ᠰᠢᠨ ᠴᠧᠩ ᠵᠡᠭᠡᠯᠢ ︽ᠰᠦᠯᠵᠢᠶᠡᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2021/10/18
     10 ᠰᠠᠷ᠎ᠠ ᠶᠢᠨ 14 ᠤ ᠡᠳᠦᠷ᠂  ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠤᠬᠠᠭᠤᠯᠭ᠎ᠠ ᠶᠢᠨ ᠠᠯᠪᠠᠨ ᠭᠡᠷ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠲᠤᠰᠬᠠᠢ ᠠᠵᠢᠯᠯᠠᠭ᠎ᠠ ᠦᠷᠨᠢᠭᠦᠯᠪᠡ᠃      ᠠᠵᠢᠯᠯᠠᠭᠠᠨ ᠤ ᠳᠤᠮᠳᠠ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂  ᠲᠠᠭᠤ ᠲᠤᠮᠤᠭᠠᠷᠠᠭᠤᠯᠤᠭᠴᠢ  ᠪᠠᠷ ᠨᠡᠪᠳᠡᠷᠡᠭᠦᠯᠬᠦ᠂ ᠸᠢᠴᠠᠲ ᠬᠤᠯᠪᠤᠭ᠎ᠠ ᠵᠡᠷᠭᠡ ᠶᠢ ᠠᠰᠢᠭᠯᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠤᠬᠠᠭᠤᠯᠬᠤ ᠭᠡᠰᠢᠭᠦᠨ ᠲᠤᠬᠠᠶ ᠶᠢᠨ ᠲᠠᠯᠠᠪᠠᠶ ᠳᠤ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ  ᠦᠭᠴᠡᠢ᠃  ᠪᠠᠰᠠ ᠲᠤᠬᠠᠢ  ᠶᠢᠨ ᠲᠠᠯᠠᠪᠦᠷ ᠲᠤ ᠰᠦᠯᠵᠢᠶᠡᠨ ᠤ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠥᠭᠴᠦ᠂ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠠᠵᠢᠯ ᠪᠠ ᠠᠮᠢᠳᠤᠷᠠᠯ ᠤᠨ ᠳᠤᠮᠳᠠ ᠴᠤᠤᠷᠬᠠᠯ ᠢ ᠬᠡᠷᠬᠢᠨ ᠢᠯᠭᠠᠨ ᠲᠠᠨᠢᠬᠤ᠂ ᠰᠠᠭᠤᠭᠠᠯᠢ ᠠᠷᠠᠳ ᠢ ᠰᠦᠯᠵᠢᠶᠡᠨ ᠳᠤ ᠪᠣᠯᠪᠠᠰᠤᠨ ᠢᠶᠠᠷ ᠭᠠᠷᠬᠤ ᠶᠢ ᠤᠷᠢᠶᠠᠯᠠᠬᠤ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠥᠬᠡᠶ ᠪᠠᠶᠢᠬᠤ ᠶᠢ ᠰᠠᠶᠢᠲᠤᠷ ᠬᠠᠮᠠᠭᠠᠯᠠᠬᠤ ᠵᠡᠷᠭᠡ ᠮᠡᠳᠡᠯᠭᠡ ᠶᠢ ᠤᠬᠠᠭᠤᠯᠪᠠ᠃ ᠳᠥᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠤᠯᠠᠨ ᠲᠦᠮᠡᠨ ᠢ ᠰᠦᠯᠵᠢᠶᠡᠨ ᠤ ᠠᠮᠤᠷ ᠲᠦᠪᠰᠢᠨ ᠤ ᠲᠤᠬᠠᠢ ᠮᠡᠳᠡᠯᠭᠡ ᠳᠤ ᠬᠠᠳᠠᠩᠰᠢᠭᠤᠯᠵᠤ᠂ ᠡᠭᠦᠨ ᠤ ᠤᠯᠠᠮ ᠠᠴᠠ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠬᠡᠪᠴᠢᠶᠡᠨ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃   ᠲᠤᠰ ᠤᠳᠠᠭᠠᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠠᠷᠠᠳ ᠤᠯᠠᠨ ᠳᠤ ᠲᠤᠤᠷ ᠰᠦᠯᠵᠢᠶᠡᠨ ᠤ ᠲᠦᠬᠦᠮ ᠳᠦᠳᠡ ᠠᠰᠢᠭ ᠲᠤᠰᠠ ᠶᠢ ᠭᠦᠢᠴᠡᠳ ᠡᠳ᠋ᠯᠡᠭᠦᠯᠬᠦ ᠶᠢᠨ ᠬᠠᠮᠲᠤ ᠰᠦᠯᠵᠢᠶᠡᠨ ᠤ ᠲᠠᠭᠠᠷᠢᠯᠳᠠ᠂ ᠰᠦᠯᠵᠢᠶᠡᠨ ᠤ ᠮᠡᠬᠡᠯᠡᠯ᠂ ᠰᠦᠯᠵᠢᠶᠡᠨ ᠤ ᠡᠷᠬᠡ ᠳᠤ ᠬᠠᠯᠳᠠᠬᠤ ᠶᠠᠪᠤᠳᠠᠯ ᠪᠠᠶᠢᠨ ᠲᠠᠬᠢᠨ ᠭᠠᠷᠴᠤ ᠪᠠᠶᠢᠬᠤ ᠶᠢ ᠰᠡᠷᠭᠡᠭ ᠢᠶᠠᠷ ᠣᠯᠵᠤ ᠬᠠᠷᠠᠭᠤᠯᠬᠤ ᠶᠢᠨ ᠲᠠᠭᠠᠤ ᠤᠬᠠᠭᠤᠯᠭ᠎ᠠ ᠶᠢᠨ ᠠᠵᠢᠯᠯᠠᠭ᠎ᠠ ᠳᠤᠮᠳᠠ ᠤᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠦᠨᠳᠦᠰᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠮᠠᠨ ᠤ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠬᠤ ᠶᠢᠨ ᠲᠥᠯᠥᠭᠡ ᠶᠤᠮ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠢᠨ ᠴᠧᠩ ᠵᠡᠭᠡᠯᠢ ᠠᠷᠠᠳ ᠣᠯᠠᠨ ᠪᠠ ᠠᠵᠤ ᠠᠬᠤᠶᠢᠯᠠᠯ ᠤᠨ ᠺᠠᠳ᠋ᠷ ᠠᠵᠢᠯᠲᠠᠨ ᠤ ᠪᠥᠬᠦ ᠠᠵᠢᠯᠲᠠᠨ ᠤ ᠣᠷᠣᠯᠴᠠᠬᠤ ᠬᠡᠮᠵᠢᠶ᠎ᠡ ᠶᠢ ᠢᠳᠡᠪᠬᠢᠲᠡᠶ ᠳᠡᠭᠡᠭᠰᠢᠯᠡᠭᠦᠯᠵᠦ᠂ ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠳᠥᠯᠭᠢᠨ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠪᠠ᠃  
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号