠬᠡᠶ᠂ ᠲᠣᠭᠤᠰᠬ᠎ᠠ ᠮᠣᠳᠣᠨ ᠤ | ᠪᠦᠲᠦᠴᠡ ᠲᠠᠢ ᠨᠢ 5000 ᠲᠥᠭᠦᠷᠢᠭ \ ㎡ ᠢᠶᠠᠷ ᠪᠤᠳᠤᠵᠤ᠂ ᠪᠤᠰᠤᠳ ᠪᠦᠲᠦᠴᠡ ᠲᠠᠢ ᠨᠢ ᠪᠠᠷᠢᠯᠭ᠎ᠠ ᠶᠢᠨ | ᠡᠳ᠋ ᠤᠨ ᠮᠠᠲ᠋ᠧᠷᠢᠶᠠᠯ ᠤᠨ ᠬᠡᠮᠵᠢᠶ᠎ᠡ ᠪᠠᠷ 3500 ᠲᠥᠭᠦᠷᠢᠭ \ ㎡ ᠢᠶᠠᠷ ᠪᠤᠳᠤᠵᠤ᠂ ᠡᠰᠡᠬᠦᠯ᠎ᠡ 2000 | ᠲᠥᠭᠦᠷᠢᠭ \ ㎡ ᠢᠶᠠᠷ ᠪᠤᠳᠤᠵᠤ ᠥᠭᠭᠦᠨ᠎ᠡ᠃ | 3. ᠪᠤᠰᠤᠳ ᠲᠦᠷᠦᠯ ᠤᠨ ᠭᠡᠷ ᠪᠠᠶᠢᠰᠢᠩ ᠨᠢ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ ᠵᠡᠷᠭᠡ | ᠲᠠᠲᠠᠪᠤᠷᠢᠯᠠᠭᠳᠠᠭᠰᠠᠨ ᠭᠡᠷ ᠪᠠᠶᠢᠰᠢᠩ ᠢ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠨᠢ ᠵᠣᠭᠤᠰ ᠢᠶᠠᠷ ᠨᠥᠬᠦᠪᠥᠷᠢᠯᠡᠨ᠎ᠡ᠂ | ᠥᠮᠴᠢᠯᠡᠯ ᠤᠨ ᠡᠷᠭᠡ ᠶᠢ ᠨᠢ ᠰᠣᠯᠢᠵᠤ ᠥᠭᠬᠦ ᠦᠭᠡᠢ᠂ ᠲᠥᠪᠬᠢᠨᠡᠭᠦᠯᠬᠦ ᠭᠡᠷ ᠪᠠᠶᠢᠰᠢᠩ ᠢ ᠡᠭᠡᠭᠦᠯᠦᠨ ᠬᠤᠳᠠᠯᠳᠤᠨ | ᠠᠪᠴᠤ ᠪᠣᠯᠤᠨ᠎ᠠ︔ ᠲᠡᠵᠢᠭᠡᠨ ᠦᠷᠡᠵᠢᠭᠦᠯᠬᠦ ᠡᠷᠦᠬᠡ ᠶᠢᠨ ᠠᠵᠤ ᠦᠢᠯᠡᠰ ᠤᠨ ᠬᠠᠰᠢᠶ᠎ᠠ ᠰᠠᠷᠠᠪᠴᠢ ᠪᠠᠨ | ᠬᠤᠪᠢᠷᠠᠭᠤᠯᠤᠨ ᠦᠨᠡᠯᠡᠨ ᠵᠢᠱᠢᠭᠰᠡᠨ ᠦᠷ᠎ᠡ ᠳ᠋ᠦᠩ ᠤᠨ ᠶᠣᠰᠣᠭᠠᠷ ᠨᠥᠬᠦᠪᠥᠷᠢ ᠥᠭᠬᠦ ᠶᠢ ᠵᠣᠷᠢᠭᠵᠢᠭᠤᠯᠤᠨ᠎ᠠ᠃ | 4. ᠬᠡᠷᠪᠡ ᠲᠠᠲᠠᠪᠤᠷᠢᠯᠠᠭᠳᠠᠭᠰᠠᠨ ᠬᠥᠮᠦᠨ ᠨᠢ ᠨᠥᠬᠦᠪᠥᠷᠢ ᠥᠭᠬᠦ ᠦᠨ᠎ᠡ ᠬᠠᠩᠰᠢ ᠳᠤ ᠣᠨᠳᠣᠣ ᠰᠠᠨᠠᠯ ᠲᠠᠢ | ᠪᠠᠶᠢᠪᠠᠯ᠂ ᠭᠡᠷ ᠪᠠᠶᠢᠰᠢᠩ ᠲᠠᠲᠠᠪᠤᠷᠢᠯᠠᠬᠤ ᠶᠢ ᠦᠨᠡᠯᠡᠨ ᠵᠢᠱᠢᠬᠦ ᠠᠷᠭ᠎ᠠ ᠶᠢ ᠦᠨᠳᠦᠰᠦᠯᠡᠨ᠂ ᠵᠣᠬᠢᠴᠠᠩᠭᠤᠶ ᠬᠢᠷᠢ | ᠬᠡᠮ ᠲᠠᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠠᠴᠠ | ᠲᠠᠲᠠᠪᠤᠷᠢᠯᠠᠭᠳᠠᠭᠰᠠᠨ ᠭᠡᠷ ᠪᠠᠶᠢᠰᠢᠩ ᠳᠤ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠨ᠎ᠡ ᠬᠠᠩᠰᠢ ᠶᠢᠨ | ᠶᠣᠰᠣᠭᠠᠷ ᠨᠥᠬᠦᠪᠥᠷᠢ ᠥᠭᠭᠦᠨ᠎ᠡ᠃ | 5. ᠲᠠᠭᠠᠯᠳᠠ ᠪᠣᠳᠠᠰ ᠤᠨ ᠲᠥᠯᠥᠪᠦᠷᠢ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ ᠦᠷ᠎ᠡ | ᠳ᠋ᠦᠩ ᠤᠨ ᠶᠣᠰᠣᠭᠠᠷ ᠨᠥᠬᠦᠪᠥᠷᠢᠯᠡᠨ᠎ᠡ᠃ | ︵ᠬᠤᠶᠠᠷ︶ ᠥᠮᠴᠢᠯᠡᠯ ᠤᠨ ᠡᠷᠬᠡ ᠶᠢ ᠰᠣᠯᠢᠬᠤ ᠠᠷᠭ᠎ᠠ ᠮᠠᠶ᠋ᠢᠭ | 1. ᠣᠷᠣᠨ ᠰᠠᠭᠤᠴᠠ ᠶᠢᠨ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠣᠯᠠᠨ ᠳᠠᠪᠬᠤᠷᠭ᠎ᠠ ᠳᠤ | ᠰᠢᠯᠵᠢᠭᠦᠯᠦᠨ ᠰᠣᠯᠢᠬᠤ ᠶᠢ 1:1.2 ᠬᠠᠷᠢᠴᠠᠯ ᠢᠶᠠᠷ ᠰᠣᠯᠢᠵᠤ᠂ ᠳᠡᠭᠡᠳᠦ ᠳᠠᠪᠬᠤᠷᠭ᠎ᠠ ᠳᠤ ᠰᠢᠯᠵᠢᠭᠦᠯᠦᠨ | ᠰᠣᠯᠢᠬᠤ ᠶᠢ 1:1.3 ᠬᠠᠷᠢᠴᠠᠯ ᠢᠶᠠᠷ ᠰᠣᠯᠢᠨ᠎ᠠ᠃ ᠲᠠᠲᠠᠪᠤᠷᠢᠯᠠᠬᠤ ᠰᠠᠯᠠᠭ᠎ᠠ ᠮᠥᠴᠢᠷ ᠨᠢ ᠥᠮᠴᠢᠯᠡᠯ ᠤᠨ ᠡᠷᠬᠡ ᠶᠢ | ᠰᠣᠯᠢᠬᠤ ᠳᠤ ᠬᠡᠷᠡᠭᠯᠡᠬᠦ ᠭᠡᠷ ᠪᠠᠶᠢᠰᠢᠩ ᠢ ᠬᠠᠩᠭᠠᠬᠤ ᠶᠢᠨ ᠬᠠᠮᠲᠤ ᠲᠠᠲᠠᠪᠤᠷᠢᠯᠠᠭᠳᠠᠭᠰᠠᠨ ᠬᠥᠮᠦᠨ ᠯᠦᠭᠡ ᠦᠨ᠎ᠡ ᠶᠢᠨ | ᠵᠥᠷᠢᠶ᠎ᠡ ᠶᠢ ᠲᠠᠰᠤᠯᠤᠨ ᠪᠤᠳᠤᠬᠤ ᠬᠡᠷᠡᠭᠲᠡᠶ᠃ | 2. ᠡᠵᠡᠩᠨᠡᠯᠲᠡ ᠶᠢᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠰᠣᠯᠢᠬᠤ ᠳᠤ ᠬᠦᠷᠪᠡᠯ᠂ ᠲᠠᠲᠠᠪᠤᠷᠢᠯᠠᠨ | ᠬᠤᠷᠢᠶᠠᠬᠤ ᠰᠠᠯᠠᠭ᠎ᠠ ᠮᠥᠴᠢᠷ ᠨᠢ ᠬᠠᠩᠭᠠᠬᠤ ᠬᠤᠳᠠᠯᠳᠤᠭᠠᠴᠢᠨ ᠤ ᠬᠡᠷᠡᠭᠯᠡᠬᠦ ᠭᠡᠷ ᠪᠠᠶᠢᠰᠢᠩ ᠤᠨ ᠢᠷᠡᠯᠳᠡ ᠶᠢ | ᠬᠠᠩᠭᠠᠬᠤ ᠶᠢᠨ ᠬᠠᠮᠲᠤ ᠲᠠᠲᠠᠪᠤᠷᠢᠯᠠᠭᠳᠠᠭᠰᠠᠨ ᠬᠥᠮᠦᠨ ᠲᠠᠢ ᠦᠨ᠎ᠡ ᠶᠢᠨ ᠵᠥᠷᠢᠶ᠎ᠡ ᠶᠢ ᠲᠠᠰᠤᠯᠤᠨ ᠪᠤᠳᠤᠬᠤ ᠬᠡᠷᠡᠭᠲᠡᠶ | ᠃ ᠦᠷᠭᠦᠯᠵᠢᠯᠡᠨ 24 ᠰᠠᠷ᠎ᠠ ᠠᠴᠠ ᠳᠡᠭᠡᠭᠰᠢ ᠦᠢᠯᠡᠳᠪᠦᠷᠢᠯᠡᠯ ᠡᠵᠡᠩᠨᠡᠯᠲᠡ ᠬᠢᠭᠰᠡᠨ ᠪᠥᠭᠡᠳ ᠬᠠᠤᠯᠢ ᠶᠣᠰᠣᠨ ᠤ | ᠡᠵᠡᠩᠨᠡᠯᠲᠡ ᠶᠢᠨ ᠭᠠᠷ ᠭᠦᠢᠴᠡᠳᠬᠡᠯ ᠢ ᠬᠠᠩᠭᠠᠵᠤ ᠳᠡᠶᠢᠯᠪᠡᠯ᠂ ᠬᠡᠷ᠎ᠡ ᠪᠠᠶᠢᠰᠢᠩ ᠢᠶᠠᠨ ᠲᠠᠲᠠᠪᠤᠷᠢᠯᠠᠭᠳᠠᠭᠰᠠᠨ | ᠬᠥᠮᠦᠨ ᠳᠤ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠭᠰᠠᠨ ᠬᠤᠬᠢᠷᠠᠯ ᠤᠨ ᠲᠥᠯᠥᠪᠦᠷᠢ ᠥᠭᠭᠦᠨ᠎ᠡ︔ | ᠡᠵᠡᠩᠨᠡᠯᠲᠡ ᠶᠢᠨ ᠭᠡᠷ ᠪᠠᠶᠢᠰᠢᠩ ᠤᠨ ᠡᠵᠡᠩᠨᠡᠯᠲᠡ ᠶᠢ ᠲᠠᠰᠤᠯᠳᠠᠭᠤᠯᠬᠤ ᠳᠤ ᠬᠤᠯᠪᠣᠭᠳᠠᠯ ᠪᠦᠬᠦᠢ ᠬᠠᠤᠯᠢ | ᠶᠣᠰᠣᠨ ᠤ ᠭᠡᠷᠡᠴᠢ ᠶᠢ ᠬᠠᠩᠭᠠᠭᠰᠠᠨ ᠤ ᠳᠠᠷᠠᠭ᠎ᠠ ᠡᠵᠡᠩᠨᠡᠯᠲᠡ ᠶᠢᠨ ᠭᠡᠷ ᠪᠠᠶᠢᠰᠢᠩ ᠤᠨ ᠨᠥᠬᠦᠪᠥᠷᠢ ᠶᠢᠨ | ᠪᠠᠷᠢᠮᠵᠢᠶ᠎ᠠ ᠶᠢ ᠬᠦᠷᠳᠡᠵᠦ ᠪᠤᠯᠤᠨ᠎ᠠ᠂ ᠭᠡᠪᠡᠴᠦ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠭᠰᠠᠨ ᠬᠤᠬᠢᠷᠠᠯ ᠤᠨ | ᠨᠥᠬᠦᠪᠥᠷᠢ ᠶᠢ ᠬᠦᠷᠳᠡᠵᠦ ᠪᠤᠯᠬᠤ ᠦᠭᠡᠢ᠃ | ᠬᠡᠷ ᠪᠠᠶᠢᠰᠢᠩ ᠢᠶᠠᠨ ᠳᠠᠳᠠᠪᠤᠷᠢᠯᠠᠭᠤᠯᠤᠭᠠᠳ ᠠᠵᠢᠯ ᠦᠢᠯᠡᠳᠪᠤᠷᠢᠯᠡᠯ ᠢᠶᠠᠨ ᠵᠣᠭᠰᠣᠭᠠᠭᠰᠠᠨ ᠠᠴᠠ ᠪᠣᠯᠤᠭᠰᠠᠨ | ᠬᠤᠬᠢᠷᠠᠯ ᠳᠤ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠶᠢᠨ ᠲᠡᠭᠰᠢ ᠳᠥᠷᠪᠡᠯᠵᠢᠨ ᠮᠧᠲᠷ | ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠬᠡᠷᠡᠭᠲᠡᠶ᠃ | ᠥᠮᠴᠢᠯᠡᠯ ᠤᠨ ᠡᠷᠬᠡ ᠶᠢ ᠰᠣᠯᠢᠬᠤ ᠠᠷᠭ᠎ᠠ ᠮᠠᠶ᠋ᠢᠭ ᠢ ᠰᠣᠩᠭᠤᠵᠤ ᠲᠥᠪᠬᠢᠨᠡᠭᠦᠯᠦᠭᠰᠡᠨ ᠪᠠᠶᠢᠪᠠᠯ᠂ ᠬᠤᠭᠤᠴᠠᠭ᠎ᠠ | ᠶᠣᠰᠣᠭᠠᠷ ᠪᠤᠴᠠᠭᠠᠨ ᠨᠡᠭᠦᠯᠭᠡᠵᠦ ᠳᠡᠶᠢᠯᠬᠦ ᠥᠬᠡᠶ ︵ᠵᠥᠪᠯᠡᠯᠴᠡᠭᠡᠷ ᠲᠣᠭᠲᠠᠵᠤ ᠰᠢᠯᠵᠢᠯᠲᠡ ᠶᠢᠨ ᠬᠤᠭᠤᠴᠠᠭ᠎ᠠ ᠨᠢ | 24 ᠰᠠᠷ᠎ᠠ ᠪᠣᠯᠤᠨ᠎ᠠ︶᠂ ᠬᠤᠭᠤᠴᠠᠭ᠎ᠠ ᠬᠡᠲᠦᠷᠡᠭᠰᠡᠨ ᠤ ᠳᠠᠷᠠᠭ᠎ᠠ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ | ᠲᠠᠯᠠᠪᠠᠶ ᠪᠠᠷ ᠰᠠᠷ᠎ᠠ ᠪᠦᠷᠢ᠂ ᠲᠡᠭᠰᠢ ᠳᠥᠷᠪᠡᠯᠵᠢᠨ ᠮᠧᠲᠷ ᠪᠦᠷᠢ ᠳᠤ 30 ᠲᠥᠭᠦᠷᠢᠭ ᠤᠨ ᠪᠠᠷᠢᠮᠵᠢᠶ᠎ᠠ ᠪᠠᠷ | ᠲᠠᠲᠠᠪᠤᠷᠢᠯᠠᠭᠳᠠᠭᠰᠠᠨ ᠬᠥᠮᠦᠨ ᠳᠤ ᠠᠵᠢᠯ ᠦᠢᠯᠡᠳᠪᠤᠷᠢᠯᠡᠯ ᠢᠶᠠᠨ ᠵᠣᠭᠰᠣᠭᠠᠭᠰᠠᠨ ᠪᠠ ᠠᠵᠢᠯ ᠢᠶᠠᠨ ᠵᠣᠭᠰᠣᠭᠠᠭᠰᠠᠨ | ᠬᠤᠬᠢᠷᠠᠯ ᠤᠨ ᠨᠥᠬᠦᠪᠥᠷᠢ ᠥᠭᠭᠦᠨ᠎ᠡ ︵ᠬᠠᠭᠠᠰ ᠰᠠᠷ᠎ᠠ ᠬᠥᠷᠬᠦ ᠥᠬᠡᠶ ᠪᠣᠯ ᠬᠠᠭᠠᠰ ᠰᠠᠷ᠎ᠠ ᠪᠠᠷ ᠪᠤᠳᠤᠵᠤ᠂ ᠬᠠᠭᠠᠰ | ᠰᠠᠷ᠎ᠠ ᠠᠴᠠ ᠬᠡᠲᠦᠷᠡᠪᠡᠯ ᠨᠢᠭᠡ ᠰᠠᠷ᠎ᠠ ᠪᠠᠷ ᠪᠤᠳᠤᠨ᠎ᠠ︶᠃ | ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠲᠠᠭᠠᠯᠳᠠ ᠪᠣᠳᠠᠰ ᠢ ᠭᠡᠷ ᠪᠠᠶᠢᠰᠢᠩ ᠭᠠᠵᠠᠷ ᠰᠢᠷᠣᠶ ᠶᠢᠨ | ᠭᠦᠷᠦᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ ᠦᠷ᠎ᠡ ᠳ᠋ᠦᠩ ᠤᠨ ᠶᠣᠰᠣᠭᠠᠷ | ᠵᠣᠭᠤᠰᠣᠨ ᠤ ᠨᠥᠬᠦᠪᠥᠷᠢ ᠶᠢ ᠲᠣᠭᠲᠠᠭᠠᠨ᠎ᠠ᠃ | ᠵᠢᠷᠭᠤᠭ᠎ᠠ᠂ ᠬᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠬᠢᠭᠡᠳ ᠲᠠᠲᠠᠪᠤᠷᠢᠯᠠᠭᠰᠠᠨ ᠰᠠᠯᠠᠭ᠎ᠠ ᠮᠥᠴᠢᠷ | ᠲᠣᠭᠲᠠᠭᠰᠠᠨ ᠬᠤᠭᠤᠴᠠᠭᠠᠨ ᠤ ᠳᠣᠲᠣᠷ᠎ᠠ ︵ᠲᠠᠲᠠᠪᠤᠷᠢᠯᠠᠭᠰᠠᠨ ᠮᠡᠳᠡᠭᠳᠡᠯ ᠢ ᠣᠯᠤᠭᠰᠠᠨ ᠢᠶᠠᠷ ᠪᠠᠷᠢᠮᠵᠢᠶ᠎ᠠ ᠪᠣᠯᠭᠠᠨ᠎ᠠ︶ | ᠂ ᠲᠠᠲᠠᠪᠤᠷᠢᠯᠠᠭᠰᠠᠨ ᠨᠥᠬᠦᠪᠥᠷᠢ ᠶᠢᠨ ᠬᠡᠯᠡᠯᠴᠡᠭᠡᠷ ᠲᠣᠭᠲᠠᠭᠠᠬᠤ ᠶᠢᠨ ᠬᠠᠮᠲᠤ ᠨᠡᠭᠦᠭᠰᠡᠨ ᠡᠷᠦᠬᠡ ᠪᠦᠷᠢ ᠶᠢ | 20000 ᠲᠥᠭᠦᠷᠢᠭ ᠢᠶᠠᠷ ᠱᠠᠩᠨᠠᠨ᠎ᠠ᠃ | ᠳᠣᠯᠤᠭ᠎ᠠ᠂ ᠥᠮᠴᠢᠯᠡᠯ ᠤᠨ ᠡᠷᠬᠡ ᠶᠢ ᠰᠣᠯᠢᠵᠤ ᠲᠥᠪᠬᠢᠨᠡᠭᠦᠯᠬᠦ ᠬᠦᠷᠢᠶ᠎ᠡ ᠬᠡᠪᠴᠢᠶ᠎ᠡ | 1. ᠣᠷᠣᠨ ᠰᠠᠭᠤᠴᠠ ᠶᠢᠨ ᠭᠡᠷ ᠪᠠᠶᠢᠰᠢᠩ ᠢ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠬᠦᠷᠢᠶ᠎ᠡ ᠬᠡᠪᠴᠢᠶ᠎ᠡ | ᠱᠧᠩ ᠴᠢᠤᠸᠠᠨ ᠪᠠᠭ᠎ᠠ ᠲᠣᠭᠤᠷᠢᠭ᠂ ᠸᠧᠨ ᠴᠢᠤᠸᠠᠨ ᠪᠠᠭ᠎ᠠ ᠲᠣᠭᠤᠷᠢᠭ᠂ ᠲᠢᠶᠠᠨ ᠤᠤᠢ ᠴᠡᠴᠡᠷᠯᠢᠭ ᠪᠠᠭ᠎ᠠ | ᠲᠣᠭᠤᠷᠢᠭ᠂ ᠢᠯᠢᠨ ᠪᠠᠭ᠎ᠠ ᠲᠣᠭᠤᠷᠢᠭ᠂ ᠢᠦᠢ ᠼᠠᠢ ᠪᠠᠭ᠎ᠠ ᠲᠣᠭᠤᠷᠢᠭ᠂ ᠲᠢᠶᠠᠨ ᠤᠤᠢ ᠣᠷᠣᠨ ᠰᠠᠭᠤᠴᠠ ᠶᠢᠨ | ᠪᠠᠭ᠎ᠠ ᠲᠣᠭᠤᠷᠢᠭ ︵ᠲᠢᠶᠠᠨ ᠤᠤᠢ ᠲᠣᠰᠬᠤᠨ︶᠃ | ᠱᠧᠩ ᠴᠢᠤᠸᠠᠨ ᠪᠠᠭ᠎ᠠ ᠲᠣᠭᠤᠷᠢᠭ᠂ ᠸᠧᠨ ᠴᠢᠤᠸᠠᠨ ᠪᠠᠭ᠎ᠠ ᠲᠣᠭᠤᠷᠢᠭ᠂ ᠲᠢᠶᠠᠨ ᠤᠤᠢ ᠴᠡᠴᠡᠷᠯᠢᠭ ᠪᠠᠭ᠎ᠠ | ᠲᠣᠭᠤᠷᠢᠭ᠂ ᠢ ᠯᠢᠨ ᠪᠠᠭ᠎ᠠ ᠲᠣᠭᠤᠷᠢᠭ᠂ ᠢᠦᠢ ᠼᠠᠢ ᠪᠠᠭ᠎ᠠ ᠲᠣᠭᠤᠷᠢᠭ᠂ ᠲᠢᠶᠠᠨ ᠤᠤᠢ ᠣᠷᠣᠨ ᠰᠠᠭᠤᠴᠠ ᠶᠢᠨ | ᠪᠠᠭ᠎ᠠ ᠲᠣᠭᠤᠷᠢᠭ ︵ᠲᠢᠶᠠᠨ ᠤᠤᠢ ᠲᠣᠰᠬᠤᠨ︶ ᠢ ᠡᠭᠡᠭᠦᠯᠦᠨ ᠨᠡᠭᠦᠯᠭᠡᠬᠦ ᠣᠷᠣᠨ ᠰᠠᠭᠤᠴᠠ ᠶᠢ 3000 ᠲᠥᠭᠦᠷᠢᠭ | \ ㎡ ᠢᠶᠠᠷ ᠪᠤᠳᠤᠨ᠎ᠠ᠃ | 2. ᠡᠵᠡᠩᠨᠡᠯᠲᠡ ᠶᠢᠨ ᠭᠡᠷ ᠪᠠᠶᠢᠰᠢᠩ ᠢ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠬᠦᠷᠢᠶ᠎ᠡ ᠬᠡᠪᠴᠢᠶ᠎ᠡ | ᠲᠢᠶᠠᠨ ᡂᠢ ᠶᠢᠨ ᠴᠡᠴᠡᠷᠯᠢᠭ ᠤᠨ ᠬᠤᠳᠠᠯᠳᠤᠭᠠᠨ ᠤ ᠭᠡᠷ᠂ ᠠᠷᠪᠠᠨ ᠬᠤᠶᠠᠳᠤᠭᠠᠷ ᠵᠠᠮ ᠤᠨ ᠬᠤᠳᠠᠯᠳᠤᠭᠠᠨ ᠤ ᠭᠡᠷ | ᠂ ᠶᠠᠪᠠᠭᠠᠨ ᠵᠡᠭᠡᠯᠢ ᠶᠢᠨ ᠬᠤᠳᠠᠯᠳᠤᠭᠠᠨ ᠤ ᠭᠡᠷ᠂ ᠲᠢᠶᠠᠨ ᡂᠢ ᠶᠢᠨ ᠬᠤᠳᠠᠯᠳᠤᠭᠠᠨ ᠤ ᠲᠣᠭᠤᠷᠢᠭ ᠤᠨ | ᠬᠤᠳᠠᠯᠳᠤᠭᠠᠨ ᠤ ᠭᠡᠷ ︵ᠲᠢᠶᠠᠨ ᡂᠢ ᠲᠣᠰᠬᠤᠨ︶᠃ | ᠲᠢᠶᠠᠨ ᠤᠤᠢ ᠴᠡᠴᠡᠷᠯᠢᠭ ᠤᠨ ᠬᠤᠳᠠᠯᠳᠤᠭᠠᠨ ᠤ ᠬᠡᠷ ᠪᠠᠶᠢᠰᠢᠩ᠂ ᠠᠷᠪᠠᠨ ᠬᠤᠶᠠᠳᠤᠭᠠᠷ ᠵᠠᠮ ᠤᠨ | ᠬᠤᠳᠠᠯᠳᠤᠭᠠᠨ ᠤ ᠬᠡᠷ ᠪᠠᠶᠢᠰᠢᠩ᠂ ᠶᠠᠪᠠᠭᠠᠨ ᠵᠡᠭᠡᠯᠢ ᠶᠢᠨ ᠬᠤᠳᠠᠯᠳᠤᠭᠠᠨ ᠤ ᠬᠡᠷ ᠪᠠᠶᠢᠰᠢᠩ ᠢ ᠪᠤᠴᠠᠭᠠᠨ ᠨᠡᠭᠦᠯᠭᠡᠪᠡᠯ | ᠂ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ ᠲᠠᠯᠠᠪᠠᠶ ᠪᠠᠷ ᠰᠠᠭᠤᠷᠢ ᠲᠤᠭ᠎ᠠ ᠪᠣᠯᠭᠠᠵᠤ᠂ ᠲᠠᠲᠠᠪᠤᠷᠢᠯᠠᠭᠳᠠᠭᠰᠠᠨ | ᠲᠠᠯᠠᠪᠠᠶ ᠶᠢᠨ ᠳᠣᠲᠣᠷᠠᠬᠢ ᠶᠢ 5500 ᠲᠥᠭᠦᠷᠢᠭ \㎡ ᠢᠶᠠᠷ ᠪᠤᠳᠤᠵᠤ᠂ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ | ᠲᠠᠯᠠᠪᠠᠶ ᠠᠴᠠ ᠳᠠᠪᠠᠭᠰᠠᠨ ᠨᠢ 6500 ᠲᠥᠭᠦᠷᠢᠭ \ ㎡ ᠢᠶᠠᠷ ᠪᠤᠳᠤᠨ᠎ᠠ︔ ᠲᠢᠶᠠᠨ ᠤᠤᠢ ᠬᠤᠳᠠᠯᠳᠤᠭᠠᠨ ᠤ | ᠲᠣᠭᠤᠷᠢᠭ ︵ᠲᠢᠶᠠᠨ ᠤᠤᠢ ᠲᠤᠰᠬᠤᠨ︶ ᠤᠨ ᠬᠤᠳᠠᠯᠳᠤᠭᠠᠨ ᠤ ᠭᠡᠷ ᠢ 6000 ᠲᠥᠭᠦᠷᠢᠭ \ ㎡ ᠢᠶᠠᠷ ᠪᠤᠳᠤᠨ᠎ᠠ | ᠃ | ᠨᠠᠢᠮᠠ᠂ ᠭᠡᠷ ᠪᠠᠶᠢᠰᠢᠩ ᠢ ᠮᠠᠭᠠᠳᠯᠠᠨ ᠲᠣᠭᠲᠠᠭᠠᠬᠤ ᠠᠵᠢᠯ ᠤᠨ ᠳᠤᠭᠤᠶᠢᠯᠠᠩ ᠵᠢᠴᠢ ᠭᠡᠷ ᠪᠠᠶᠢᠰᠢᠩ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠪᠦᠷᠢᠯᠳᠦᠭᠦᠯᠦᠨ᠎ᠡ | ︵1︶ ᠪᠠᠯᠭᠠᠰᠤ᠂ ᠰᠠᠭᠤᠭᠠᠯᠢ ᠠᠷᠠᠳ ᠤᠨ ᠵᠥᠪᠯᠡᠯ᠂ ᠪᠠᠯᠭᠠᠰᠤᠨ ᠤ ᠶᠡᠷᠦᠩᠬᠡᠢ ᠬᠠᠤᠯᠢ ᠬᠡᠷᠡᠭᠵᠢᠭᠦᠯᠬᠦ | ᠲᠣᠪᠴᠢᠶ᠎ᠠ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠣᠪᠴᠢᠶ᠎ᠠ᠂ ᠲᠠᠲᠠᠪᠤᠷᠢᠯᠠᠨ ᠬᠤᠷᠢᠶᠠᠬᠤ ᠠᠯᠪᠠᠨ ᠭᠡᠷ | ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠭᠡᠷ ᠪᠠᠶᠢᠰᠢᠩ ᠢ ᠮᠠᠭᠠᠳᠯᠠᠨ ᠲᠣᠭᠲᠠᠭᠠᠬᠤ ᠠᠵᠢᠯ ᠤᠨ | ᠳᠤᠭᠤᠶᠢᠯᠠᠩ ᠢ ᠪᠦᠷᠢᠯᠳᠦᠭᠦᠯᠦᠨ᠎ᠡ᠃ | ︵2︶ 2016 ᠣᠨ ᠤ 5 ᠰᠠᠷ᠎ᠠ ᠶᠢᠨ ᠲᠢᠶᠠᠨ ᠤᠤᠢ ᠪᠠᠯᠭᠠᠰᠤᠨ ᠤ ᠬᠡᠷ ᠪᠠᠶᠢᠰᠢᠩ ᠤᠨ ᠪᠦᠷᠢᠳᠬᠡᠯ ᠤᠨ | ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠳᠡᠩᠰᠡᠯᠡᠨ ᠲᠡᠮᠳᠡᠭᠯᠡᠭᠦᠯᠦᠭᠰᠡᠨ ᠮᠥᠷᠲᠡᠭᠡᠨ | ᠲᠤᠰᠠᠭᠠᠷ ᠬᠦᠷᠢᠶ᠎ᠡ ᠨᠢ ᠬᠡᠪ ᠤᠨ ᠪᠠᠶᠢᠳᠠᠯ ᠢᠶᠠᠷ ᠣᠷᠣᠰᠢᠨ ᠰᠠᠭᠤᠵᠤ ᠳᠡᠶᠢᠯᠬᠦ ᠶᠢ ᠨᠢ ᠬᠠᠷᠢᠴᠠᠩᠭᠤᠶ ᠨᠥᠬᠦᠪᠥᠷᠢ | ᠥᠭᠬᠦ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃ | ︵3︶ 2016 ᠣᠨ ᠤ 5 ᠰᠠᠷ᠎ᠠ ᠳᠤ ᠲᠢᠶᠠᠨ ᠤᠤᠢ ᠪᠠᠯᠭᠠᠰᠤᠨ ᠤ ᠬᠡᠷ ᠪᠠᠶᠢᠰᠢᠩ ᠤᠨ ᠪᠦᠷᠢᠳᠬᠡᠯ ᠤᠨ | ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠳᠡᠩᠰᠡᠯᠡᠨ ᠲᠡᠮᠳᠡᠭᠯᠡᠭᠦᠯᠦᠭᠰᠡᠨ ᠳᠦᠷᠰᠦ | ᠰᠢᠩᠭᠡᠭᠡᠯᠲᠡ ᠶᠢᠨ ᠮᠠᠲ᠋ᠧᠷᠢᠶᠠᠯ ᠲᠠᠢ ᠬᠡᠷ ᠪᠠᠶᠢᠰᠢᠩ᠂ ᠵᠣᠬᠢᠬᠤ ᠨᠥᠬᠦᠪᠥᠷᠢ ᠥᠭᠬᠦ ᠪᠠᠷᠢᠮᠵᠢᠶ᠎ᠠ ᠪᠠᠷ ᠨᠥᠬᠦᠪᠥᠷᠢ | ᠥᠭᠭᠦᠨ᠎ᠡ᠂ ᠭᠡᠪᠡᠴᠦ ᠪᠤᠰᠤᠳ ᠱᠠᠩᠨᠠᠯ ᠭᠥᠷᠳᠡᠬᠦ ᠥᠬᠡᠶ᠃ | ᠶᠢᠰᠦ᠂ ᠲᠠᠲᠠᠪᠤᠷᠢᠯᠠᠭᠳᠠᠭᠰᠠᠨ ᠬᠥᠮᠦᠨ ᠨᠢ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠵᠦ | ᠂ ᠲᠠᠲᠠᠪᠤᠷᠢᠯᠠᠭᠳᠠᠭᠰᠠᠨ ᠭᠡᠷ ᠪᠠᠶᠢᠰᠢᠩ ᠢ ᠣᠷᠣᠨ ᠰᠠᠭᠤᠴᠠ ᠶᠢᠨ ᠭᠡᠷ ᠪᠠᠶᠢᠰᠢᠩ ᠢᠶᠠᠷ ᠮᠠᠭᠠᠳᠯᠠᠨ ᠲᠣᠭᠲᠠᠭᠠᠭᠰᠠᠨ | ᠪᠥᠭᠡᠳ ᠪᠠᠷᠢᠯᠭ᠎ᠠ ᠶᠢᠨ ᠲᠠᠯᠠᠪᠠᠢ ᠨᠢ ᠲᠠᠪᠢᠨ ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠪᠠᠯ᠂ ᠦᠮᠴᠢᠯᠡᠯ ᠤᠨ | ᠡᠷᠬᠡ ᠶᠢ ᠰᠣᠯᠢᠬᠤ ᠲᠠᠯᠠᠪᠠᠢ ᠨᠢ ᠲᠠᠪᠢᠨ ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠂ | ᠲᠠᠪᠢᠨ ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠵᠥᠷᠢᠶᠡᠲᠦ ᠦᠨ᠎ᠡ ᠡᠷᠢᠬᠦ ᠦᠭᠡᠢ︔ ᠵᠣᠭᠤᠰ ᠢᠶᠠᠷ ᠨᠥᠬᠦᠪᠥᠷᠢ | ᠥᠭᠬᠦ ᠶᠢ ᠰᠣᠩᠭᠤᠭᠰᠠᠨ ᠪᠠᠶᠢᠪᠠᠯ᠂ ᠨᠥᠬᠦᠪᠥᠷᠢ ᠥᠭᠬᠦ ᠨᠠᠭᠠᠳᠤ ᠵᠠᠬ᠎ᠠ ᠶᠢᠨ ᠵᠣᠭᠤᠰ ᠤᠨ ᠲᠤᠭ᠎ᠠ ᠶᠢ ᠲᠥᠪᠬᠢᠨᠡᠭᠦᠯᠬᠦ | ᠣᠷᠣᠨ ᠤ ᠳᠣᠲᠣᠷᠠᠬᠢ ᠲᠠᠪᠢᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠬᠤᠳᠠᠯᠳᠤᠨ ᠠᠪᠤᠭᠰᠠᠨ | ᠵᠣᠭᠤᠰ ᠤᠨ ᠲᠤᠭ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠠᠷᠪᠠ᠂ ᠦᠮᠴᠢᠯᠡᠯ ᠤᠨ ᠡᠷᠬᠡ ᠶᠢ ᠰᠣᠯᠢᠬᠤ ᠳᠤ ᠬᠡᠷᠡᠭᠯᠡᠬᠦ ᠣᠷᠣᠨ ᠰᠠᠭᠤᠴᠠ ᠶᠢᠨ ᠭᠡᠷ ᠪᠠᠶᠢᠰᠢᠩ ᠢ ᠪᠥᠳᠥᠭᠡᠨ | ᠪᠠᠶᠢᠭᠤᠯᠬᠤ ᠳᠤ᠂ ᠤᠯᠤᠰ ᠤᠨ ᠪᠣᠬᠢᠷᠲᠤᠯ ᠥᠭᠡᠢ ᠪᠠᠷᠢᠯᠭ᠎ᠠ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠠᠴᠠ ᠳᠣᠣᠷ᠎ᠠ | ᠪᠠᠶᠢᠯᠭᠠᠬᠤ ᠥᠭᠡᠢ ᠪᠠᠷ ᠵᠢᠷᠤᠭᠯᠠᠨ ᠲᠥᠯᠥᠪᠯᠡᠬᠦ ᠪᠠ ᠪᠥᠳᠥᠭᠡᠨ ᠪᠠᠶᠢᠭᠤᠯᠬᠤ ᠬᠡᠷᠡᠭᠲᠡᠶ᠃ ᠣᠷᠣᠨ ᠰᠠᠭᠤᠴᠠ ᠶᠢ | ᠲᠥᠪᠬᠢᠨᠡᠭᠦᠯᠬᠦ ᠳᠤ ᠪᠦᠬᠦ ᠵᠠᠰᠠᠯ ᠴᠢᠮᠡᠭᠯᠡᠯ ᠤᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠵᠠᠰᠠᠵᠤ ᠴᠢᠮᠡᠭᠯᠡᠬᠦ ᠬᠡᠷᠡᠭᠲᠡᠶ᠃ | ᠠᠷᠪᠠᠨ ᠨᠢᠭᠡ᠂ ᠨᠡᠭᠦᠯᠭᠡᠬᠦ ᠨᠥᠬᠦᠪᠥᠷᠢ | ᠣᠷᠣᠨ ᠰᠠᠭᠤᠴᠠ ᠶᠢᠨ ᠬᠡᠷ ᠪᠠᠶᠢᠰᠢᠩ ᠤᠨ ᠡᠷᠦᠬᠡ ᠪᠦᠷᠢ ᠳᠤ 1500 ᠲᠥᠭᠦᠷᠢᠭ ᠨᠥᠬᠦᠪᠥᠷᠢᠯᠡᠵᠦ᠂ | ᠡᠵᠡᠩᠨᠡᠯᠲᠡ ᠶᠢᠨ ᠬᠡᠷ ᠪᠠᠶᠢᠰᠢᠩ ᠤᠨ ᠡᠷᠦᠬᠡ ᠪᠦᠷᠢ ᠳᠤ 2500 ᠲᠥᠭᠦᠷᠢᠭ ᠤᠨ ᠨᠥᠬᠦᠪᠥᠷᠢ ᠶᠢᠨ ᠵᠠᠷᠤᠳᠠᠯ | ᠥᠭᠭᠦᠨ᠎ᠡ᠃ ᠳᠠᠷᠢᠵᠤ ᠦᠷᠡᠵᠢᠭᠦᠯᠬᠦ᠂ ᠲᠡᠵᠢᠭᠡᠨ ᠦᠷᠡᠵᠢᠭᠦᠯᠬᠦ ᠡᠷᠦᠬᠡ ᠵᠢᠴᠢ ᠡᠵᠡᠩᠨᠡᠯᠲᠡ ᠶᠢᠨ ᠬᠡᠪᠴᠢᠶ᠎ᠡ ᠪᠠᠷ | ᠨᠡᠯᠢᠶᠡᠳ ᠶᠡᠭᠡ ᠪᠠᠶᠢᠪᠠᠯ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠬᠡᠷᠡᠭᠯᠡᠨ᠎ᠡ᠃ | ᠵᠣᠭᠤᠰ ᠢᠶᠠᠷ ᠨᠥᠬᠦᠪᠥᠷᠢᠯᠡᠬᠦ ᠶᠢ ᠰᠣᠩᠭᠤᠭᠰᠠᠨ ᠪᠠᠶᠢᠪᠠᠯ᠂ ᠨᠢᠭᠡ ᠤᠳᠠᠭ᠎ᠠ ᠳᠤ ᠨᠡᠭᠦᠯᠭᠡᠭᠰᠡᠨ ᠨᠥᠬᠦᠪᠥᠷᠢ ᠶᠢᠨ | ᠰᠦᠢᠳᠭᠡᠯ ᠢᠶᠠᠷ ᠪᠤᠳᠤᠵᠤ᠂ ᠦᠮᠴᠢᠯᠡᠯ ᠤᠨ ᠡᠷᠬᠡ ᠶᠢ ᠰᠣᠯᠢᠬᠤ ᠶᠢ ᠰᠣᠩᠭᠤᠭᠰᠠᠨ ᠪᠠᠶᠢᠪᠠᠯ ᠬᠤᠶᠠᠷ ᠤᠳᠠᠭ᠎ᠠ ᠳᠤ | ᠨᠡᠭᠦᠯᠭᠡᠭᠰᠡᠨ ᠨᠥᠬᠦᠪᠥᠷᠢ ᠶᠢᠨ ᠰᠦᠢᠳᠭᠡᠯ ᠢᠶᠠᠷ ᠪᠤᠳᠤᠨ᠎ᠠ᠃ | ᠠᠷᠪᠠᠨ ᠬᠤᠶᠠᠷ᠂ ᠲᠥᠷ ᠴᠠᠭ ᠲᠥᠪᠬᠢᠨᠡᠭᠦᠯᠬᠦ ᠨᠥᠬᠦᠪᠥᠷᠢ | ᠦᠮᠴᠢᠯᠡᠯ ᠤᠨ ᠡᠷᠬᠡ ᠶᠢ ᠰᠣᠯᠢᠵᠤ ᠣᠷᠣᠨ ᠰᠠᠭᠤᠴᠠ ᠰᠣᠩᠭᠤᠬᠤ ᠳᠤ᠂ ᠲᠥᠪᠬᠢᠨᠡᠭᠦᠯᠬᠦ ᠬᠡᠷ ᠪᠠᠶᠢᠰᠢᠩ ᠢ | ᠪᠥᠲᠥᠭᠡᠨ ᠪᠠᠶᠢᠭᠤᠯᠬᠤ ᠶᠠᠪᠤᠴᠠ ᠳᠤ᠂ ᠬᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠢ ᠨᠡᠭᠦᠯᠭᠡᠬᠦ ᠴᠢᠬᠤᠯᠠᠲᠠᠶ | ᠮᠥᠷᠲᠡᠭᠡᠨ ᠰᠢᠯᠵᠢᠯᠲᠡ ᠶᠢᠨ ᠬᠡᠷ ᠪᠠᠶᠢᠰᠢᠩ ᠢ ᠥᠪᠡᠰᠦᠪᠡᠨ ᠰᠢᠢᠳᠪᠤᠷᠢᠯᠡᠬᠦ ᠳᠤ ᠭᠦᠷᠪᠡᠯ᠂ ᠨᠡᠭᠦᠯᠭᠡᠭᠰᠡᠨ | ᠰᠠᠷ᠎ᠠ ᠠᠴᠠ ᠡᠬᠢᠯᠡᠨ᠂ 24 ᠰᠠᠷ᠎ᠠ ᠶᠢᠨ ᠳᠣᠲᠣᠷ᠎ᠠ ᠤᠤᠯ ᠤᠨ ᠬᠡᠷ ᠪᠠᠶᠢᠰᠢᠩ ᠤᠨ ᠲᠠᠯᠠᠪᠠᠶ ᠪᠠᠷ ᠰᠠᠷ᠎ᠠ ᠪᠦᠷᠢ ᠲᠡᠭᠰᠢ | ᠳᠥᠷᠪᠡᠯᠵᠢᠨ ᠮᠧᠲᠷ ᠪᠦᠷᠢ ᠳᠤ 12 ᠲᠥᠭᠦᠷᠢᠭ ᠤᠨ ᠨᠥᠬᠦᠪᠥᠷᠢ ᠥᠭᠴᠦ᠂ ᠡᠷᠦᠬᠡ ᠪᠦᠷᠢ ᠰᠠᠷ᠎ᠠ ᠳᠤ 600 | ᠲᠥᠭᠦᠷᠢᠭ ᠬᠥᠷᠬᠦ ᠥᠬᠡᠶ ᠪᠠᠶᠢᠪᠠᠯ᠂ 600 ᠲᠥᠭᠦᠷᠢᠭ ᠢᠶᠠᠷ ᠪᠤᠳᠤᠨ᠎ᠠ︔ ᠬᠡᠷᠪᠡ ᠬᠤᠭᠤᠴᠠᠭ᠎ᠠ ᠬᠡᠲᠦᠷᠡᠭᠰᠡᠨ | ᠪᠠᠶᠢᠪᠠᠯ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠲᠠᠯᠠᠪᠠᠢ ᠶᠢᠨ ᠬᠤᠶᠠᠷ ᠳᠠᠬᠢᠨ ᠢᠶᠠᠷ ᠲᠥᠯᠥᠨ᠎ᠡ ︵ᠬᠠᠭᠠᠰ ᠰᠠᠷ᠎ᠠ | ᠬᠦᠷᠬᠦ ᠦᠭᠡᠢ ᠪᠣᠯ ᠬᠠᠭᠠᠰ ᠰᠠᠷ᠎ᠠ ᠪᠠᠷ ᠪᠣᠳᠣᠵᠤ᠂ ᠬᠠᠭᠠᠰ ᠰᠠᠷ᠎ᠠ ᠠᠴᠠ ᠬᠡᠲᠦᠷᠡᠪᠡᠯ ᠨᠢᠭᠡ ᠰᠠᠷ᠎ᠠ ᠪᠠᠷ ᠪᠣᠳᠣᠨ᠎ᠠ︶᠃ | | ᠥᠮᠴᠢᠯᠡᠯ ᠤᠨ ᠡᠷᠬᠡ ᠶᠢ ᠰᠣᠯᠢᠵᠤ ᠬᠤᠳᠠᠯᠳᠤᠭᠠᠨ ᠤ ᠭᠡᠷ ᠢ ᠰᠣᠩᠭᠤᠭᠰᠠᠨ ᠪᠣᠯ ᠲᠥᠪᠬᠢᠨᠡᠭᠦᠯᠬᠦ ᠭᠡᠷ | ᠪᠠᠶᠢᠰᠢᠩ ᠢ ᠪᠦᠲᠦᠭᠡᠨ ᠪᠠᠶᠢᠭᠤᠯᠵᠤ ᠪᠠᠶᠢᠭ᠎ᠠ ᠦᠶ᠎ᠡ ᠳᠤ᠂ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠢ | ᠨᠡᠭᠦᠯᠭᠡᠬᠦ ᠦᠨᠡᠨ ᠬᠦ ᠴᠢᠬᠤᠯᠠ ᠲᠠᠢ ᠮᠥᠷᠲᠡᠭᠡᠨ ᠰᠢᠯᠵᠢᠯᠲᠡ ᠬᠢᠬᠦ ᠶᠢ ᠥᠪᠡᠷ ᠲᠡᠭᠡᠨ ᠰᠢᠢᠳᠪᠤᠷᠢᠯᠡᠬᠦ ᠴᠢᠬᠤᠯᠠ ᠲᠠᠢ | ᠪᠣᠯ ᠨᠡᠭᠦᠯᠭᠡᠭᠰᠡᠨ ᠰᠠᠷ᠎ᠠ ᠠᠴᠠ ᠡᠬᠢᠯᠡᠨ᠂ 24 ᠰᠠᠷ᠎ᠠ ᠶᠢᠨ ᠳᠣᠲᠣᠷ᠎ᠠ ᠤᠤᠯ ᠤᠨ ᠲᠠᠲᠠᠪᠤᠷᠢᠯᠠᠭᠳᠠᠭᠰᠠᠨ ᠭᠡᠷ | ᠪᠠᠶᠢᠰᠢᠩ ᠤᠨ ᠲᠠᠯᠠᠪᠠᠢ ᠪᠠᠷ ᠰᠠᠷ᠎ᠠ ᠪᠦᠷᠢ ᠲᠡᠭᠰᠢ ᠳᠥᠷᠪᠡᠯᠵᠢᠨ ᠮᠧᠲᠷ ᠪᠦᠷᠢ ᠳᠤ 30 ᠲᠥᠭᠦᠷᠢᠭ ᠨᠦᠬᠦᠪᠦᠷᠢᠯᠡᠵᠦ | ᠂ ᠡᠷᠥᠭᠡ ᠪᠦᠷᠢ ᠳᠤ ᠰᠠᠷ᠎ᠠ ᠪᠦᠷᠢ 1500 ᠲᠥᠭᠦᠷᠢᠭ ᠬᠦᠷᠬᠦ ᠥᠭᠡᠢ ᠪᠣᠯ 1500 ᠲᠥᠭᠦᠷᠢᠭ ᠢᠶᠠᠷ ᠪᠤᠳᠤᠨ᠎ᠠ᠂ | ᠬᠡᠷᠪᠡ ᠬᠤᠭᠤᠴᠠᠭ᠎ᠠ ᠬᠡᠲᠦᠷᠡᠭᠰᠡᠨ ᠪᠣᠯ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠲᠠᠯᠠᠪᠠᠢ ᠶᠢᠨ ᠬᠤᠶᠠᠷ | ᠲᠠᠬᠢᠨ ᠢᠶᠠᠷ ᠥᠭᠭᠦᠨ᠎ᠡ ︵ᠬᠠᠭᠠᠰ ᠰᠠᠷ᠎ᠠ ᠬᠦᠷᠬᠦ ᠥᠭᠡᠢ ᠪᠣᠯ ᠬᠠᠭᠠᠰ ᠰᠠᠷ᠎ᠠ ᠪᠠᠷ ᠪᠤᠳᠤᠨ᠎ᠠ᠂ ᠬᠠᠭᠠᠰ ᠰᠠᠷ᠎ᠠ ᠠᠴᠠ | ᠬᠡᠲᠦᠷᠡᠪᠡᠯ ᠨᠢᠭᠡ ᠰᠠᠷ᠎ᠠ ᠪᠠᠷ ᠪᠤᠳᠤᠨ᠎ᠠ︶᠃ | ᠠᠷᠪᠠᠨ ᠭᠤᠷᠪᠠ᠂ ᠪᠤᠰᠤᠳ ᠵᠦᠢᠯᠡᠰ | ︵ᠨᠢᠭᠡ︶ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ ᠨᠢ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ | ᠬᠥᠮᠦᠨ ᠯᠦᠭᠡ ᠵᠥᠪᠯᠡᠯᠴᠡᠭᠡᠷ ᠲᠣᠭᠲᠠᠭᠰᠠᠨ ᠥᠭᠡᠢ᠂ ᠡᠰᠡᠬᠦᠯ᠎ᠡ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ | ᠦᠮᠴᠢᠯᠡᠯ ᠤᠨ ᠡᠷᠬᠡᠲᠦ ᠬᠥᠮᠦᠨ ᠨᠢ ᠪᠠᠷ᠎ᠠ ᠰᠤᠷᠠᠭ ᠥᠭᠡᠢ ᠪᠣᠯᠤᠭᠰᠠᠨ᠂ ᠦᠮᠴᠢᠯᠡᠯ ᠤᠨ ᠡᠷᠬᠡ ᠶᠢ ᠨᠢ ᠲᠥᠷ | ᠨᠤᠲᠠᠯᠠᠨ ᠲᠣᠭᠲᠠᠭᠠᠬᠤ ᠶᠢᠨ ᠠᠷᠭ᠎ᠠ ᠥᠭᠡᠢ ᠪᠤᠶᠤ ᠦᠮᠴᠢᠯᠡᠯ ᠤᠨ ᠡᠷᠬᠡ ᠨᠢ ᠲᠣᠳᠣᠷᠬᠠᠶ ᠥᠭᠡᠢ ᠭᠡᠷ ᠪᠠᠶᠢᠰᠢᠩ ᠢ | ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ ᠠᠴᠠ ᠲᠤᠬᠠᠶ ᠶᠢᠨ ᠭᠠᠵᠠᠷ ᠤᠨ ᠠᠯᠪᠠᠨ ᠭᠡᠷᠡᠴᠢᠯᠡᠭᠡ ᠶᠢᠨ | ᠪᠠᠶᠢᠭᠤᠯᠭ᠎ᠠ ᠳᠤ ᠬᠦᠷᠴᠦ ᠬᠤᠯᠪᠣᠭᠳᠠᠯ ᠪᠥᠬᠦᠢ ᠠᠯᠪᠠᠨ ᠭᠡᠷᠡᠴᠢᠯᠡᠭᠡ ᠬᠢᠯᠭᠡᠭᠰᠡᠨ ᠤ ᠲᠠᠷᠠᠭ᠎ᠠ᠂ ᠷᠠᠰᠢᠶᠠᠨ | ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠥᠯᠥᠪᠦᠷᠢ ᠶᠢᠨ ᠲᠣᠭᠲᠠᠭᠠᠯ ᠭᠠᠷᠭᠠᠯᠭᠠᠬᠤ ᠶᠢᠨ | ᠬᠠᠮᠲᠤ ᠭᠡᠷ ᠪᠠᠶᠢᠰᠢᠩ ᠲᠠᠲᠠᠪᠤᠷᠢᠯᠠᠬᠤ ᠬᠡᠪᠴᠢᠶᠡᠨ ᠳᠣᠲᠣᠷ᠎ᠠ ᠠᠯᠪᠠᠨ ᠵᠠᠷᠯᠠᠯ ᠨᠡᠶᠢᠲᠡᠯᠡᠨ᠎ᠡ᠃ ᠠᠯᠪᠠᠨ ᠵᠠᠷᠯᠠᠯ ᠤᠨ | ᠬᠤᠭᠤᠴᠠᠭ᠎ᠠ ᠲᠤᠯᠪᠠᠯ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠨᠢ ᠪᠠᠷ᠎ᠠ ᠰᠤᠷᠠᠭ ᠦᠭᠡᠢ ᠪᠣᠯᠤᠭᠰᠠᠨ | ᠭᠡᠷ ᠪᠠᠶᠢᠰᠢᠩ ᠤᠨ ᠭᠡᠷᠡᠴᠢ ᠪᠠᠷᠢᠮᠲᠠ ᠶᠢ ᠬᠠᠮᠠᠭᠠᠯᠠᠨ ᠬᠠᠳᠠᠭᠠᠯᠠᠬᠤ ᠳᠤ᠂ ᠲᠠᠲᠠᠪᠤᠷᠢᠯᠠᠭᠰᠠᠨ ᠲᠥᠯᠥᠪᠦᠷᠢ ᠥᠭᠬᠦ | ᠲᠣᠭᠲᠠᠭᠠᠯ ᠶᠣᠰᠣᠭᠠᠷ ᠤᠷᠢᠳ ᠢᠶᠠᠷ ᠲᠠᠲᠠᠪᠤᠷᠢᠯᠠᠨ᠎ᠠ᠃ | ᠲᠠᠲᠠᠪᠤᠷᠢᠯᠠᠭᠳᠠᠭᠰᠠᠨ ᠬᠥᠮᠦᠨ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠭᠠᠷᠭᠠᠭᠰᠠᠨ ᠭᠡᠷ ᠪᠠᠶᠢᠰᠢᠩ | ᠲᠠᠲᠠᠪᠤᠷᠢᠯᠠᠬᠤ ᠳᠤ ᠨᠥᠬᠦᠪᠥᠷᠢ ᠥᠭᠬᠦ ᠲᠣᠭᠲᠠᠭᠠᠯ ᠢ ᠵᠥᠪᠰᠢᠶᠡᠷᠡᠬᠦ ᠥᠭᠡᠢ ᠪᠣᠯ ᠬᠢᠩᠭᠠᠨ ᠠᠶᠢᠮᠠᠭ ᠤᠨ | ᠵᠠᠬᠢᠷᠭ᠎ᠠ ᠳᠤ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠬᠢᠩᠭᠠᠨ ᠠᠶᠢᠮᠠᠭ ᠤᠨ ᠠᠷᠠᠳ | ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠬᠦ ᠪᠠᠷ ᠬᠠᠤᠯᠢ ᠶᠣᠰᠣᠭᠠᠷ | ᠳᠤᠷᠠᠳᠴᠤ ᠪᠣᠯᠤᠨ᠎ᠠ᠃ | ︵ᠬᠤᠶᠠᠷ︶ ᠲᠠᠲᠠᠪᠤᠷᠢᠯᠠᠭᠳᠠᠭᠰᠠᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠠᠰᠠᠭ | ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠥᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ | ᠥᠭᠡᠢ᠂ ᠲᠥᠯᠥᠪᠦᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠨᠡᠭᠦᠯᠭᠡᠬᠦ ᠥᠭᠡᠢ᠂ ᠠᠷᠠᠳ | ᠤᠨ ᠰᠢᠭᠦᠬᠦ ᠬᠤᠷᠢᠶ᠎ᠠ ᠠᠴᠠ ᠭᠦᠢᠴᠡᠳᠬᠡᠬᠦ ᠶᠢ ᠨᠢ ᠵᠥᠪᠰᠢᠶᠡᠷᠡᠬᠦ ᠪᠠᠷ ᠲᠣᠭᠲᠠᠭᠠᠯᠲᠠ ᠭᠠᠷᠭᠠᠭᠰᠠᠨ ᠪᠣᠯ ᠷᠠᠰᠢᠶᠠᠨ | ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠤᠶᠤ ᠷᠠᠰᠢᠶᠠᠨ | ᠬᠤᠳᠠ ᠶᠢᠨ ᠠᠷᠠᠳ ᠤᠨ ᠰᠢᠭᠦᠬᠦ ᠬᠤᠷᠢᠶ᠎ᠠ ᠠᠴᠠ ᠭᠦᠢᠴᠡᠳᠬᠡᠨ᠎ᠡ᠃ | ︵ᠭᠤᠷᠪᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠲᠣᠭᠲᠠᠭᠠᠯ ᠠᠴᠠ ᠵᠥᠷᠢᠴᠡᠵᠦ᠂ ᠬᠠᠤᠯᠢ ᠪᠤᠰᠤ | ᠠᠷᠭ᠎ᠠ ᠠᠪᠴᠤ ᠪᠠᠶᠢᠭᠠᠳ ᠬᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠢ ᠠᠯᠪᠠᠳᠠᠨ ᠨᠡᠭᠦᠯᠭᠡᠵᠦ ᠪᠣᠯᠬᠤ | ᠥᠭᠡᠢ᠃ ᠡᠭᠦᠨ ᠠᠴᠠ ᠪᠤᠯᠵᠤ ᠬᠡᠷ ᠪᠠᠶᠢᠰᠢᠩ ᠲᠠᠲᠠᠪᠤᠷᠢᠯᠠᠭᠳᠠᠭᠰᠠᠨ ᠬᠥᠮᠦᠨ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ ᠰᠢᠭᠤᠳ ᠬᠠᠷᠢᠭᠤᠴᠠᠵᠤ ᠪᠠᠶᠢᠭ᠎ᠠ ᠡᠷᠭᠢᠯᠡᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠤᠷᠢᠯᠡᠨ᠎ᠡ᠃ | ︵ᠳᠥᠷᠪᠡ︶ ᠬᠡᠷ ᠪᠠᠶᠢᠰᠢᠩ ᠢ ᠲᠠᠲᠠᠪᠤᠷᠢᠯᠠᠬᠤ ᠶᠠᠪᠤᠴᠠ ᠳᠤ᠂ ᠬᠡᠷ ᠪᠠᠶᠢᠰᠢᠩ ᠢ ᠲᠠᠲᠠᠪᠤᠷᠢᠯᠠᠬᠤ ᠶᠢ | ᠬᠡᠷᠡᠭᠵᠢᠭᠦᠯᠵᠦ ᠪᠠᠶᠢᠭ᠎ᠠ ᠨᠢᠭᠡᠴᠡ ᠶᠢᠨ ᠠᠵᠢᠯᠲᠠᠨ ᠢ ᠰᠦᠷᠳᠡᠭᠦᠯᠦᠭᠰᠡᠨ᠂ ᠭᠤᠲᠤᠭᠠᠨ ᠳᠣᠷᠣᠮᠵᠢᠯᠠᠭᠰᠠᠨ᠂ | ᠵᠣᠳᠣᠭᠰᠠᠨ ᠪᠤᠶᠤ ᠪᠤᠰᠤᠳ ᠦᠢᠯᠡ ᠠᠵᠢᠯᠯᠠᠭ᠎ᠠ ᠪᠠᠷ ᠠᠵᠢᠯᠲᠠᠨ ᠤ ᠠᠯᠪᠠᠨ ᠠᠵᠢᠯ ᠭᠦᠢᠴᠡᠳᠭᠡᠬᠦ ᠶᠢ ᠬᠠᠷᠰᠢᠯᠠᠭᠰᠠᠨ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ᠶᠣᠰᠣᠭᠠᠷ ᠰᠢᠳᠭᠡᠨ᠎ᠡ︔ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠪᠤᠶᠤ | ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠵᠢᠱᠢᠭᠴᠢ ᠬᠤᠳᠠᠯ ᠬᠠᠭᠤᠷᠮᠠᠭ ᠪᠤᠶᠤ ᠬᠦᠨᠳᠦ ᠶᠡᠭᠡ ᠠᠯᠳᠠᠭ᠎ᠠ ᠲᠠᠢ | ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠭᠰᠠᠨ ᠪᠠᠶᠢᠪᠠᠯ᠂ ᠲᠠᠲᠠᠪᠤᠷᠢᠯᠠᠨ ᠬᠤᠷᠢᠶᠠᠬᠤ ᠰᠠᠯᠠᠭ᠎ᠠ ᠮᠥᠴᠢᠷ ᠠᠴᠠ | ᠦᠨᠡᠮᠯᠡᠯ ᠣᠯᠭᠤᠭᠰᠠᠨ ᠪᠠᠶᠢᠭᠤᠯᠭ᠎ᠠ ᠳᠤ ᠳᠡᠪᠰᠢᠭᠦᠯᠵᠦ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠤᠭᠤᠯᠵᠤ᠂ ᠳᠣᠩᠭᠤᠳᠴᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠨ ᠵᠢᠱᠢᠭᠴᠢ ᠶᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠢᠷᠢ ᠴᠢᠳᠠᠯ ᠤᠨ ᠦᠨᠡᠮᠯᠡᠯ᠂ | ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ︔ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ︔ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ |