ᠷᠠᠰᠢᠶᠠᠨ ᠬᠤᠲᠠ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠶᠠᠷᠢᠯᠴᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/10/18
  10 ᠰᠠᠷ᠎ᠠ ᠶᠢᠨ 14 ᠤ ᠡᠳᠦᠷ᠂ ᠷᠠᠰᠢᠶᠠᠨ ᠬᠤᠳᠠ ᠬᠤᠳᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠬᠠᠨ ᠴᠠᠩ ᠵᠢᠦ ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠫᠧᠩ ᠴᠢ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠳᠡᠭᠡᠳᠦ ᠵᠡᠷᠭᠡ ᠶᠢᠨ ᠢᠨᠵᠧᠨᠧᠷ᠂ ᠳᠡᠳ᠋ ᠳᠠᠷᠤᠭ᠎ᠠ ᠯᠢᠦ ᠴᠢᠩ ᠫᠦᠸᠧ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃  ᠬᠤᠷᠠᠯ ᠠᠴᠠ ᠷᠠᠰᠢᠶᠠᠨ ᠤ ᠬᠤᠳᠠ ᠶᠢᠨ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ ᠶᠢ ᠴᠢᠨᠠᠭᠰᠢᠳᠠ ᠠᠬᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠢ᠃   ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠶᠠᠩ ᠶᠦᠩ ᠵᠢᠦ ᠯᠢᠦ ᠴᠢᠩ ᠫᠦᠸᠧ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠣᠯᠤᠭᠰᠠᠨ ᠱᠠᠳᠤᠴᠢ ᠴᠢᠨᠠᠷᠲᠠᠢ ᠠᠮᠵᠢᠯᠲᠠ ᠶᠢ ᠨᠤᠲᠠᠯᠠᠪᠠ᠃ ᠲᠡᠷᠡ᠂ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠨᠢ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠣᠷᠣᠨ ᠵᠠᠶ ᠶᠢᠨ ᠪᠠᠶᠢᠷᠢᠰᠢᠯ᠂ ᠡᠯᠧᠮᠧᠨ᠋ᠲ ᠤᠨ ᠲᠣᠬᠢᠷᠠᠭᠤᠯᠤᠯᠲᠠ ᠵᠡᠷᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠪᠠ ᠤᠳᠤᠷᠢᠳᠤᠮᠵᠢ ᠪᠣᠯᠬᠤ ᠦᠢᠯᠡᠳᠦᠯ ᠲᠠᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠣᠷᠣᠨ ᠤ ᠵᠤᠭᠠᠴᠠᠯ ᠤᠨ ᠨᠡᠷ᠎ᠡ ᠶᠢᠨ ᠬᠠᠭᠤᠳᠠᠰᠤ᠂ ᠪᠥᠬᠦ ᠠᠶᠢᠮᠠᠭ ᠤᠨ ᠵᠤᠭᠠᠴᠠᠯ ᠤᠨ ᠬᠥᠲᠥᠴᠢ ᠪᠠᠶᠢᠭᠤᠯᠬᠤ ᠲᠤᠬᠠᠶ ᠶᠡᠷᠦᠩᠬᠡᠶ ᠱᠠᠭᠠᠷᠳᠠᠯᠭ᠎ᠠ ᠳᠤ ᠴᠢᠭᠯᠡᠭᠦᠯᠦᠨ᠂ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠯᠤᠰ ᠤᠨ ᠳᠣᠲᠣᠭᠠᠳᠤ ᠳᠤ ᠲᠡᠷᠢᠭᠦᠨ ᠲᠠᠰ ᠤᠨ᠂ ᠳᠡᠯᠡᠬᠡᠶ ᠳᠤ ᠠᠯᠳᠠᠷᠲᠠᠶ︾ ᠵᠤᠭᠠᠴᠠᠯ ᠤᠨ ᠠᠮᠠᠷᠠᠯᠲᠠ ᠶᠢᠨ ᠣᠷᠣᠨ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠬᠠᠷᠢᠶ᠎ᠠ ᠣᠷᠣᠨ ᠲᠠᠷᠤᠢ ᠦᠵᠡᠮᠵᠢ ᠶᠢᠨ ᠣᠷᠣᠨ︾ ᠪᠠ ︽ᠦᠵᠡᠮᠵᠢ ᠬᠤᠲᠠ ᠶᠢ ᠠᠭᠤᠰᠤᠯᠴᠠᠭᠤᠯᠬᠤ︾ ᠣᠨᠣᠯᠵᠢᠬᠤᠨ ᠢ ᠦᠢᠯᠡᠳᠦᠯᠭᠡᠵᠢᠭᠦᠯᠵᠦ᠂ ᠲᠥᠯᠥᠪᠵᠢᠭᠦᠯᠦᠨ ᠵᠢᠷᠤᠵᠤ ᠲᠥᠯᠥᠪᠯᠡᠬᠦ ᠠᠵᠢᠯ ᠢ ᠥᠨᠳᠥᠷ ᠬᠢᠷᠢ ᠲᠦᠪᠰᠢᠨ᠂ ᠥᠨᠳᠥᠷ ᠡᠬᠢᠯᠡᠯᠲᠡ ᠲᠠᠢ᠂ ᠴᠢᠨᠠᠷ ᠰᠠᠶᠢᠲᠠᠶ ᠪᠠᠷ ᠳᠥᠯᠭᠢᠨ ᠠᠬᠢᠭᠤᠯᠵᠤ᠂ ᠨᠠᠶᠢᠳᠠᠪᠤᠷᠢᠵᠢᠭᠤᠯᠵᠤ ᠪᠣᠯᠬᠤ᠂ ᠬᠡᠷᠡᠭᠵᠢᠭᠦᠯᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠳᠠᠮᠵᠢᠳᠦ ᠴᠢᠨᠠᠷ ᠪᠣᠯᠤᠨ ᠦᠵᠡᠮᠵᠢ ᠶᠢᠨ ᠴᠢᠨᠠᠷ ᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠵᠤ᠂ ᠳᠥᠭᠦᠮ ᠳᠥᠲᠡ ᠴᠢᠨᠠᠷ ᠢ ᠴᠢᠩᠭᠠᠳᠬᠠᠵᠤ᠂ ᠲᠠᠲᠠᠬᠤ ᠬᠦᠴᠦᠨ ᠢ ᠳᠡᠭᠡᠭᠰᠢᠯᠡᠭᠦᠯᠵᠦ᠂ ᠬᠤᠳᠠ ᠶᠢᠨ ᠠᠷᠠᠳ ᠤᠨ ᠠᠮᠢᠳᠤᠷᠠᠯ ᠪᠣᠯᠤᠨ ᠵᠤᠭᠠᠴᠠᠭᠰᠠᠳ ᠤᠨ ᠬᠡᠷᠡᠭᠴᠡᠭᠡ ᠶᠢ ᠦᠨᠡᠨ ᠬᠦ ᠬᠠᠩᠭᠠᠵᠤ᠂ ︽ᠡᠵᠡᠨ ᠵᠣᠴᠢᠨ ᠬᠠᠮᠲᠤᠪᠠᠷ ᠡᠳ᠋ᠯᠡᠬᠦ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠡᠷᠡᠭᠯᠡᠭᠡᠨ ᠤ ᠴᠢᠨᠠᠷ ᠪᠣᠯᠤᠨ ᠪᠥᠬᠡᠯᠢᠭ ᠴᠢᠨᠠᠷ ᠢ ᠬᠠᠮᠲᠤ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠪᠠᠷᠢᠮᠵᠢᠶ᠎ᠠ ᠶᠢ ᠴᠢᠩᠭ᠎ᠠ ᠠᠳᠬᠤᠵᠤ᠂ ᠰᠣᠶᠣᠯ ᠤᠨ ᠡᠯᠧᠮᠧᠨ᠋ᠲ ᠲᠤ ᠠᠭᠤᠰᠤᠯᠴᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠣᠳᠣᠨ ᠢᠨᠵᠧᠨᠧᠷᠢᠩ ᠢ ᠪᠠᠶᠢᠭᠤᠯᠬᠤ ᠬᠡᠷᠡᠭᠲᠡᠢ᠃ ᠦᠢᠯᠡᠴᠢᠯᠡᠭᠡᠨ ᠤ ᠴᠢᠳᠠᠪᠬᠢ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠ ᠶᠢᠨ  ᠨᠠᠷᠢᠯᠢᠭ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠲᠦᠷᠢ ᠲᠥᠷᠬᠦ ᠪᠣᠯᠤᠨ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠶᠠᠩ ᠶᠦᠩ ᠵᠢᠦ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠳ ᠨᠠᠷᠢᠨ ᠨᠢᠮᠪᠠᠶ ᠠᠵᠢᠯ ᠤᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠱᠠᠳᠤᠴᠢ ᠴᠢᠨᠠᠷᠲᠠᠶ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠴᠠᠭ ᠬᠤᠭᠤᠴᠠᠭ᠎ᠠ ᠨᠢ ᠶᠠᠰᠤ ᠴᠢᠨᠠᠷ ᠢ ᠳᠠᠭᠠᠬᠤ᠂ ᠶᠠᠰᠤ ᠴᠢᠨᠠᠷ ᠨᠢ ᠬᠡᠷᠡᠭᠴᠡᠭᠡ ᠶᠢ ᠳᠠᠭᠠᠬᠤ ᠵᠠᠷᠴᠢᠮ ᠢ ᠪᠠᠷᠢᠮᠲᠠᠯᠠᠨ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠨᠠᠩ ᠯᠠᠪᠳᠠᠭᠤᠨ ᠪᠠᠲᠤᠲᠠᠶ ᠰᠤᠷᠲᠠᠯ ᠪᠠ ᠬᠦᠴᠦᠲᠡᠶ ᠠᠷᠭ᠎ᠠ ᠬᠡᠮᠵᠢᠶ᠎ᠡ ᠪᠠᠷ ᠮᠠᠨ ᠤ ᠬᠤᠲᠠ ᠶᠢᠨ ᠣᠨᠴᠠᠯᠢᠭ ᠲᠤ ᠨᠡᠶᠢᠴᠡᠭᠰᠡᠨ ᠬᠤᠲᠠ ᠶᠢᠨ ᠲᠥᠯᠥᠪᠵᠢᠭᠦᠯᠭᠡ ᠶᠢ ᠴᠢᠷᠮᠠᠶᠢᠨ ᠪᠦᠷᠢᠯᠳᠦᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃   ᠯᠢᠦ ᠴᠢᠩ ᠫᠦᠸᠧ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠤᠨ ᠳᠤᠮᠳᠠ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠦᠨ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠵᠤ᠂ ᠵᠣᠭᠰᠣᠴᠠ ᠶᠢᠨ ᠳᠡᠭᠡᠳᠦ ᠲᠠᠰ ᠤᠨ᠂ ᠠᠯᠤᠰ ᠬᠡᠲᠦ ᠶᠢ ᠰᠦᠪᠡᠭᠴᠢᠯᠡᠬᠦ᠂ ᠪᠣᠳᠠᠲᠠᠶ ᠳᠤ ᠨᠡᠶᠢᠴᠡᠭᠰᠡᠨ ᠬᠤᠲᠠ ᠶᠢᠨ ᠲᠥᠯᠥᠪᠵᠢᠭᠦᠯᠭᠡ ᠶᠢ ᠪᠣᠶ ᠪᠣᠯᠭᠠᠬᠤ ᠶᠢ ᠦᠨᠡᠨ ᠬᠦ ᠪᠠᠲᠤᠯᠠᠵᠤ᠂ ᠷᠠᠰᠢᠶᠠᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号