| ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠲᠠᠷᠤᠮᠠᠯᠯᠠᠨ ᠲᠠᠷᠬᠠᠭᠠᠭᠰᠠᠨ ﹇2021﹈ 18 ᠳ᠋ᠤᠭᠠᠷ | ᠲᠣᠭᠠᠲᠤ ᠪᠢᠴᠢᠭ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ | ᠨᠠᠮ ᠤᠨ ᠬᠤᠷᠢᠶ᠎ᠠ ᠶᠢᠨ ᠡᠯ᠎ᠡ ᠬᠡᠯᠳᠡᠰ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ | ᠬᠠᠮᠢᠶᠠᠷᠤᠯᠲᠠ ᠶᠢᠨ ᠨᠢᠭᠡᠴᠡ ᠳᠤ᠄ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠠᠶᠢᠮᠠᠭ ᠤᠨ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠪᠠ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠯᠠ ᠣᠷᠣᠭᠤᠯᠬᠤ ᠠᠷᠭ᠎ᠠ ᠵᠠᠮ ᠢ ᠥᠷᠭᠡᠳᠬᠡᠨ᠂ | ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠣᠷᠣᠯᠴᠠᠬᠤ ᠶᠢ | ᠭᠦᠢᠴᠡᠳ ᠳᠠᠶᠢᠴᠢᠯᠠᠨ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠦᠯᠦᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠰᠤᠳᠤᠯᠤᠨ | ᠲᠣᠭᠲᠠᠭᠠᠯᠭᠠᠭᠠᠳ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠪᠠᠷ ᠪᠤᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠯᠠᠪᠯᠠᠯᠲᠠ ᠪᠣᠯᠭᠠᠨ | ᠬᠡᠷᠡᠭᠵᠢᠭᠦᠯᠬᠦ ᠪᠣᠯᠪᠠᠤ᠃ | | ᠳᠠᠭᠠᠯᠳᠤᠭᠤᠯᠤᠯ᠄ | 1. ︽ᠷᠠᠰᠢᠶᠠᠨ ᠬᠤᠲᠠ ᠶᠢᠨ ᠲᠣᠮᠢᠯᠠᠨ ᠰᠠᠭᠤᠯᠭᠠᠭᠰᠠᠨ ᠬᠤᠳᠠᠯᠳᠤᠭᠠᠴᠢᠨ ᠤᠷᠢᠬᠤ ᠡᠯᠴᠢᠨ ᠰᠠᠶᠢᠳ ᠤᠨ | ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ︾ | 2. ︽ᠷᠠᠰᠢᠶᠠᠨ ᠬᠤᠲᠠ ᠶᠢᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠤ | ᠬᠠᠮᠢᠶᠠᠷᠤᠯᠲᠠ ᠶᠢᠨ ᠠᠷᠭ᠎ᠠ︾ | 3. ︽ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ︾ | 4. ︽ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠱᠠᠩᠨᠠᠬᠤ ᠠᠷᠭ᠎ᠠ︾ | 5. ︽ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠢᠨᠠᠨ ᠰᠢᠯᠭᠠᠵᠤ | ᠬᠤᠪᠢ ᠣᠯᠭᠤᠬᠤ ᠪᠠᠷᠢᠮᠵᠢᠶ᠎ᠠ︾ | | 2021 ᠣᠨ ᠤ 4 ᠰᠠᠷ᠎ᠠ ᠶᠢᠨ 20 ᠤ ᠡᠳᠦᠷ | ᠳᠠᠭᠠᠯᠳᠤᠭᠤᠯᠤᠯ 1᠄ | ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠬᠤ ᠡᠯᠴᠢ ᠶᠢ ᠲᠣᠮᠢᠯᠠᠨ ᠰᠠᠭᠤᠯᠭᠠᠭᠰᠠᠨ | ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ | | ᠮᠠᠨ ᠤ ᠬᠤᠲᠠ ᠶᠢᠨ ᠭᠠᠳᠠᠷ ᠭᠠᠵᠠᠷ ᠲᠤ ᠰᠠᠭᠤᠭ᠎ᠠ ᠬᠤᠳᠠᠯᠳᠤᠭᠠᠴᠢᠨ ᠤᠷᠢᠬᠤ ᠡᠯᠴᠢ ᠶᠢ ᠤᠯᠠᠮ ᠨᠢᠭᠡ | ᠠᠯᠬᠤᠮ ᠵᠢᠷᠤᠮᠵᠢᠭᠤᠯᠤᠨ ᠬᠠᠮᠢᠶᠠᠷᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡᠳᠦᠯ ᠢ ᠦᠨᠡᠨ ᠬᠦ | ᠪᠠᠳᠠᠷᠠᠭᠤᠯᠬᠤ ᠶᠢᠨ ᠲᠦᠯᠦᠭᠡ᠂ ︽ᠬᠢᠩᠭᠠᠨ ᠠᠶᠢᠮᠠᠭ ᠤᠨ ᠲᠣᠮᠢᠯᠠᠨ ᠰᠠᠭᠤᠯᠭᠠᠭᠰᠠᠨ ᠬᠤᠳᠠᠯᠳᠤᠭᠠᠴᠢᠨ ᠤᠷᠢᠬᠤ | ᠡᠯᠴᠢ ᠶᠢᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ︾ ᠪᠠᠷ ᠯᠠᠪᠯᠠᠯᠲᠠ ᠪᠣᠯᠭᠠᠬᠤ ᠶᠢᠨ ᠬᠠᠮᠲᠤ᠂ ᠮᠠᠨ ᠤ | ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠪᠠ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠤᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠲᠣᠰ ᠠᠷᠭ᠎ᠠ ᠳᠤ ᠲᠤᠰᠬᠠᠶᠢᠯᠠᠨ ᠵᠠᠰᠠᠪᠤᠷᠢ | ᠤᠷᠤᠭᠤᠯᠪᠠ᠃ | ᠨᠢᠭᠡᠳᠦᠭᠡᠷ ᠪᠦᠯᠦᠭ ᠬᠠᠮᠢᠶᠠᠷᠤᠯᠲᠠ | ᠨᠢᠭᠡᠳᠦᠭᠡᠷ ᠵᠦᠢᠯ ᠬᠤᠳᠠᠯᠳᠤᠭᠠᠴᠢᠨ ᠤᠷᠢᠬᠤ ᠡᠯᠴᠢ ᠶᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠰᠣᠩᠭᠤᠨ ᠲᠣᠮᠢᠯᠠᠵᠤ᠂ ᠪᠦᠬᠦᠯᠢ 55 ᠨᠠᠰᠤᠨ ᠠᠴᠠ ᠳᠣᠷᠣᠭᠰᠢᠬᠢ᠂ ᠳᠡᠳ᠋ ᠰᠠᠯᠠᠭᠠᠨ ᠲᠠᠰ ᠠᠴᠠ | ᠳᠡᠭᠡᠭᠰᠢᠬᠢ᠂ ᠵᠣᠬᠢᠬᠤ ᠠᠵᠤ ᠠᠬᠤᠶ ᠶᠢᠨ ᠠᠵᠢᠯ ᠤᠨ ᠥᠩᠭᠡᠷᠡᠯᠲᠡ ᠲᠠᠢ᠂ ᠪᠤᠰᠤᠳ ᠲᠠᠢ ᠬᠠᠷᠢᠯᠴᠠᠬᠤ᠂ | ᠬᠡᠯᠡᠯᠴᠡᠭᠡ ᠬᠢᠬᠦ ᠳᠡᠭᠡᠨ ᠴᠢᠳᠠᠮᠠᠭᠠᠶ᠂ ᠬᠦᠮᠦᠰ ᠤᠨ ᠬᠠᠷᠢᠴᠠᠭᠠᠨ ᠤ ᠴᠢᠳᠠᠪᠦᠷᠢ ᠪᠠᠷ ᠨᠡᠯᠢᠶᠡᠳ ᠰᠠᠶᠢᠨ ᠺᠠᠳ᠋ᠷ ᠢ | ᠰᠣᠩᠭᠤᠨ ᠲᠣᠮᠢᠯᠠᠬᠤ ᠶᠢ ᠱᠠᠭᠠᠷᠳᠠᠨ᠎ᠠ᠃ | ᠬᠤᠶᠠᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠶᠢ ᠷᠠᠰᠢᠶᠠᠨ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠨᠢᠭᠡᠳᠦᠯᠲᠡᠶ ᠳᠣᠭᠢᠷᠠᠭᠤᠯᠤᠨ᠂ ᠵᠢᠯᠣᠭᠤᠳᠴᠤ᠂ ᠬᠠᠮᠢᠶᠠᠷᠴᠤ᠂ ᠬᠢᠨᠠᠨ | ᠰᠢᠯᠭᠠᠨ᠎ᠠ᠃ | ᠭᠤᠷᠪᠠᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠶᠢ ᠲᠣᠮᠢᠯᠠᠨ ᠰᠠᠭᠤᠯᠭᠠᠬᠤ ᠬᠤᠭᠤᠴᠠᠭ᠎ᠠ ᠨᠢ 3 | ᠵᠢᠯ ᠪᠣᠯᠤᠨ᠎ᠠ᠂ ᠲᠣᠮᠢᠯᠠᠨ ᠰᠠᠭᠤᠯᠭᠠᠬᠤ ᠬᠤᠭᠤᠴᠠᠭ᠎ᠠ ᠨᠢ ᠳᠦᠭᠦᠷᠪᠡᠯ ᠠᠰ ᠲᠤᠨᠢ ᠰᠢᠯᠵᠢᠭᠦᠯᠦᠨ ᠲᠣᠬᠢᠷᠠᠭᠤᠯᠵᠤ | ᠪᠣᠯᠤᠨ᠎ᠠ᠂ ᠲᠣᠰ ᠬᠥᠮᠦᠨ ᠵᠠᠯᠭᠠᠵᠦ ᠰᠠᠭᠤᠬᠤ ᠬᠦᠰᠡᠯ ᠲᠠᠢ ᠪᠣᠯ ᠦᠷᠭᠦᠯᠵᠢᠯᠡᠨ ᠲᠣᠮᠢᠯᠠᠨ ᠰᠠᠭᠤᠯᠭᠠᠬᠤ ᠳᠤ | ᠤᠷᠢᠳᠠᠪᠠᠷ ᠰᠣᠩᠭᠤᠨ ᠲᠣᠮᠢᠯᠠᠵᠤ ᠪᠣᠯᠤᠨ᠎ᠠ᠃ | ᠳᠥᠷᠪᠡᠳᠦᠭᠡᠷ ᠵᠦᠢᠯ ᠬᠤᠳᠠᠯᠳᠤᠭᠠᠴᠢᠨ ᠤᠷᠢᠬᠤ ᠡᠯᠴᠢ ᠶᠢᠨ ᠬᠠᠷᠢᠭᠤᠴᠠᠯᠭᠠᠲᠤ ᠰᠡᠳᠬᠢᠯᠭᠡ᠂ ᠳᠠᠪᠰᠢᠬᠤ | ᠵᠣᠷᠢᠭ ᠲᠠᠢ ᠪᠠᠶᠢᠵᠤ᠂ ᠶᠡᠭᠡ ᠲᠠᠯ᠎ᠠ ᠶᠢᠨ ᠤᠬᠠᠮᠰᠠᠷ ᠢ ᠪᠣᠶ ᠪᠣᠯᠭᠠᠵᠤ᠂ ᠠᠵᠢᠯᠯᠠᠬᠤ ᠠᠷᠭ᠎ᠠ ᠶᠢᠨ ᠰᠢᠨ᠎ᠡ ᠶᠢ | ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠬᠦ ᠬᠡᠷᠡᠭᠲᠡᠶ᠃ | ᠲᠠᠪᠤᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠶᠢᠨ ᠭᠠᠳᠠᠷ ᠭᠠᠵᠠᠷ ᠲᠤ ᠰᠠᠭᠤᠵᠤ ᠠᠵᠢᠯᠯᠠᠬᠤ | ᠴᠠᠭ ᠢ ᠰᠠᠷ᠎ᠠ ᠪᠦᠷᠢ ᠳᠤᠮᠳᠠᠴᠢ ᠪᠠᠷ 10 ᠡᠳᠦᠷ ᠠᠴᠠ ᠳᠤᠲᠠᠭᠤ ᠪᠠᠶᠢᠯᠭᠠᠵᠦ ᠪᠣᠯᠬᠤ ᠥᠬᠡᠶ᠂ ᠶᠠᠪᠤᠵᠤ ᠰᠠᠭᠤᠬᠤ | ᠨᠢᠰᠬᠡᠯ ᠤᠨ ᠪᠢᠯᠧᠲ ᠪᠤᠶᠤ ᠲᠡᠷᠭᠡᠨ ᠪᠢᠯᠧᠲ ᠢᠶᠠᠷ ᠰᠢᠯᠭᠠᠨ ᠦᠨᠡᠯᠡᠬᠦ ᠦᠨᠳᠦᠰᠦᠯᠡᠯ ᠪᠣᠯᠭᠠᠨ᠎ᠠ᠃ | ᠵᠢᠷᠭᠤᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠰᠠᠷ᠎ᠠ ᠪᠦᠷᠢ ᠨᠠᠭᠠᠳᠤ ᠵᠠᠬ᠎ᠠ ᠳᠠᠭᠠᠨ ᠰᠠᠭᠤᠭ᠎ᠠ | ᠭᠠᠵᠠᠷ ᠤᠷᠤᠨ ᠤ ᠪᠠᠨ ᠲᠣᠭᠤᠷᠢᠭ ᠢᠶᠠᠷ 5 ᠠᠵᠤ ᠠᠬᠤᠶᠢᠯᠠᠯ ᠢ ᠪᠠᠶᠢᠴᠠᠭᠠᠨ ᠦᠵᠡᠬᠦ ᠬᠡᠷᠡᠭᠲᠡᠶ᠃ | ᠳᠣᠯᠣᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠰᠠᠷ᠎ᠠ ᠪᠦᠷᠢ ᠨᠠᠭᠠᠳᠤ ᠵᠠᠬ᠎ᠠ ᠳᠠᠭᠠᠨ 3 ᠲᠥᠷᠥᠯ | ᠵᠦᠢᠯ ᠢ ᠵᠦᠪᠳᠡᠯᠴᠡᠨ ᠬᠡᠯᠡᠯᠴᠡᠬᠦ ᠬᠡᠷᠡᠭᠳᠡᠢ᠃ | ᠨᠠᠢᠮᠠᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠬᠤᠳᠠᠯᠳᠤᠭᠠᠴᠢᠨ ᠤᠷᠢᠬᠤ ᠡᠳᠦᠷ ᠤᠨ | ᠲᠡᠮᠳᠡᠭᠯᠡᠯ ᠢᠶᠠᠨ ᠨᠠᠷᠢᠨ ᠬᠢᠨᠠᠮᠠᠭᠠᠶ ᠬᠢᠬᠦ ᠬᠡᠷᠡᠭᠲᠡᠶ᠃ ᠬᠤᠳᠠᠯᠳᠤᠭᠠᠴᠢᠨ ᠤᠷᠢᠬᠤ ᠡᠯᠴᠢ ᠡᠳᠦᠷ ᠪᠦᠷᠢ ᠶᠢᠨ ᠭᠠᠳᠠᠷ | ᠭᠠᠵᠠᠷ ᠲᠤ ᠰᠠᠭᠤᠭ᠎ᠠ ᠬᠤᠳᠠᠯᠳᠤᠭᠠᠴᠢᠨ ᠤᠷᠢᠬᠤ ᠠᠵᠢᠯ ᠤᠨ ᠠᠬᠢᠴᠠ ᠶᠢᠨ ᠪᠠᠶᠢᠳᠠᠯ ᠢ ᠡᠳᠦᠷ ᠤᠨ ᠲᠡᠮᠳᠡᠭᠯᠡᠯ ᠤᠨ | ᠬᠡᠯᠪᠡᠷᠢ ᠪᠠᠷ ᠰᠠᠶᠢᠲᠤᠷ ᠲᠡᠮᠳᠡᠭᠯᠡᠬᠦ ᠬᠡᠷᠡᠭᠲᠡᠶ᠃ ᠬᠤᠳᠠᠯᠳᠤᠭᠠᠴᠢᠨ ᠤᠷᠢᠬᠤ ᠡᠳᠦᠷ ᠤᠨ ᠲᠡᠮᠳᠡᠭᠯᠡᠯ ᠢ ᠰᠢᠯᠭᠠᠨ | ᠦᠨᠡᠯᠡᠬᠦ ᠶᠢᠨ ᠨᠢᠭᠡᠨ ᠴᠢᠬᠤᠯᠠ ᠠᠭᠤᠯᠭ᠎ᠠ ᠪᠣᠯᠭᠠᠨ᠎ᠠ᠃ | ᠶᠢᠰᠦᠳᠦᠭᠡᠷ ᠵᠦᠢᠯ ᠬᠤᠳᠠᠯᠳᠤᠭᠠᠴᠢᠨ ᠤᠷᠢᠬᠤ ᠠᠵᠢᠯ ᠤᠨ ᠤᠯᠠᠷᠢᠯ ᠤᠨ ᠮᠡᠳᠡᠭᠦᠯᠦᠯᠳᠡ᠂ ᠰᠠᠷ᠎ᠠ ᠶᠢᠨ | ᠮᠡᠳᠡᠭᠦᠯᠦᠯᠳᠡ᠂ ᠭᠠᠷᠠᠭ ᠤᠨ ᠮᠡᠳᠡᠭᠦᠯᠦᠯᠳᠡ ᠶᠢᠨ ᠲᠦᠷᠢᠮ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠤᠯᠠᠷᠢᠯ | ᠪᠦᠷᠢ ᠳᠤ ᠪᠦᠬᠦ ᠲᠠᠯ᠎ᠠ ᠶᠢᠨ ᠠᠵᠢᠯ ᠳᠤ ᠨᠢᠭᠡ ᠤᠳᠠᠭ᠎ᠠ ᠪᠦᠬᠦ ᠲᠠᠯ᠎ᠠ ᠶᠢᠨ ᠳ᠋ᠦᠩᠨᠡᠯᠲᠡ ᠬᠢᠨ᠎ᠠ᠃ ᠰᠠᠷ᠎ᠠ ᠪᠦᠷᠢ | ᠡᠵᠡᠮᠰᠢᠵᠦ ᠪᠠᠶᠢᠭ᠎ᠠ ᠲᠦᠷᠦᠯ ᠵᠦᠢᠯ ᠢᠶᠠᠨ ᠨᠠᠷᠢᠨ ᠬᠢᠨᠠᠮᠠᠭᠠᠢ ᠰᠢᠯᠢᠨ ᠰᠣᠩᠭᠤᠵᠤ᠂ ᠭᠤᠣᠯᠳᠠᠯᠭ᠎ᠠ ᠲᠠᠢ | ᠵᠣᠯᠭᠠᠭᠤᠯᠵᠤ ᠵᠥᠪᠳᠡᠭᠰᠡᠨ ᠪᠠᠶᠢᠳᠠᠯ ᠪᠣᠯᠤᠨ ᠦᠷ᠎ᠡ ᠳ᠋ᠦᠩ ᠢᠶᠠᠨ ᠲᠦᠭᠦᠮ ᠮᠡᠳᠡᠭᠦᠯᠦᠯᠳᠡ ᠶᠢᠨ ᠬᠡᠯᠪᠡᠷᠢ ᠪᠠᠷ | ᠷᠠᠰᠢᠶᠠᠨ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ᠎ᠡ᠃ ᠭᠠᠷᠠᠭ ᠪᠦᠷᠢ | ᠳ᠋ᠢᠶᠠᠩᠬᠤᠸᠠ ᠪᠤᠶᠤ ᠸᠢᠴᠠᠲ ᠤᠨ ᠬᠡᠯᠪᠡᠷᠢ ᠪᠠᠷ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠭᠠᠷ ᠤᠨ ᠥᠰᠥᠭ ᠵᠢᠷᠤᠬᠤ ᠶᠢᠨ ᠬᠠᠮᠲᠤ ᠠᠵᠢᠯ ᠤᠨ ᠠᠬᠢᠴᠠ ᠶᠢᠨ ᠪᠠᠶᠢᠳᠠᠯ ᠢᠶᠠᠨ ᠲᠥᠬᠦᠮ | ᠮᠡᠳᠡᠬᠦᠯᠬᠦ ᠬᠡᠷᠡᠭᠳᠡᠢ᠃ | ᠠᠷᠪᠠᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠶᠢ ᠲᠣᠮᠢᠯᠠᠨ ᠰᠠᠭᠤᠯᠭᠠᠬᠤ ᠬᠤᠭᠤᠴᠠᠭᠠᠨ ᠳᠤ | ᠤᠤᠯ ᠤᠨ ᠠᠵᠢᠯ ᠠᠴᠠ ᠨᠢ ᠪᠦᠷᠢᠮᠦᠰᠦᠨ ᠰᠠᠯᠭᠠᠨ᠎ᠠ᠂ ᠭᠡᠪᠡᠴᠦ ᠤᠤᠯ ᠤᠨ ᠨᠢᠭᠡᠴᠡ ᠶᠢᠨ ᠠᠰᠠᠷᠠᠮᠵᠢ ᠬᠠᠷᠠᠭᠠᠯᠵᠠᠯ ᠢ | ᠬᠤᠪᠢᠷᠠᠭᠠᠬᠤ ᠦᠭᠡᠢ᠃ | ᠠᠷᠪᠠᠨ ᠨᠢᠭᠡᠳᠦᠭᠡᠷ ᠵᠦᠢᠯ ᠬᠤᠳᠠᠯᠳᠤᠭᠠᠴᠢᠨ ᠤᠷᠢᠬᠤ ᠡᠯᠴᠢ ᠶᠢ ᠲᠣᠮᠢᠯᠠᠨ ᠰᠠᠭᠤᠯᠭᠠᠬᠤ ᠬᠤᠭᠤᠴᠠᠭᠠᠨ ᠳᠠᠬᠢ | ᠠᠵᠢᠯ ᠤᠨ ᠵᠠᠷᠤᠳᠠᠯ ᠢ ᠠᠰ ᠲᠤᠨᠢ ᠷᠠᠰᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠶᠤᠴᠢᠯᠠᠵᠤ᠂ | ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠠᠰ ᠲᠤᠨᠢ ᠲᠠᠩᠰᠠᠨ ᠡᠷᠦᠬᠡ | ᠭᠠᠷᠭᠠᠨ᠎ᠠ᠃ | ᠠᠷᠪᠠᠨ ᠬᠤᠶᠠᠳᠤᠭᠠᠷ ᠵᠦᠢᠯ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠲᠣᠭᠲᠠᠮᠠᠯ ᠪᠤᠰᠤ ᠬᠤᠭᠤᠴᠠᠭ᠎ᠠ ᠲᠠᠢ ᠳ᠋ᠢᠶᠠᠩᠬᠤᠸᠠ ᠪᠠᠷ ᠱᠠᠯᠠᠪᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠷ | ᠬᠤᠳᠠᠯᠳᠤᠭᠠᠴᠢᠨ ᠤᠷᠢᠬᠤ ᠡᠯᠴᠢ ᠶᠢᠨ ᠠᠵᠢᠯ ᠤᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠬᠢᠵᠦ᠂ ᠤᠯᠠᠷᠢᠯ | ᠪᠦᠷᠢ ᠬᠤᠳᠠᠯᠳᠤᠭᠠᠴᠢᠨ ᠤᠷᠢᠬᠤ ᠡᠯᠴᠢ ᠶᠢᠨ ᠭᠠᠳᠠᠷ ᠭᠠᠵᠠᠷ ᠲᠤ ᠰᠠᠭᠤᠭ᠎ᠠ ᠠᠵᠢᠯ ᠤᠨ ᠪᠠᠶᠢᠳᠠᠯ ᠤᠨ ᠨᠡᠷᠡᠰ ᠤᠨ | ᠵᠢᠭᠰᠠᠭᠠᠯᠲᠠ ᠶᠢ ᠨᠡᠶᠢᠳᠡᠯᠡᠨ᠎ᠡ᠃ | ᠠᠷᠪᠠᠨ ᠭᠤᠷᠪᠠᠳᠤᠭᠠᠷ ᠵᠦᠢᠯ ᠬᠤᠳᠠᠯᠳᠤᠭᠠᠴᠢᠨ ᠤᠷᠢᠬᠤ ᠡᠯᠴᠢ ᠶᠢᠨ ᠵᠢᠯ ᠪᠦᠷᠢ ᠮᠠᠨ ᠤ ᠬᠤᠲᠠ ᠶᠢᠨ ᠠᠵᠤ | ᠠᠬᠤᠶ ᠶᠢᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠲᠠᠢ ᠬᠠᠮᠲᠤᠷᠠᠯᠴᠠᠭᠠᠨ ᠤ ᠬᠤᠳᠠᠯᠳᠤᠭᠠᠴᠢᠨ | ᠤᠷᠢᠬᠤ ᠵᠦᠢᠯᠡᠰ ᠢ 5000 ᠲᠦᠮᠡᠨ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠠᠷᠪᠠᠨ ᠳᠥᠷᠪᠡᠳᠦᠭᠡᠷ ᠵᠦᠢᠯ ᠲᠣᠮᠢᠯᠠᠨ ᠰᠠᠭᠤᠯᠭᠠᠭᠰᠠᠨ ᠬᠡᠰᠡᠭ ᠲᠣᠭᠤᠷᠢᠭ ᠤᠨ ᠬᠤᠳᠠᠯᠳᠤᠭᠠᠴᠢᠳ ᠤᠨ | ᠡᠪᠯᠡᠯ ᠯᠦᠭᠡ ᠨᠢᠭᠲᠠ ᠨᠡᠪᠲᠡᠷᠡᠯᠴᠡᠵᠦ᠂ ᠲᠤᠬᠠᠶᠢᠯᠠᠭᠰᠠᠨ ᠠᠵᠢᠯ ᠤᠨ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠬᠡᠰᠡᠭ | ᠲᠣᠭᠤᠷᠢᠭ ᠤᠨ ᠬᠤᠯᠪᠣᠭ᠎ᠠ ᠠᠪᠬᠤ ᠭᠠᠵᠠᠷ ᠤᠨ ᠵᠢᠯ ᠪᠦᠷᠢ ᠬᠡᠰᠡᠭ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ | ᠣᠷᠣᠨ ᠳᠤ ᠨᠢᠭᠡ ᠤᠳᠠᠭ᠎ᠠ ᠷᠠᠰᠢᠶᠠᠨ ᠣᠷᠣᠨ ᠤ ᠠᠵᠤ ᠠᠬᠤᠶ ᠶᠢᠨ ᠬᠠᠮᠲᠤᠷᠠᠯᠴᠠᠭᠠᠨ ᠤ ᠬᠤᠳᠠᠯᠳᠤᠭᠠᠴᠢᠨ | ᠤᠷᠢᠬᠤ ᠶᠢ ᠲᠠᠨᠢᠯᠴᠠᠭᠤᠯᠬᠤ ᠬᠤᠷᠠᠯ ᠡᠷᠭᠢᠯᠡᠬᠦ ᠶᠢ ᠠᠬᠢᠭᠤᠯᠵᠤ᠂ ᠵᠢᠯ ᠪᠦᠷᠢ ᠬᠤᠶᠠᠷ ᠤᠳᠠᠭ᠎ᠠ ᠭᠤᠤᠯᠳᠠᠯᠭ᠎ᠠ ᠲᠠᠢ | ᠠᠵᠤ ᠠᠬᠤᠶᠢᠯᠠᠯ ᠵᠢᠴᠢ ᠬᠤᠯᠪᠣᠭᠳᠠᠯ ᠪᠥᠬᠦᠶ ᠲᠠᠯ᠎ᠠ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠵᠣᠬᠢᠶᠠᠨ | ᠪᠠᠶᠢᠭᠤᠯᠵᠤ ᠷᠠᠰᠢᠶᠠᠨ ᠳᠤ ᠢᠷᠡᠵᠦ ᠰᠢᠨᠵᠢᠯᠡᠨ ᠪᠠᠶᠢᠴᠠᠭᠠᠵᠤ ᠬᠠᠮᠲᠤᠷᠠᠯᠴᠠᠭᠠᠨ ᠤ ᠲᠥᠷᠥᠯ ᠵᠦᠢᠯ ᠵᠦᠪᠳᠡᠯᠴᠡᠬᠦ ᠶᠢ | ᠠᠬᠢᠭᠤᠯᠤᠨ᠎ᠠ᠃ | ᠬᠤᠶᠠᠳᠤᠭᠠᠷ ᠪᠦᠯᠦᠭ ᠰᠢᠯᠭᠠᠨ ᠦᠨᠡᠯᠡᠬᠦ | ᠠᠷᠪᠠᠨ ᠲᠠᠪᠤᠳᠤᠭᠠᠷ ᠵᠦᠢᠯ ᠭᠠᠳᠠᠷ ᠭᠠᠵᠠᠷ ᠲᠤ ᠰᠠᠭᠤᠭ᠎ᠠ ᠬᠤᠳᠠᠯᠳᠤᠭᠠᠴᠢᠨ ᠤᠷᠢᠬᠤ ᠡᠯᠴᠢ ᠶᠢ | ᠰᠢᠯᠭᠠᠨ ᠦᠨᠡᠯᠡᠬᠦ ᠠᠵᠢᠯ ᠢ ᠷᠠᠰᠢᠶᠠᠨ ᠬᠤᠲᠠ ᠶᠢᠨ ᠰᠢᠯᠭᠠᠨ ᠬᠢᠨᠠᠬᠤ ᠠᠯᠪᠠᠨ ᠬᠡᠷ ᠠᠴᠠ ᠬᠠᠮᠢᠶᠠᠷᠴᠤ᠂ ᠷᠠᠰᠢᠶᠠᠨ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠢᠯᠭᠠᠨ ᠬᠢᠨᠠᠬᠤ ᠠᠵᠢᠯ ᠳᠤ ᠣᠷᠣᠯᠴᠠᠨ᠎ᠠ᠃ | ᠠᠷᠪᠠᠨ ᠵᠢᠷᠭᠤᠳᠤᠭᠠᠷ ᠵᠦᠢᠯ ᠡᠩ ᠤᠨ ᠦᠶ᠎ᠡ ᠳᠤ ᠬᠢᠨᠠᠨ ᠡᠵᠡᠮᠳᠡᠬᠦ ᠪᠠ ᠵᠢᠯ ᠤᠨ ᠡᠴᠦᠰ ᠲᠤ ︽ᠬᠤᠤᠰ | ᠴᠢᠭᠯᠡᠯ ᠢᠶᠠᠷ ᠲᠤᠰᠢᠶᠠᠯ ᠤᠨ ᠮᠡᠳᠡᠭᠦᠯᠦᠯᠲᠡ ᠬᠢᠬᠦ ᠲᠦᠷᠢᠮ︾ ᠤᠨ ᠰᠢᠯᠭᠠᠨ ᠦᠨᠡᠯᠡᠬᠦ ᠲᠦᠷᠢᠮ ᠢ ᠬᠡᠷᠡᠭᠵᠢᠭᠦᠯᠦᠨ᠎ᠡ᠃ | ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ | ᠬᠤᠪᠢ ᠥᠭᠬᠦ ᠠᠴᠠ ᠭᠠᠳᠠᠨ᠎ᠠ᠂ ᠵᠢᠯ ᠤᠨ ᠡᠴᠦᠰ ᠤᠨ ᠰᠢᠯᠭᠠᠨ ᠦᠨᠡᠯᠡᠬᠦ ᠳᠡᠭᠡᠨ ᠷᠠᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠳᠤ ᠲᠤᠰᠢᠶᠠᠯ ᠤᠨ ᠮᠡᠳᠡᠭᠦᠯᠦᠯᠲᠡ ᠬᠢᠬᠦ ᠶᠢᠨ ᠬᠠᠮᠲᠤ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠠᠵᠢᠯ ᠢᠶᠠᠨ ᠬᠠᠷᠢᠭᠤ ᠮᠡᠳᠡᠭᠦᠯᠦᠨ᠎ᠡ᠃ | ᠠᠷᠪᠠᠨ ᠳᠣᠯᠣᠳᠤᠭᠠᠷ ᠵᠦᠢᠯ ᠰᠢᠯᠭᠠᠨ ᠦᠨᠡᠯᠡᠬᠦ ᠶᠢᠨ ᠭᠤᠤᠯ ᠠᠭᠤᠯᠭ᠎ᠠ ᠨᠢ ᠭᠤᠤᠯᠳᠠᠭᠤ ᠠᠵᠤ | ᠠᠬᠤᠶᠢᠯᠠᠯ ᠢ ᠵᠣᠯᠭᠠᠭᠤᠯᠬᠤ ᠪᠠ ᠣᠷᠣᠭᠤᠯᠤᠨ ᠠᠪᠴᠢᠷᠠᠬᠤ ᠵᠡᠷᠭᠡ ᠠᠵᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ᠂ ᠠᠵᠢᠯᠯᠠᠬᠤ ᠴᠠᠭ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠠᠵᠢᠯ ᠤᠨ ᠡᠳᠦᠷ ᠤᠨ | ᠲᠡᠮᠳᠡᠭᠯᠡᠯ ᠵᠡᠷᠭᠡ ᠪᠠᠭᠳᠠᠨ᠎ᠠ᠃ | ᠠᠷᠪᠠᠨ ᠨᠠᠢᠮᠠᠳᠤᠭᠠᠷ ᠵᠦᠢᠯ ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠤᠷᠢᠬᠤ ᠡᠯᠴᠢ ᠶᠢᠨ ᠬᠢᠨᠠᠨ | ᠰᠢᠯᠭᠠᠵᠤ ᠬᠤᠪᠢ ᠲᠣᠭᠲᠠᠭᠠᠬᠤ ᠳᠤ 100 ᠬᠤᠪᠢ ᠶᠢᠨ ᠲᠦᠷᠢᠮ ᠢ ᠬᠡᠷᠡᠭᠵᠢᠭᠦᠯᠦᠨ᠎ᠡ ︵ᠲᠠᠭᠠᠯᠳᠤᠭᠤᠯᠤᠯ | ᠬᠦᠰᠦᠨᠦᠭᠳᠦ ᠶᠢ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶᠡᠨ ᠠᠴᠠ | ᠠᠩᠬᠠᠷᠤᠭᠠᠷᠠᠢ︕︶᠃ | ᠭᠤᠷᠪᠠᠳᠤᠭᠠᠷ ᠪᠦᠯᠦᠭ ᠦᠷ᠎ᠡ ᠳ᠋ᠦᠩ ᠢ ᠪᠤᠳᠤᠬᠤ ᠠᠷᠭ᠎ᠠ | ᠠᠷᠪᠠ ᠶᠢᠰᠦᠳᠦᠭᠡᠷ ᠵᠦᠢᠯ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ 90 ᠬᠤᠪᠢ ᠠᠴᠠ ᠳᠡᠭᠡᠭᠰᠢ ᠪᠣᠯ | ᠰᠢᠯᠢᠳᠡᠭ᠂ 60 ᠬᠤᠪᠢ ᠠᠴᠠ ᠳᠡᠭᠡᠭᠰᠢ ᠪᠣᠯ ᠬᠢᠷᠢ ᠲᠡᠩᠴᠡᠭᠰᠡᠨ᠂ 60 ᠬᠤᠪᠢ ᠠᠴᠠ ᠳᠣᠷᠣᠭᠰᠢ ᠪᠣᠯ ᠬᠢᠷᠢ | ᠲᠡᠩᠴᠡᠭᠰᠡᠨ ᠦᠭᠡᠢ ᠳᠤ ᠲᠣᠭᠠᠴᠠᠭᠳᠠᠨ᠎ᠠ᠃ | ᠬᠤᠷᠢᠳᠤᠭᠠᠷ ᠵᠦᠢᠯ ᠬᠢᠨᠠᠨ ᠰᠢᠯᠭᠠᠯᠲᠠ ᠪᠠᠷ ᠳᠡᠮᠵᠢᠨ ᠬᠢᠷᠢ ᠪᠦᠲᠦᠮᠵᠢ ᠪᠠᠷ ᠰᠢᠯᠢᠳᠡᠭ ᠬᠥᠮᠦᠰ ᠤᠨ ᠴᠢᠬᠤᠯᠠ | ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠪᠠᠶᠢᠪᠠᠯ᠂ ᠷᠠᠰᠢᠶᠠᠨ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠲᠠᠨᠢᠯᠴᠠᠭᠤᠯᠤᠨ | ᠤᠷᠢᠳᠠᠪᠠᠷ ᠲᠤᠰᠢᠶᠠᠯ ᠤᠨ ᠲᠠᠰ ᠳᠡᠪᠰᠢᠭᠦᠯᠵᠦ ᠳᠡᠪᠰᠢᠭᠦᠯᠦᠨ ᠬᠡᠷᠡᠭᠯᠡᠭᠦᠯᠦᠨ᠎ᠡ᠃ ᠠᠵᠢᠯ ᠳᠠᠭᠤᠰᠤᠭᠰᠠᠨ ᠤ | ᠳᠠᠷᠠᠭᠠᠬᠢ ᠠᠵᠢᠯ ᠤᠨ ᠡᠭᠦᠷᠭᠡ ᠶᠢᠨ ᠲᠠᠯ᠎ᠠ ᠪᠠᠷ᠂ ᠲᠣᠪᠤᠶᠢᠮ᠎ᠠ ᠠᠮᠵᠢᠯᠲᠠ ᠣᠯᠤᠭᠰᠠᠳ ᠢ ᠷᠠᠰᠢᠶᠠᠨ ᠬᠤᠲᠠ ᠶᠢᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠱᠠᠩᠨᠠᠨ ᠬᠥᠬᠢᠭᠦᠯᠬᠦ ᠠᠷᠭ᠎ᠠ ᠪᠠᠷ ᠯᠠᠪᠯᠠᠯᠲᠠ ᠪᠣᠯᠭᠠᠨ ᠱᠠᠩᠨᠠᠨ | ᠬᠥᠬᠢᠭᠦᠯᠵᠦ᠂ ᠠᠵᠢᠯ ᠳᠠᠭᠠᠨ ᠨᠠᠵᠠᠭᠠᠶ᠂ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ | ᠬᠤᠳᠠᠯᠳᠤᠭᠠᠴᠢᠨ ᠤᠷᠢᠬᠤ ᠡᠯᠴᠢ ᠶᠢ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠬᠤᠲᠠ ᠶᠢᠨ ᠵᠠᠰᠠᠭ ᠤᠨ ᠣᠷᠳᠣᠨ ᠳᠤ ᠤᠭᠴᠠᠷᠠᠭᠤᠯᠤᠨ ᠰᠣᠯᠢᠬᠤ ᠪᠠᠷ ᠮᠡᠳᠡᠭᠦᠯᠬᠦ ᠪᠤᠶᠤ ᠵᠣᠬᠢᠰᠲᠠᠶ | ᠵᠠᠰᠠᠭ ᠵᠠᠬᠢᠷᠭᠠᠨ ᠤ ᠰᠢᠢᠳᠪᠤᠷᠢᠯᠡᠯᠳᠡ ᠦᠭᠭᠦᠨ᠎ᠡ᠃ | ᠬᠤᠷᠢᠨ ᠨᠢᠭᠡᠳᠦᠭᠡᠷ ᠵᠦᠢᠯ ᠲᠣᠰ ᠠᠷᠭ᠎ᠠ ᠶᠢ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠳᠠᠭᠠᠯᠳᠤᠭᠤᠯᠤᠯ 2᠄ | ᠷᠠᠰᠢᠶᠠᠨ ᠬᠤᠲᠠ ᠶᠢᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠤ ᠬᠠᠮᠢᠶᠠᠷᠤᠯᠲᠠ ᠶᠢᠨ | ᠠᠷᠭ᠎ᠠ | ᠨᠢᠭᠡᠳᠦᠭᠡᠷ ᠵᠦᠢᠯ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠨ᠎ᠡ ᠪᠠᠷ | ᠡᠭᠦᠳᠴᠦ᠂ ᠪᠡᠯᠡ ᠣᠷᠣᠭᠤᠯᠬᠤ ᠠᠷᠭ᠎ᠠ ᠵᠠᠮ ᠢ ᠥᠷᠭᠡᠵᠢᠭᠦᠯᠦᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ ᠶᠢ ᠶᠡᠬᠡᠪᠡᠷ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠳᠤ ᠣᠷᠣᠯᠴᠠᠬᠤ ᠶᠢ ᠭᠦᠢᠴᠡᠳ ᠲᠠᠶᠢᠴᠢᠯᠠᠨ᠂ ᠷᠠᠰᠢᠶᠠᠨ ᠤ ᠠᠵᠤ ᠠᠬᠤᠶ ᠨᠡᠶᠢᠭᠡᠮ ᠤᠨ | ᠲᠠᠪᠠᠯᠳᠠᠳᠤ ᠬᠥᠭᠵᠢᠯᠲᠡ ᠶᠢ ᠲᠥᠯᠬᠢᠨ ᠠᠬᠢᠭᠤᠯᠬᠤ ᠶᠢᠨ ᠲᠦᠯᠦᠭᠡ᠂ ᠤᠨᠴᠠᠭᠠᠶᠢᠯᠠᠨ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠢ ᠤᠷᠢᠬᠤ ᠭᠡᠳᠡᠭ ᠨᠢ | ᠬᠤᠲᠠ ᠶᠢᠨ ᠵᠠᠰᠠᠭ ᠤᠨ ᠣᠷᠳᠣᠨ ᠠᠴᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠠᠬᠢᠭᠤᠯᠬᠤ ᠶᠢᠨ | ᠲᠥᠯᠥᠭᠡ᠂ ᠤᠷᠢᠯᠭ᠎ᠠ ᠶᠢᠨ ᠪᠢᠴᠢᠭ ᠣᠯᠭᠤᠬᠤ᠂ ᠬᠡᠯᠡᠯᠴᠡᠭᠡᠷ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠂ ᠬᠤᠲᠠ ᠶᠢᠨ ᠬᠡᠪᠴᠢᠶᠡᠨ ᠠᠴᠠ ᠭᠠᠳᠠᠨ᠎ᠠ ᠤᠷᠢᠭᠰᠠᠨ ᠬᠤᠯᠪᠣᠭᠳᠠᠯ ᠪᠥᠬᠦᠶ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠢ ᠵᠢᠭᠠᠵᠤ ᠪᠣᠶ᠃ | ᠭᠤᠷᠪᠠᠳᠤᠭᠠᠷ ᠵᠦᠢᠯ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠢ ᠰᠣᠩᠭᠤᠨ ᠤᠷᠢᠬᠤ | ᠬᠡᠪᠴᠢᠶ᠎ᠡ | ︵ᠨᠢᠭᠡ︶ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠢ ᠷᠠᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠤᠷᠢᠵᠤ᠂ ᠪᠦᠬᠦᠯᠢ 55 ᠨᠠᠰᠤᠨ ᠠᠴᠠ ᠳᠣᠷᠣᠭᠰᠢᠬᠢ᠂ ᠵᠣᠬᠢᠬᠤ ᠨᠡᠶᠢᠭᠡᠮ ᠤᠨ ᠪᠠᠶᠢᠷᠢ | ᠰᠠᠭᠤᠷᠢ ᠲᠠᠢ᠂ ᠨᠡᠪᠲᠡᠷᠡᠯᠴᠡᠬᠦ᠂ ᠬᠡᠯᠡᠯᠴᠡᠭᠡ ᠬᠢᠬᠦ ᠳᠡᠭᠡᠨ ᠴᠢᠳᠠᠮᠠᠭᠠᠶ᠂ ᠬᠥᠮᠦᠨ ᠤ ᠡᠬᠢ ᠪᠠᠶᠠᠯᠢᠭ ᠢᠶᠠᠷ ᠨᠡᠯᠢᠶᠡᠳ | ᠰᠠᠶᠢᠨ ᠭᠠᠷᠮᠠᠭᠠᠶ ᠬᠥᠮᠦᠰ᠃ | ︵ᠬᠤᠶᠠᠷ︶ ᠮᠠᠨ ᠤ ᠬᠤᠲᠠ ᠳᠤ ᠨᠡᠯᠢᠶᠡᠳ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠲᠠᠢ ᠪᠤᠶᠤ | ᠣᠷᠳᠣ ᠬᠤᠭᠤᠴᠠᠭ᠎ᠠ ᠪᠠᠷ ᠬᠠᠮᠲᠤᠷᠠᠨ ᠠᠵᠢᠯᠯᠠᠬᠤ ᠬᠠᠷᠢᠴᠠᠭ᠎ᠠ ᠲᠠᠢ ᠪᠥᠭᠡᠳ ᠪᠤᠰᠤᠳ ᠠᠵᠤ ᠠᠬᠤᠶᠢᠯᠠᠯ ᠤᠨ | ᠮᠠᠨ ᠤ ᠬᠤᠲᠠ ᠳᠤ ᠢᠷᠡᠵᠦ ᠪᠠᠯᠠ ᠣᠷᠣᠭᠤᠯᠬᠤ ᠭᠠᠳᠠᠭᠠᠳᠤ ᠶᠢᠨ ᠪᠠᠯᠠ ᠣᠷᠣᠭᠤᠯᠤᠭᠴᠢ᠂ ᠨᠡᠷ᠎ᠡ ᠴᠤᠤᠲᠠᠶ | ᠬᠥᠮᠦᠰ ᠢ ᠢᠳᠡᠪᠬᠢᠲᠡᠶ ᠪᠠᠷ ᠲᠠᠨᠢᠯᠴᠠᠭᠤᠯᠤᠨ᠎ᠠ᠃ | ︵ᠭᠤᠷᠪᠠ︶ ᠠᠵᠤ ᠠᠬᠤᠶ ᠨᠡᠶᠢᠭᠡᠮ ᠤᠨ ᠬᠥᠭᠵᠢᠯᠲᠡ ᠪᠠ ᠬᠤᠶᠠᠷ ᠢ ᠡᠯᠰᠡᠵᠦ ᠬᠤᠶᠠᠷ ᠢ ᠲᠠᠲᠠᠬᠤ ᠠᠵᠢᠯ ᠤᠨ | ᠲᠤᠬᠠᠶ ᠲᠤᠰᠬᠠᠶ ᠰᠤᠳᠤᠯᠤᠯᠲᠠ ᠲᠠᠢ᠂ ᠡᠰᠡᠬᠦᠯ᠎ᠡ ᠤᠯᠤᠰ ᠲᠥᠷᠥ ᠶᠢᠨ ᠡᠲᠡᠭᠡᠳ᠂ ᠬᠤᠳᠠᠯᠳᠤᠭᠠᠨ ᠤ ᠡᠲᠡᠭᠡᠳ᠂ | ᠡᠷᠳᠡᠮ ᠰᠢᠨᠵᠢᠯᠡᠭᠡᠨ ᠤ ᠡᠲᠡᠭᠡᠳ᠂ ᠰᠣᠨᠢᠨ ᠮᠡᠳᠡᠭᠡᠨ ᠤ ᠡᠲᠡᠭᠡᠳ ᠵᠡᠷᠭᠡ ᠳᠤ ᠨᠡᠯᠢᠶᠡᠳ ᠶᠡᠭᠡ ᠨᠥᠯᠥᠭᠡᠯᠡᠬᠦ | ᠬᠦᠴᠦᠨ ᠲᠠᠢ ᠮᠥᠷᠲᠡᠭᠡᠨ ᠮᠠᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠵᠤ᠂ ᠮᠠᠨ ᠤ ᠬᠤᠲᠠ ᠶᠢᠨ | ᠬᠤᠶᠠᠷ ᠢ ᠡᠯᠰᠡᠵᠦ ᠬᠤᠶᠠᠷ ᠢ ᠲᠠᠲᠠᠬᠤ ᠠᠵᠢᠯ ᠳᠤ ᠬᠦᠴᠦᠨ ᠴᠢᠳᠠᠯ ᠢᠶᠠᠨ ᠡᠷᠭᠦᠬᠦ ᠳᠤᠷᠠᠲᠠᠶ ᠳᠠᠭᠠᠭᠤᠯᠤᠭᠴᠢ | ᠬᠥᠮᠦᠰ᠃ | ︵ᠳᠥᠷᠪᠡ︶ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠠᠯᠠᠭᠤᠨ ᠰᠡᠳᠬᠢᠯᠭᠡ ᠲᠠᠢ᠂ | ᠭᠠᠳᠠᠨ᠎ᠠ ᠠᠴᠠ ᠬᠤᠳᠠᠯᠳᠤᠭᠠᠴᠢᠨ ᠤᠷᠢᠬᠤ ᠲᠥᠷᠥᠯ ᠵᠦᠢᠯ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠰᠠᠶᠢᠨ ᠮᠡᠳᠡᠳᠡᠭ ᠠᠵᠤ ᠠᠬᠤᠶᠢᠯᠠᠯᠲᠠᠨ᠃ | ︵ᠲᠠᠪᠤ︶ ︽ ᠬᠤᠶᠠᠷ ᠢ ᠡᠯᠰᠡᠵᠦ ᠬᠤᠶᠠᠷ ᠢ ᠲᠠᠲᠠᠬᠤ ︾ ᠠᠵᠢᠯ ᠢ ᠬᠢᠬᠦ ᠬᠠᠯᠠᠭᠤᠨ ᠰᠡᠳᠬᠢᠯᠭᠡ᠂ ᠤᠷᠮ᠎ᠠ | ᠪᠠᠬ᠎ᠠ ᠪᠠ ᠴᠢᠳᠠᠪᠤᠷᠢ ᠲᠠᠢ ᠪᠤᠰᠤᠳ ᠰᠢᠯᠭᠠᠷᠠᠭᠰᠠᠨ ᠬᠥᠮᠦᠰ᠃ | ᠳᠥᠷᠪᠡᠳᠦᠭᠡᠷ ᠵᠦᠢᠯ ᠤᠷᠢᠭᠰᠠᠨ ᠲᠠᠯ᠎ᠠ ︵ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ ᠶᠢᠨ | ᠡᠭᠦᠷᠭᠡ ᠬᠠᠷᠢᠭᠤᠴᠠᠯᠭ᠎ᠠ᠄ | ︵ᠨᠢᠭᠡ︶ ᠤᠷᠢᠬᠳᠠᠬᠰᠠᠳ ᠲᠤ ︽ᠷᠠᠰᠢᠶᠠᠨ ᠬᠤᠲᠠ ᠶᠢᠨ ᠠᠵᠤ ᠦᠢᠯᠡᠰ ᠤᠨ ᠲᠠᠨᠢᠯᠴᠠᠭᠤᠯᠭ᠎ᠠ ᠶᠢᠨ | ᠲᠤᠰᠢᠶᠠᠯᠲᠠᠨ ᠤ ᠤᠷᠢᠯᠭ᠎ᠠ ᠶᠢᠨ ᠪᠢᠴᠢᠭ︾ ᠣᠯᠭᠤᠬᠤ ᠶᠢᠨ ᠬᠠᠮᠲᠤ ᠤᠷᠢᠬᠤ ᠬᠡᠯᠡᠯᠴᠡᠭᠡᠷ ᠲᠣᠭᠲᠠᠵᠤ᠂ ᠨᠢᠭᠡ | ᠵᠢᠯ ᠳᠤ ᠨᠢᠭᠡ ᠤᠳᠠᠭ᠎ᠠ ᠤᠷᠢᠬᠤ ᠶᠢ ᠬᠡᠷᠡᠭᠵᠢᠭᠦᠯᠦᠨ᠎ᠡ᠃ | ︵ᠬᠤᠶᠠᠷ︶ ᠤᠷᠢᠬᠳᠠᠬᠰᠠᠳ ᠢ ᠵᠣᠬᠢᠶᠠᠨ ᠪᠠᠶᠢᠭᠤᠯᠵᠤ ᠷᠠᠰᠢᠶᠠᠨ ᠬᠤᠲᠠ ᠳᠤ ᠢᠷᠡᠵᠦ ᠰᠢᠨᠵᠢᠯᠡᠨ | ᠪᠠᠶᠢᠴᠠᠭᠠᠬᠤ᠂ ᠵᠥᠪᠳᠡᠯᠴᠡᠬᠦ ᠪᠠᠷ ᠢᠷᠡᠭᠰᠡᠨ ᠭᠠᠳᠠᠨᠠᠬᠢ ᠬᠤᠳᠠᠯᠳᠤᠭᠠᠴᠢᠨ ᠳᠤ᠂ ᠪᠣᠳᠠᠲᠤ ᠪᠠᠶᠢᠳᠠᠯ ᠢ ᠦᠨᠳᠦᠰᠦᠯᠡᠨ | ᠂ ᠬᠠᠨᠳᠤᠯᠭᠠᠲᠤ ᠴᠢᠨᠠᠷᠲᠠᠶ ᠪᠠᠷ ᠰᠢᠨᠵᠢᠯᠡᠨ ᠪᠠᠶᠢᠴᠠᠭᠠᠬᠤ᠂ ᠵᠥᠪᠳᠡᠯᠴᠡᠬᠦ ᠠᠵᠢᠯᠯᠠᠭ᠎ᠠ ᠶᠢ ᠳᠣᠭᠢᠷᠠᠭᠤᠯᠤᠨ᠎ᠠ᠃ | ︵ᠭᠤᠷᠪᠠ︶ ᠤᠷᠢᠬᠳᠠᠬᠰᠠᠳ ᠲᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠵᠢᠴᠢ ᠲᠥᠷᠥᠯ | ᠵᠦᠢᠯ ᠤᠨ ᠮᠡᠳᠡᠭᠡ ᠵᠠᠩᠭᠢ ᠵᠡᠷᠭᠡ ᠤᠬᠠᠭᠤᠯᠤᠨ ᠲᠠᠨᠢᠯᠴᠠᠭᠤᠯᠬᠤ ᠮᠠᠲ᠋ᠧᠷᠢᠶᠠᠯ ᠢ ᠢᠳᠡᠪᠬᠢᠲᠡᠶ ᠪᠠᠷ ᠬᠠᠩᠭᠠᠨ᠎ᠠ᠃ | ︵ᠳᠥᠷᠪᠡ︶ ᠤᠷᠢᠬᠳᠠᠬᠰᠠᠳ ᠲᠤ ᠵᠢᠯ ᠪᠦᠷᠢ 3 ᠲᠦᠮᠡᠨ ᠲᠥᠭᠦᠷᠢᠭ ᠠᠴᠠ ᠳᠤᠲᠠᠭᠤ ᠥᠬᠡᠶ ᠠᠷᠠᠳ ᠤᠨ | ᠵᠣᠭᠤᠰ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢᠨ ᠠᠵᠢᠯ ᠤᠨ ᠵᠠᠷᠤᠳᠠᠯ ᠢ ᠬᠠᠩᠭᠠᠵᠤ᠂ ᠭᠤᠤᠯᠳᠠᠭᠤ | ᠤᠷᠢᠬᠳᠠᠬᠰᠠᠳ ᠲᠠᠢ ᠬᠠᠷᠢᠯᠴᠠᠬᠤ᠂ ᠰᠢᠨᠵᠢᠯᠡᠨ ᠪᠠᠶᠢᠴᠠᠭᠠᠬᠤ᠂ ᠵᠥᠪᠳᠡᠯᠴᠡᠬᠦ ᠵᠡᠷᠭᠡ ᠳᠤ ᠡᠭᠦᠰᠦᠭᠰᠡᠨ ᠬᠠᠮᠢᠶ᠎ᠠ | ᠪᠥᠬᠦᠶ ᠵᠠᠷᠤᠳᠠᠯ ᠳᠤ ᠬᠡᠷᠡᠭᠯᠡᠨ᠎ᠡ᠃ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠤ ᠠᠵᠢᠯ ᠤᠨ | ᠵᠠᠷᠤᠳᠠᠯ ᠢ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠨ ᠤ ᠡᠳ᠋ ᠤᠨ | ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠠᠴᠠ | ᠵᠢᠩᠬᠢᠨᠢ ᠪᠠᠷᠢᠮᠲᠠ ᠪᠠᠷ ᠲᠠᠩᠰᠠ ᠲᠠᠶᠢᠯᠤᠨ᠎ᠠ᠃ ᠤᠷᠢᠬᠳᠠᠬᠰᠠᠳ ᠤᠨ ᠠᠮᠵᠢᠯᠲᠠ ᠲᠠᠢ ᠪᠠᠷ ᠣᠷᠣᠭᠤᠯᠤᠨ | ᠠᠪᠴᠢᠷᠠᠭᠰᠠᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ︽ᠷᠠᠰᠢᠶᠠᠨ ᠬᠤᠲᠠ ᠶᠢᠨ ᠬᠤᠳᠠᠯᠳᠤᠭᠠᠴᠢᠨ | ᠤᠷᠢᠵᠤ ᠪᠠᠯᠠ ᠤᠷᠤᠭᠤᠯᠬᠤ ᠶᠢ ᠱᠠᠩᠨᠠᠬᠤ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠱᠠᠩᠨᠠᠯ | ᠦᠭᠭᠦᠨ᠎ᠡ᠃ ᠤᠷᠢᠬᠳᠠᠬᠰᠠᠳ ᠤᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠬᠥᠭᠵᠢᠯᠲᠡ ᠶᠢᠨ ᠬᠡᠲᠦ ᠶᠢᠨ ᠲᠥᠯᠥᠪ ᠥᠷᠭᠡᠨ ᠠᠭᠤᠳᠠᠮ᠂ ᠷᠠᠰᠢᠶᠠᠨ | ᠬᠤᠲᠠ ᠶᠢᠨ ᠠᠵᠤ ᠠᠬᠤᠶ ᠶᠢᠨ ᠬᠥᠭᠵᠢᠯᠲᠡ ᠳᠤ ᠳᠠᠶᠢᠴᠢᠯᠠᠬᠤ ᠦᠢᠯᠡᠳᠦᠯ ᠦᠵᠡᠭᠦᠯᠦᠭᠰᠡᠨ ᠲᠥᠷᠥᠯ ᠵᠦᠢᠯ ᠢ | ᠤᠷᠢᠬᠳᠠᠬᠰᠠᠳ ᠢ ᠠᠰ ᠲᠤᠨᠢ ᠱᠠᠩᠨᠠᠨ᠎ᠠ᠃ | ︵ᠲᠠᠪᠤ︶ ᠵᠠᠷᠴᠢᠮ ᠳᠡᠭᠡᠷ᠎ᠡ ᠪᠠᠨ ᠤᠷᠢᠬᠳᠠᠬᠰᠠᠳ ᠤᠨ ᠪᠠᠶᠢᠭ᠎ᠠ ᠭᠠᠵᠠᠷ ᠲᠤ ᠵᠢᠯ ᠪᠦᠷᠢ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ 1 ᠠᠴᠠ 2 ᠤᠳᠠᠭ᠎ᠠ ᠵᠣᠬᠢᠶᠠᠨ ᠪᠠᠶᠢᠭᠤᠯᠤᠨ᠎ᠠ᠃ | ᠲᠠᠪᠤᠳᠤᠭᠠᠷ ᠵᠦᠢᠯ ᠤᠷᠢᠬᠳᠠᠬᠰᠠᠳ ᠤᠨ ᠡᠭᠦᠷᠭᠡ ᠬᠠᠷᠢᠭᠤᠴᠠᠯᠭ᠎ᠠ᠄ | ︵ᠨᠢᠭᠡ︶ ᠪᠣᠳᠠᠲᠤ ᠬᠦᠴᠦᠨ ᠲᠠᠢ᠂ ᠨᠥᠯᠥᠭᠡ ᠲᠠᠢ᠂ ᠰᠠᠨᠠᠭᠠᠴᠢᠯᠠᠭ᠎ᠠ ᠲᠠᠢ ᠠᠵᠢᠯ ᠲᠥᠷᠥᠯ ᠤᠨ | ᠬᠤᠳᠠᠯᠳᠤᠭᠠᠨ ᠤ ᠨᠡᠶᠢᠭᠡᠮᠯᠢᠭ᠂ ᠪᠠᠯᠠ ᠣᠷᠣᠭᠤᠯᠤᠯᠲᠠ ᠶᠢᠨ ᠬᠤᠳᠠᠯᠳᠤᠭᠠᠴᠢᠳ ᠢ ᠢᠳᠡᠪᠬᠢᠲᠡᠶ ᠪᠠᠷ ᠵᠣᠬᠢᠶᠠᠨ | ᠪᠠᠶᠢᠭᠤᠯᠵᠤ ᠷᠠᠰᠢᠶᠠᠨ ᠬᠤᠲᠠ ᠳᠤ ᠢᠷᠡᠭᠦᠯᠵᠦ ᠪᠠᠶᠢᠴᠠᠭᠠᠯᠲᠠ ᠬᠢᠯᠭᠡᠨ᠎ᠡ᠃ ᠵᠢᠯ ᠪᠦᠷᠢ ᠨᠠᠷᠠᠲᠠᠶ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠷᠠᠰᠢᠶᠠᠨ ᠬᠤᠲᠠ ᠳᠤ 1 ᠠᠴᠠ 2 ᠤᠳᠠᠭ᠎ᠠ ᠰᠢᠨᠵᠢᠯᠡᠨ ᠪᠠᠶᠢᠴᠠᠭᠠᠵᠤ᠂ ᠤᠳᠠᠭ᠎ᠠ ᠪᠦᠷᠢ 5 | ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠶᠢᠨ ᠬᠠᠮᠲᠤ 2 ᠠᠴᠠ ᠳᠡᠭᠡᠭᠰᠢ ᠲᠥᠷᠥᠯ ᠵᠦᠢᠯ ᠤᠨ ᠭᠡᠷ᠎ᠡ | ᠲᠣᠭᠲᠠᠬᠤ ᠶᠢ ᠠᠬᠢᠭᠤᠯᠤᠨ᠎ᠠ᠃ | ︵ᠬᠤᠶᠠᠷ︶ ᠤᠷᠢᠨ ᠬᠡᠷᠡᠭᠯᠡᠬᠦ ᠬᠤᠭᠤᠴᠠᠭᠠᠨ ᠳᠤ ᠠᠳᠠᠭ ᠲᠠᠭᠠᠨ 2 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ ᠷᠠᠰᠢᠶᠠᠨ ᠬᠤᠲᠠ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠷᠠᠰᠢᠶᠠᠨ | ᠬᠤᠲᠠ ᠳᠤ ᠪᠠᠴᠢᠮ ᠬᠡᠷᠡᠭᠰᠡᠬᠦ ᠴᠢᠳᠠᠪᠤᠷᠢᠲᠠᠨ᠂ ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ | ᠲᠠᠨᠢᠯᠴᠠᠭᠤᠯᠤᠨ᠎ᠠ᠃ | ︵ᠭᠤᠷᠪᠠ︶ ᠲᠤᠰ ᠪᠡᠶ᠎ᠡ ᠶᠢᠨ ᠬᠦᠮᠦᠨ ᠤ ᠬᠦᠴᠦᠨ ᠤ ᠡᠬᠢ ᠪᠠᠶᠠᠯᠢᠭ ᠤᠨ ᠲᠠᠪᠠᠭᠤᠯᠢᠭ ᠢᠶᠠᠨ ᠠᠰᠢᠬᠯᠠᠨ᠂ | ᠷᠠᠰᠢᠶᠠᠨ ᠬᠤᠳᠠ ᠶᠢᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠬᠢᠭᠡᠳ ᠪᠠᠯᠠ ᠣᠷᠣᠭᠤᠯᠤᠯᠲᠠ ᠶᠢᠨ | ᠣᠷᠴᠢᠨ ᠲᠣᠭᠤᠷᠢᠨ ᠢ ᠶᠡᠬᠡᠪᠡᠷ ᠤᠬᠠᠭᠤᠯᠵᠤ᠂ ᠷᠠᠰᠢᠶᠠᠨ ᠬᠤᠲᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | | ︵ᠳᠥᠷᠪᠡ︶ ᠷᠠᠰᠢᠶᠠᠨ ᠬᠤᠲᠠ ᠶᠢᠨ ᠳᠤᠮᠳᠠ ᠣᠷᠳᠣ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠯᠥᠪᠵᠢᠭᠦᠯᠭᠡ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠢᠳᠡᠪᠬᠢᠲᠡᠶ | ᠣᠷᠣᠯᠴᠠᠨ᠎ᠠ᠃ | ︵ᠲᠠᠪᠤ︶ ᠷᠠᠰᠢᠶᠠᠨ ᠬᠤᠲᠠ ᠶᠢ ᠬᠠᠪᠰᠤᠷᠴᠤ ᠪᠠᠶᠢᠭ᠎ᠠ ᠭᠠᠵᠠᠷ ᠣᠷᠣᠨ ᠪᠤᠶᠤ ᠬᠤᠯᠪᠣᠭᠳᠠᠯ ᠪᠥᠬᠦᠶ ᠠᠵᠤ | ᠠᠬᠤᠶᠢᠯᠠᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠢᠨ᠎ᠠ᠃ ᠲᠡᠭᠦᠨ ᠤ ᠪᠠᠶᠢᠭ᠎ᠠ ᠭᠠᠵᠠᠷ | ᠣᠷᠣᠨ ᠳᠤ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠪᠡᠶ᠎ᠡ ᠪᠠᠨ ᠳᠠᠭᠠᠭᠠᠵᠤ ᠤᠬᠠᠭᠠᠯᠠᠨ ᠰᠡᠳᠦᠵᠦ᠂ ᠵᠣᠬᠢᠶᠠᠨ | ᠪᠠᠶᠢᠭᠤᠯᠵᠤ ᠶᠠᠪᠤᠭᠳᠠᠭᠤᠯᠤᠨ᠎ᠠ᠃ | ︵ᠵᠢᠷᠭᠤᠭ᠎ᠠ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠳᠤ ᠬᠤᠯᠪᠣᠭᠳᠠᠬᠤ ᠪᠤᠰᠤᠳ | ᠠᠵᠢᠯ ᠳᠤ ᠢᠳᠡᠪᠬᠢᠲᠡᠶ ᠣᠷᠣᠯᠴᠠᠨ᠎ᠠ᠃ | ᠵᠢᠷᠭᠤᠳᠤᠭᠠᠷ ᠵᠦᠢᠯ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠳᠤ ᠳᠣᠣᠷᠠᠬᠢ ᠪᠠᠶᠢᠳᠠᠯ ᠤᠨ | ᠨᠢᠭᠡ ᠨᠢ ᠭᠠᠷᠤᠭᠰᠠᠨ ᠪᠣᠯ ᠤᠷᠢᠬᠤ ᠪᠠᠨ ᠵᠣᠭᠰᠣᠭᠠᠨ᠎ᠠ᠄ | ︵ᠨᠢᠭᠡ︶ ᠮᠠᠨ ᠤ ᠤᠯᠤᠰ ᠤᠨ ᠡᠷᠡᠭᠦᠦ ᠶᠢᠨ ᠬᠠᠤᠯᠢ ᠳᠤ ᠬᠠᠯᠳᠠᠭᠰᠠᠨ ᠪᠤᠶᠤ ᠤᠯᠤᠰ ᠤᠨ ᠬᠠᠷᠢᠶ᠎ᠠ ᠲᠠᠢ | ᠤᠯᠤᠰ᠂ ᠣᠷᠣᠰᠢᠨ ᠰᠠᠭᠤᠭ᠎ᠠ ᠤᠯᠤᠰ ᠤᠨ ᠵᠣᠬᠢᠴᠠᠩᠭᠤᠶ ᠬᠠᠤᠯᠢ ᠴᠠᠭᠠᠵᠠ ᠳᠤ ᠬᠠᠯᠳᠠᠭᠰᠠᠨ︔ | ︵ᠬᠤᠶᠠᠷ︶ ᠤᠯᠤᠰ ᠣᠷᠣᠨ ᠤ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠶᠢ ᠬᠢᠭᠰᠡᠨ | ︔ | ︵ᠭᠤᠷᠪᠠ︶ ᠷᠠᠰᠢᠶᠠᠨ ᠬᠤᠲᠠ ᠶᠢᠨ ᠨᠡᠷ᠎ᠡ ᠬᠦᠨᠳᠦ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠲᠠᠢ ᠪᠠᠶᠢᠬᠤ︔ | | ︵ᠲᠥᠷᠪᠡ︶ ᠵᠦᠢ ᠶᠣᠰᠣᠨ ᠤ ᠰᠢᠯᠲᠠᠭᠠᠨ ᠥᠭᠡᠢ ᠪᠠᠷ ᠠᠵᠤ ᠦᠢᠯᠡᠰ ᠤᠨ ᠲᠠᠨᠢᠯᠴᠠᠭᠤᠯᠭ᠎ᠠ ᠶᠢᠨ | ᠲᠤᠰᠢᠶᠠᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠭᠡᠢ ᠵᠢᠴᠢ ᠪᠤᠰᠤᠳᠴᠢ ᠰᠢᠯᠲᠠᠭᠠᠨ ᠠᠴᠠ | ᠪᠣᠯᠣᠭᠠᠳ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠤ ᠠᠵᠢᠯ ᠶᠠᠪᠤᠳᠠᠯ ᠢ ᠦᠷᠭᠦᠯᠵᠢᠯᠡᠨ ᠡᠷᠬᠢᠯᠡᠵᠤ | ᠳᠡᠶᠢᠯᠬᠦ ᠥᠭᠡᠢ ᠪᠤᠯᠤᠭᠰᠠᠨ᠃ | ︵ᠲᠠᠪᠤ︶ ᠨᠢᠭᠤᠴᠠ ᠶᠢ ᠬᠠᠮᠠᠭᠠᠯᠠᠬᠤ ᠵᠠᠷᠴᠢᠮ ᠢ ᠵᠥᠷᠢᠴᠡᠵᠦ᠂ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ ᠪᠠ ᠢᠯᠡ ᠪᠣᠯᠭᠠᠵᠤ ᠪᠣᠯᠬᠤ ᠦᠭᠡᠢ ᠮᠡᠳᠡᠭᠡ ᠵᠠᠩᠭᠢ ᠶᠢ ᠵᠠᠳᠠᠷᠠᠭᠤᠯᠤᠭᠰᠠᠨ︔ | ︵ᠵᠢᠷᠭᠤᠭ᠎ᠠ︶ ᠠᠵᠤ ᠦᠢᠯᠡᠰ ᠤᠨ ᠲᠠᠨᠢᠯᠴᠠᠭᠤᠯᠭ᠎ᠠ ᠶᠢᠨ ᠲᠤᠰᠢᠶᠠᠯᠲᠠᠨ ᠤ ᠨᠡᠷ᠎ᠡ ᠪᠠᠷ ᠠᠵᠤ ᠦᠢᠯᠡᠰ ᠤᠨ | ᠲᠤᠰᠢᠶᠠᠯᠲᠠᠨ ᠤ ᠲᠠᠨᠢᠯᠴᠠᠭᠤᠯᠭ᠎ᠠ ᠶᠢᠨ ᠬᠠᠷᠢᠭᠤᠴᠠᠯᠭ᠎ᠠ ᠯᠤᠭ᠎ᠠ ᠬᠤᠯᠪᠣᠭᠳᠠᠯ ᠦᠭᠡᠢ ᠠᠵᠢᠯᠯᠠᠭ᠎ᠠ ᠬᠢᠭᠰᠡᠨ ᠪᠥᠭᠡᠳ | ᠮᠠᠭᠤ ᠨᠥᠯᠥᠭᠡ ᠭᠠᠷᠭᠠᠭᠰᠠᠨ᠃ | ᠳᠣᠯᠣᠳᠤᠭᠠᠷ ᠵᠦᠢᠯ ᠪᠠᠲᠤᠯᠠᠭ᠎ᠠ ᠶᠢᠨ ᠠᠷᠭ᠎ᠠ ᠬᠡᠮᠵᠢᠶ᠎ᠡ᠄ | ︵ᠨᠢᠭᠡ︶ ᠤᠷᠢᠬᠤ ᠲᠠᠯ᠎ᠠ ᠨᠢ ᠵᠠᠷᠴᠢᠮ ᠳᠡᠭᠡᠷ᠎ᠡ ᠪᠠᠨ ᠨᠢᠭᠡ ᠮᠤᠵᠢ ᠠᠴᠠ 1 ᠬᠥᠮᠦᠨ ︵ᠨᠢᠭᠡᠴᠡ︶ ᠢ ᠤᠷᠢᠵᠤ | ᠪᠤᠯᠤᠨ᠎ᠠ᠃ | ︵ᠬᠤᠶᠠᠷ︶ ᠠᠵᠢᠯ ᠢᠶᠠᠨ ᠪᠦᠲᠦᠮᠵᠢᠲᠡᠶ ᠪᠠᠷ ᠥᠷᠨᠢᠭᠦᠯᠬᠦ ᠶᠢᠨ ᠲᠥᠯᠥᠭᠡ᠂ ᠬᠤᠶᠠᠷ ᠲᠠᠯ᠎ᠠ ᠪᠠᠷ ᠢᠶᠠᠨ ᠲᠤᠰᠬᠠᠶ | ᠬᠥᠮᠦᠨ ᠢ ᠲᠣᠭᠲᠠᠭᠠᠵᠤ ᠬᠤᠯᠪᠣᠭ᠎ᠠ ᠠᠪᠬᠤ ᠳᠤᠭᠤᠶᠢᠯᠠᠩ ᠪᠠᠶᠢᠭᠤᠯᠵᠤ᠂ ᠪᠣᠳᠠᠲᠠᠶ ᠬᠡᠷᠡᠭ ᠶᠠᠪᠤᠳᠠᠯ ᠤᠨ ᠲᠠᠯ᠎ᠠ ᠪᠠᠷ | ᠬᠠᠷᠢᠯᠴᠠᠬᠤ᠂ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠭᠤᠯᠤᠨ᠎ᠠ᠃ | ︵ᠭᠤᠷᠪᠠ︶ ᠤᠷᠢᠬᠤ ᠪᠠ ᠨᠠᠶᠢᠳᠠᠯᠭ᠎ᠠ ᠶᠢᠨ ᠬᠡᠯᠡᠯᠴᠡᠭᠡᠷ ᠤᠨ ᠠᠭᠤᠯᠭ᠎ᠠ ᠶᠢ ᠦᠨᠳᠦᠰᠦᠯᠡᠨ᠂ ᠬᠤᠶᠠᠷ | ᠲᠠᠯ᠎ᠠ ᠪᠠᠷ ᠢᠶᠠᠨ ᠰᠠᠷ᠎ᠠ ᠪᠦᠷᠢ ᠶᠢᠨ ᠨᠢᠭᠡᠳᠦᠭᠡᠷ ᠭᠠᠷᠠᠭ ᠲᠤ ᠨᠢᠭᠡ ᠤᠳᠠᠭ᠎ᠠ ᠬᠤᠯᠪᠣᠭ᠎ᠠ ᠠᠪᠴᠤ᠂ ᠬᠤᠯᠪᠣᠭᠳᠠᠯ | ᠪᠥᠬᠦᠶ ᠠᠰᠠᠭᠤᠳᠠᠯ ᠢ ᠵᠥᠪᠳᠡᠯᠴᠡᠨ ᠰᠢᠢᠳᠪᠤᠷᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ | ᠠᠬᠢᠭᠤᠯᠤᠨ᠎ᠠ᠃ | ︵ᠳᠥᠷᠪᠡ︶ ᠷᠠᠰᠢᠶᠠᠨ ᠬᠤᠲᠠ ᠶᠢᠨ ᠬᠥᠭᠵᠢᠭᠦᠯᠦᠯᠲᠡᠥᠭᠡᠷᠡᠴᠢᠯᠡᠯᠲᠡ ᠶᠢᠨ ᠵᠥᠪᠯᠡᠯ ︵ᠣᠷᠣᠨ ᠪᠦᠰᠡ ᠶᠢᠨ | ᠠᠵᠤ ᠠᠬᠤᠶ ᠶᠢᠨ ᠬᠠᠮᠲᠤᠷᠠᠯᠴᠠᠭᠠᠨ ᠤ ᠲᠠᠰᠤᠭ︶ ᠨᠢ ᠪᠥᠬᠦ ᠬᠤᠲᠠ ᠶᠢᠨ ᠠᠵᠤ ᠦᠢᠯᠡᠰ ᠤᠨ ᠲᠠᠨᠢᠯᠴᠠᠭᠤᠯᠭ᠎ᠠ ᠶᠢᠨ | ᠲᠤᠰᠢᠶᠠᠯᠲᠠᠨ ᠢ ᠤᠷᠢᠬᠤ ᠡᠳᠦᠷ ᠲᠤᠲᠤᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ | ᠪᠣᠳᠠᠲᠠᠶ ᠬᠠᠮᠢᠶᠠᠷᠤᠯᠲᠠ ᠶᠢᠨ ᠲᠦᠷᠢᠮ ᠪᠠ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠂ ᠬᠤᠳᠠᠯᠳᠤᠭᠠᠴᠢᠨ ᠤᠷᠢᠬᠤ | ᠠᠵᠢᠯᠯᠠᠭ᠎ᠠ ᠶᠢᠨ ᠠᠵᠢᠯ ᠤᠨ ᠵᠠᠷᠤᠳᠠᠯ ᠢ ᠮᠡᠳᠡᠭᠦᠯᠦᠨ ᠵᠥᠪᠰᠢᠶᠡᠷᠡᠭᠦᠯᠬᠦ᠂ ᠬᠡᠷᠡᠭᠯᠡᠬᠦ ᠪᠠ ᠬᠠᠮᠢᠶᠠᠷᠬᠤ ᠠᠵᠢᠯ ᠢ | ᠬᠠᠷᠢᠭᠤᠴᠠᠬᠤ ᠶᠢᠨ ᠬᠠᠮᠲᠤ᠂ ᠤᠷᠢᠬᠳᠠᠬᠰᠠᠳ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ | ᠥᠷᠨᠢᠭᠦᠯᠬᠦ ᠶᠢ ᠵᠢᠯᠣᠭᠤᠳᠤᠨ᠎ᠠ᠃ | ᠨᠠᠢᠮᠠᠳᠤᠭᠠᠷ ᠵᠦᠢᠯ ᠬᠠᠤᠯᠢ ᠴᠠᠭᠠᠵᠠ ᠶᠢᠨ ᠬᠠᠷᠢᠭᠤᠴᠠᠯᠭ᠎ᠠ᠄ | ︵ᠨᠢᠭᠡ︶ ᠤᠷᠢᠬᠳᠠᠬᠰᠠᠳ ᠨᠢ ᠤᠷᠢᠭᠳᠠᠭᠰᠠᠨ ᠬᠡᠪᠴᠢᠶᠡᠨ ᠳᠣᠲᠣᠷ᠎ᠠ ᠪᠠᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯᠯᠠᠭ᠎ᠠ ᠬᠢᠬᠦ ᠬᠡᠷᠡᠭᠲᠡᠶ᠂ ᠤᠷᠢᠬᠳᠠᠬᠰᠠᠳ ᠡᠷᠬᠡ ᠶᠢᠨ ᠬᠡᠪᠴᠢᠶ᠎ᠡ ᠠᠴᠠ ᠪᠠᠨ ᠳᠠᠪᠠᠭ᠋ᠤ ᠪᠤᠶᠤ | ᠵᠥᠷᠢᠴᠡᠵᠦ ᠪᠣᠯᠬᠤ ᠥᠬᠡᠶ᠂ ᠡᠰᠡ ᠲᠡᠭᠡᠪᠡᠯ ᠡᠭᠦᠨ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠤᠷᠢᠬᠳᠠᠬᠰᠠᠳ ᠦᠪᠡᠷ ᠢᠶᠠᠨ ᠡᠭᠦᠷᠭᠡᠯᠡᠨ᠎ᠡ᠃ | ︵ᠬᠤᠶᠠᠷ︶ ᠡᠯ᠎ᠡ ᠵᠦᠢᠯ ᠤᠨ ᠵᠦᠢ ᠪᠤᠰᠤ ᠠᠷᠭ᠎ᠠ ᠪᠠᠷ ᠬᠤᠳᠠᠯᠳᠤᠭᠠᠴᠢᠨ ᠤᠷᠢᠬᠤ ᠵᠠᠷᠤᠳᠠᠯ ᠵᠢᠴᠢ ᠱᠠᠩᠨᠠᠯ | ᠬᠥᠬᠢᠭᠦᠯᠦᠯ ᠢ ᠮᠡᠬᠡᠯᠡᠨ ᠠᠪᠤᠭᠰᠠᠨ᠂ ᠨᠡᠬᠦᠯᠬᠡᠵᠦ ᠬᠡᠷᠡᠭᠯᠡᠭᠰᠡᠨ ᠪᠤᠶᠤ ᠳᠤᠮᠳᠠ ᠠᠴᠠ ᠨᠢ ᠦᠯᠡᠳᠡᠬᠡᠵᠦ ᠠᠪᠤᠭᠰᠠᠨ᠂ | ᠡᠵᠡᠯᠡᠵᠦ ᠠᠪᠤᠭᠰᠠᠨ ᠠᠵᠢᠯᠳᠠᠨ ᠪᠤᠶᠤ ᠨᠢᠭᠡᠴᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ | ᠰᠠᠬᠢᠯᠭ᠎ᠠ ᠪᠠᠲᠤ ᠶᠢᠨ ᠰᠢᠳᠬᠡᠯ ᠤᠯᠭᠤᠭᠤᠯᠤᠨᠠ︔ ᠤᠢᠢᠯᠠ ᠠᠵᠢᠯᠯᠠᠭ᠎ᠠ ᠨᠢ ᠬᠦᠨᠳᠦ ᠨᠣᠴᠢᠲᠠᠶ ᠪᠠᠶᠢᠪᠠᠯ᠂ ᠬᠠᠤᠯᠢ | ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠢᠰᠦᠳᠦᠭᠡᠷ ᠵᠦᠢᠯ ᠲᠣᠰ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ ᠢ ᠷᠠᠰᠢᠶᠠᠨ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠠᠭᠠᠯᠳᠤᠭᠤᠯᠤᠯ 3᠄ | ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ | ᠮᠠᠨ ᠤ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠳᠠᠪᠠᠭᠤᠯᠢᠭ ᠭᠤᠤᠯᠯᠠᠬᠤ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ᠂ ᠪᠥᠬᠦ ᠬᠤᠲᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ | ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ | ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ | ᠲᠣᠭᠲᠠᠭᠠᠪᠠ᠃ | ᠨᠢᠭᠡ᠂ ᠬᠡᠷᠡᠭᠯᠡᠬᠦ ᠬᠡᠪᠴᠢᠶ᠎ᠡ | ᠨᠢᠭᠡᠳᠦᠭᠡᠷ ᠵᠦᠢᠯ ᠲᠤᠰ ᠲᠥᠷᠥ ᠶᠢᠨ ᠪᠣᠳᠣᠯᠭ᠎ᠠ ᠶᠢ ᠮᠠᠨ ᠤ ᠬᠤᠲᠠ ᠳᠤ ᠲᠥᠷᠥᠯ ᠵᠦᠢᠯ ᠤᠨ ᠪᠡᠯᠡ | ᠣᠷᠣᠭᠤᠯᠤᠯᠲᠠ ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ᠂ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠬᠡᠷᠡᠭᠯᠡᠬᠦ ᠪᠥᠭᠡᠳ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 5000 ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠯᠭᠠᠨ᠎ᠠ᠃ | ᠬᠤᠶᠠᠷ᠂ ᠬᠡᠷᠡᠭᠯᠡᠬᠦ ᠠᠵᠤ ᠦᠢᠯᠡᠰ | ᠬᠤᠶᠠᠳᠤᠭᠠᠷ ᠵᠦᠢᠯ ᠪᠡᠯᠡ ᠣᠷᠣᠭᠤᠯᠤᠯᠲᠠ ᠶᠢᠨ ᠲᠦᠷᠦᠯ ᠵᠦᠢᠯ ᠨᠢ ᠤᠯᠤᠰ ᠤᠨ ᠠᠵᠤ ᠦᠢᠯᠡᠰ ᠤᠨ | ᠭᠠᠷᠴᠠᠭ ᠲᠤ ᠵᠢᠭᠰᠠᠭᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠯᠪᠡᠷᠢ ᠶᠢᠨ ᠠᠵᠤ | ᠦᠢᠯᠡᠳᠪᠦᠷᠢ ᠶᠢᠨ ᠲᠦᠷᠦᠯ ᠵᠦᠢᠯ᠂ ᠰᠣᠶᠣᠯ ᠵᠤᠭᠠᠴᠠᠯ ᠤᠨ ᠲᠦᠷᠦᠯ ᠵᠦᠢᠯ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠤᠨ ᠲᠦᠷᠦᠯ ᠵᠦᠢᠯ ᠵᠢᠴᠢ ᠤᠯᠤᠰ ᠠᠴᠠ ᠤᠷᠢᠳᠠᠪᠠᠷ ᠬᠥᠭᠵᠢᠭᠦᠯᠬᠦ ᠶᠢ ᠵᠣᠷᠢᠭᠵᠢᠭᠤᠯᠤᠨ ᠲᠡᠳᠬᠦᠵᠦ | ᠪᠠᠶᠢᠭ᠎ᠠ ᠪᠤᠰᠤᠳ ᠠᠵᠤ ᠦᠢᠯᠡᠰ ᠤᠨ ᠲᠦᠷᠦᠯ ᠵᠦᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠭᠤᠷᠪᠠᠳᠤᠭᠠᠷ ᠵᠦᠢᠯ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ ᠤᠨ ᠴᠢᠭᠯᠡᠯ ᠳᠤ ᠨᠡᠶᠢᠴᠡᠬᠦ᠂ ᠮᠠᠨ ᠤ | ᠬᠤᠲᠠ ᠶᠢᠨ ᠳᠠᠪᠠᠭᠤᠯᠢᠭ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠬᠦ᠂ ᠠᠵᠤ ᠦᠢᠯᠡᠰ ᠤᠨ ᠬᠡᠯᠬᠢᠶ᠎ᠡ ᠶᠢ | ᠪᠦᠲᠦᠮᠵᠢᠲᠡᠶ ᠪᠠᠷ ᠤᠷᠲᠤᠳᠬᠠᠬᠤ ᠪᠠ ᠨᠥᠬᠦᠪᠥᠷᠢᠯᠡᠨ ᠬᠦᠴᠦᠷᠬᠡᠭᠵᠢᠭᠦᠯᠬᠦ᠂ ᠮᠠᠨ ᠤ ᠬᠤᠲᠠ ᠶᠢᠨ ᠠᠵᠤ | ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠳᠤ ᠢᠳᠡᠪᠬᠢ | ᠠᠴᠢ ᠬᠤᠯᠪᠣᠭᠳᠠᠯ ᠲᠠᠢ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠎ᠠ᠃ | | ᠳᠥᠷᠪᠡᠳᠦᠭᠡᠷ ᠵᠦᠢᠯ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠶ ᠵᠡᠷᠭᠡ | ︽ᠬᠢᠵᠢᠭ ᠤᠨ ᠳᠠᠷᠠᠭᠠᠬᠢ︾ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠨᠥᠬᠦᠴᠡᠯ ᠲᠠᠢ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ | ᠥᠷᠭᠡᠳᠬᠡᠬᠦ ᠶᠢ ᠠᠬᠢᠭᠤᠯᠤᠨ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠪᠤᠰᠤᠳ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠭᠡᠨ᠎ᠡ᠃ | ᠲᠠᠪᠤᠳᠤᠭᠠᠷ ᠵᠦᠢᠯ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠣᠴᠢᠵᠤ ᠪᠠᠯᠠ ᠣᠷᠣᠭᠤᠯᠬᠤ ᠶᠢ | ᠵᠣᠷᠢᠭᠵᠢᠭᠤᠯᠵᠤ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ 5000 ᠲᠦᠮᠡᠨ ᠲᠥᠭᠦᠷᠢᠭ ᠠᠴᠠ | ᠳᠡᠭᠡᠭᠰᠢ ᠳᠤ ᠬᠦᠷᠦᠭᠰᠡᠨ ᠪᠠᠶᠢᠪᠠᠯ᠂ ᠵᠠᠰᠠᠭ ᠤᠨ ᠣᠷᠳᠣᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠥᠬᠦᠶ | ᠱᠠᠩᠨᠠᠯ ᠤᠨ ᠪᠠᠯᠠ ᠮᠥᠩᠭᠦ ᠶᠢ ᠴᠢᠷᠮᠠᠶᠢᠨ ᠤᠯᠭᠤᠨ᠎ᠠ᠃ | ᠭᠤᠷᠪᠠ᠂ ᠲᠡᠳᠭᠦᠮᠵᠢ ᠶᠢᠨ ᠲᠥᠷᠥ ᠶᠢᠨ ᠪᠣᠳᠣᠯᠭ᠎ᠠ | ᠵᠢᠷᠭᠤᠳᠤᠭᠠᠷ ᠵᠦᠢᠯ ᠪᠡᠯᠡ ᠣᠷᠣᠭᠤᠯᠤᠭᠴᠢ ᠤᠯᠤᠰ ᠤᠨ ᠬᠠᠤᠯᠢ ᠳᠤ ᠲᠣᠭᠲᠠᠭᠠᠭᠰᠠᠨ ᠲᠦᠷᠢᠮ ᠶᠣᠰᠣᠭᠠᠷ | ᠤᠯᠤᠰ ᠤᠨ ᠦᠮᠴᠢᠯᠡᠯᠳᠦ ᠭᠠᠵᠠᠷ ᠰᠢᠷᠣᠶ ᠶᠢ ᠬᠡᠷᠡᠭᠯᠡᠬᠦ ᠡᠷᠬᠡ ᠶᠢ ᠣᠯᠤᠨ᠎ᠠ᠃ ᠬᠡᠷᠡᠭᠯᠡᠬᠦ ᠵᠢᠯ ᠬᠤᠭᠤᠴᠠᠭ᠎ᠠ | ᠳᠣᠲᠣᠷ᠎ᠠ ᠬᠠᠤᠯᠢ ᠶᠣᠰᠣᠭᠠᠷ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠪᠤᠶᠤ ᠪᠡᠯᠡ | ᠨᠡᠶᠢᠯᠡᠭᠦᠯᠦᠨ ᠬᠤᠷᠰᠢᠬᠤ ᠶᠢᠨ ᠨᠥᠬᠦᠴᠡᠯ ᠪᠣᠯᠭᠠᠵᠤ ᠪᠣᠯᠤᠨ᠎ᠠ᠃ ᠬᠡᠷᠡᠭᠯᠡᠬᠦ ᠬᠤᠭᠤᠴᠠᠭ᠎ᠠ ᠨᠢ ᠲᠤᠯᠤᠭᠰᠠᠨ ᠤ | ᠳᠠᠷᠠᠭ᠎ᠠ ᠵᠥᠪᠰᠢᠶᠡᠷᠡᠭᠦᠯᠦᠭᠡᠳ ᠬᠤᠭᠤᠴᠠᠭ᠎ᠠ ᠶᠢ ᠨᠢ ᠤᠷᠲᠤᠳᠬᠠᠨ ᠬᠡᠷᠡᠭᠯᠡᠵᠦ ᠪᠣᠯᠤᠨ᠎ᠠ᠃ | ᠳᠣᠯᠣᠳᠤᠭᠠᠷ ᠵᠦᠢᠯ ᠬᠤᠷᠠᠯ ᠤᠨ ᠶᠠᠷᠢᠶᠠᠨ ᠤ ᠲᠠᠪᠴᠠᠩ᠂ ᠵᠠᠭᠤᠴᠢ ᠪᠠᠶᠢᠭᠤᠯᠤᠮᠵᠢ ᠶᠢᠨ ᠮᠠᠨ ᠤ | ᠬᠤᠲᠠ ᠳᠤ ᠢᠷᠡᠵᠦ ᠬᠠᠮᠢᠶ᠎ᠠ ᠪᠥᠬᠦᠶ ᠬᠤᠷᠠᠯ ᠤᠨ ᠶᠠᠷᠢᠶᠠᠨ ᠤ ᠲᠠᠪᠴᠠᠩ ᠬᠤᠷᠠᠯᠳᠤᠭᠤᠯᠬᠤ ᠶᠢ ᠵᠣᠷᠢᠭᠵᠢᠭᠤᠯᠵᠤ᠂ | ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ᠲᠠᠯ᠎ᠠ᠂ ᠵᠠᠭᠤᠴᠢ ᠪᠠᠶᠢᠭᠤᠯᠤᠮᠵᠢ ᠵᠢᠴᠢ ᠬᠤᠪᠢ ᠬᠥᠮᠦᠨ ᠢ | ᠱᠠᠩᠨᠠᠨ ᠬᠥᠬᠢᠭᠦᠯᠦᠨ᠎ᠡ᠃ ︽ᠬᠤᠷᠠᠯ ᠤᠨ ᠶᠠᠷᠢᠶᠠᠨ ᠤ ᠲᠠᠪᠴᠠᠩ ᠤᠨ ᠲᠥᠷᠥᠯ ᠤᠨ ᠱᠠᠩᠨᠠᠨ ᠬᠥᠬᠢᠭᠦᠯᠬᠦ ᠠᠷᠭ᠎ᠠ︾ | ᠠᠴᠠ ᠨᠠᠷᠢᠪᠴᠢᠯᠠᠨ ᠦᠵᠡᠭᠡᠷᠡᠶ᠃ | ᠨᠠᠢᠮᠠᠳᠤᠭᠠᠷ ᠵᠦᠢᠯ ᠪᠡᠯᠡ ᠣᠷᠣᠭᠤᠯᠤᠭᠴᠢᠳ ᠭᠠᠵᠠᠷ ᠰᠢᠷᠣᠶ ᠶᠢᠨ ᠬᠡᠷᠡᠭᠯᠡᠯᠲᠡ ᠪᠠ ᠭᠠᠵᠠᠷ ᠰᠢᠷᠣᠶ ᠶᠢᠨ | ᠬᠡᠷᠡᠭᠯᠡᠯᠲᠡ ᠶᠢᠨ ᠭᠡᠷ᠎ᠡ ᠶᠢ ᠴᠢᠩᠭ᠎ᠠ ᠵᠢᠷᠤᠮᠯᠠᠨ ᠭᠠᠵᠠᠷ ᠰᠢᠷᠣᠶ ᠶᠢ ᠵᠦᠪᠰᠢᠶᠡᠷᠡᠭᠦᠯᠦᠨ ᠨᠡᠭᠡᠭᠡᠨ ᠠᠰᠢᠭᠯᠠᠬᠤ ᠬᠡᠷᠡᠭᠲᠡᠶ | ᠂ ᠵᠥᠪᠰᠢᠶᠡᠷᠡᠭᠦᠯᠦᠭᠰᠡᠨ ᠥᠭᠡᠢ ᠪᠣᠯ ᠭᠠᠵᠠᠷ ᠰᠢᠷᠣᠶ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ | ᠥᠭᠡᠢ᠂ ᠵᠦᠢ ᠶᠣᠰᠣᠨ ᠤ ᠰᠢᠯᠲᠠᠭᠠᠨ ᠥᠭᠡᠢ ᠪᠠᠷ ᠰᠤᠯᠠ ᠪᠠᠶᠢᠯᠭᠠᠬᠤ ᠳᠤ ᠬᠦᠷᠦᠭᠦᠯᠪᠡᠯ᠂ ︽ᠰᠤᠯᠠ ᠪᠠᠶᠢᠯᠭᠠᠭᠰᠠᠨ | ᠭᠠᠵᠠᠷ ᠰᠢᠷᠣᠶ ᠶᠢ ᠰᠢᠢᠳᠪᠤᠷᠢᠯᠡᠬᠦ ᠠᠷᠭ᠎ᠠ︾ ᠶᠢᠨ ᠶᠣᠰᠣᠭᠠᠷ ᠰᠢᠢᠳᠪᠤᠷᠢᠯᠡᠬᠦ ᠬᠡᠷᠡᠭᠲᠡᠶ᠃ | ᠶᠢᠰᠦᠳᠦᠭᠡᠷ ᠵᠦᠢᠯ ᠮᠠᠨ ᠤ ᠬᠤᠲᠠ ᠳᠤ ᠪᠡᠯᠡ ᠣᠷᠣᠭᠤᠯᠵᠤ ᠰᠢᠨ᠎ᠡ ᠪᠠᠷ ᠪᠦᠲᠦᠭᠡᠨ ᠪᠠᠶᠢᠭᠤᠯᠤᠭᠰᠠᠨ | ᠭᠤᠣᠯᠳᠠᠯᠭ᠎ᠠ ᠲᠠᠢ ᠲᠡᠳᠭᠦᠮᠵᠢ ᠶᠢᠨ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠪᠦᠬᠦᠨ ᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ︵5000 ᠲᠦᠮᠡᠨ ᠲᠥᠭᠦᠷᠢᠭ | ᠪᠠᠭᠲᠠᠨ᠎ᠠ︶ ᠠᠴᠠ ᠳᠡᠭᠡᠭᠰᠢ ᠪᠠᠶᠢᠪᠠᠯ᠂ ᠡᠵᠡᠩᠨᠡᠯᠲᠡ ᠶᠢᠨ ᠬᠤᠭᠤᠴᠠᠭ᠎ᠠ ᠨᠢ 10 ᠵᠢᠯ ᠠᠴᠠ ᠳᠡᠭᠡᠭᠰᠢ ᠪᠠᠶᠢᠪᠠᠯ᠂ | ᠡᠵᠡᠩᠨᠡᠭᠰᠡᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠲᠤᠰᠢᠶᠠᠭᠰᠠᠨ ᠠᠰᠢᠭ ᠣᠷᠣᠯᠭ᠎ᠠ ᠶᠢᠨ ᠭᠠᠶᠢᠯᠢ ᠶᠢᠨ | ᠣᠷᠣᠨ ᠨᠤᠲᠤᠭ ᠤᠨ ᠬᠤᠪᠢᠳᠠᠨ ᠦᠯᠡᠳᠡᠭᠡᠬᠦ ᠬᠡᠰᠡᠭ ︵ᠷᠠᠰᠢᠶᠠᠨ ᠬᠤᠲᠠ ᠶᠢᠨ ᠲᠣᠰ ᠱᠠᠲᠤᠨ ᠤ ᠬᠤᠪᠢᠳᠠᠨ | ᠦᠯᠡᠳᠡᠭᠡᠬᠦ ᠬᠡᠰᠡᠭ ᠢ ᠠᠵᠤ ᠠᠬᠤᠶᠢᠯᠠᠯ ᠤᠨ ᠣᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ | ᠪᠤᠳᠤᠵᠤ ᠢᠯᠭᠠᠷᠠᠭᠤᠯᠤᠨ ᠲᠤᠰᠢᠶᠠᠭᠰᠠᠨ ᠭᠠᠶᠢᠯᠢ ᠶᠢᠨ ᠵᠣᠭᠤᠰ ᠢᠶᠠᠷ ᠪᠠᠷᠢᠮᠵᠢᠶ᠎ᠠ ᠪᠣᠯᠭᠠᠨ᠎ᠠ︶ ᠨᠢ᠂ ᠡᠮᠦᠨ᠎ᠡ ᠬᠤᠶᠠᠷ | ᠵᠢᠯ ᠳᠤ ᠤᠷᠢᠳᠠᠪᠠᠷ ᠲᠠᠲᠠᠪᠤᠷᠢᠯᠠᠵᠤ ᠳᠠᠷᠠᠭ᠎ᠠ ᠨᠢ 100% ᠪᠠᠷ ᠠᠵᠤ ᠠᠬᠤᠶᠢᠯᠠᠯ ᠢ ᠱᠠᠩᠨᠠᠨ᠎ᠠ᠃ ᠰᠡᠭᠦᠯᠴᠢ ᠶᠢᠨ | ᠭᠤᠷᠪᠠ ᠠᠴᠠ ᠲᠠᠪᠤᠨ ᠵᠢᠯ ᠳᠤ ᠤᠷᠢᠳ ᠢᠶᠠᠷ ᠲᠠᠲᠠᠪᠤᠷᠢᠯᠠᠵᠤ ᠳᠠᠷᠠᠭ᠎ᠠ ᠨᠢ 50% ᠪᠠᠷ ᠠᠵᠤ ᠠᠬᠤᠶᠢᠯᠠᠯ ᠢ | ᠱᠠᠩᠨᠠᠨ᠎ᠠ᠃ | ᠠᠷᠪᠠᠳᠤᠭᠠᠷ ᠵᠦᠢᠯ ᠷᠠᠰᠢᠶᠠᠨ ᠤ ᠬᠢᠯᠢ ᠶᠢᠨ ᠳᠣᠲᠣᠷ᠎ᠠ ᠰᠢᠨ᠎ᠡ ᠪᠠᠷ ᠪᠠᠶᠢᠭᠤᠯᠤᠭᠰᠠᠨ ᠵᠠᠮ ᠬᠠᠷᠢᠯᠴᠠᠭ᠎ᠠ᠂ | ᠴᠠᠬᠢᠯᠭᠠᠨ ᠬᠦᠴᠦᠨ᠂ ᠤᠰᠤᠨ ᠠᠰᠢᠭᠯᠠᠯᠲᠠ᠂ ᠰᠢᠦᠳᠠᠨ ᠪᠣᠯᠤᠨ ᠷᠠᠳᠢᠣ᠋ ᠨᠡᠪᠲᠡᠷᠡᠭᠦᠯᠭᠡ ᠲᠧᠯᠸᠢᠰ ᠤᠨ ᠠᠵᠤ | ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠠᠵᠤ ᠠᠬᠤᠶᠢᠯᠠᠯ ᠤᠨ ᠶᠡᠷᠦᠩᠬᠡᠶ ᠣᠷᠣᠯᠭ᠎ᠠ ᠶᠢᠨ | 70% ᠠᠴᠠ ᠳᠡᠭᠡᠭᠰᠢᠬᠢ ᠶᠢ ᠡᠵᠡᠯᠡᠭᠰᠡᠨ ᠪᠠᠶᠢᠪᠠᠯ᠂ ᠠᠵᠤ ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠣᠷᠣᠨ | ᠨᠤᠲᠤᠭ ᠤᠨ ᠬᠤᠪᠢᠳᠠᠨ ᠦᠯᠡᠳᠡᠭᠡᠭᠰᠡᠨ ᠬᠡᠰᠡᠭ ︵ᠷᠠᠰᠢᠶᠠᠨ ᠬᠤᠳᠠ ᠶᠢᠨ ᠲᠤᠰ ᠱᠠᠲᠤᠨ ᠤ ᠬᠤᠪᠢᠳᠠᠨ | ᠦᠯᠡᠳᠡᠭᠡᠭᠰᠡᠨ ᠬᠡᠰᠡᠭ ᠢ ᠠᠵᠤ ᠠᠬᠤᠶᠢᠯᠠᠯ ᠤᠨ ᠣᠨ ᠤ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ | ᠲᠤᠰᠢᠶᠠᠭᠰᠠᠨ ᠭᠠᠶᠢᠯᠢ ᠶᠢᠨ ᠵᠣᠭᠤᠰ ᠢᠶᠠᠷ ᠪᠠᠷᠢᠮᠵᠢᠶ᠎ᠠ ᠪᠣᠯᠭᠠᠨ᠎ᠠ︶᠂ ᠲᠦᠷᠦᠭᠦᠦ ᠬᠤᠶᠠᠷ ᠵᠢᠯ ᠳᠤ ᠤᠷᠢᠳᠠᠪᠠᠷ | ᠲᠠᠲᠠᠪᠤᠷᠢᠯᠠᠵᠤ ᠲᠠᠷᠠᠭ᠎ᠠ ᠨᠢ 100% ᠪᠠᠷ ᠠᠵᠤ ᠠᠬᠤᠶᠢᠯᠠᠯ ᠢ ᠱᠠᠩᠨᠠᠨ᠎ᠠ᠃ ᠰᠡᠭᠦᠯᠴᠢ ᠶᠢᠨ ᠭᠤᠷᠪᠠ ᠠᠴᠠ | ᠲᠠᠪᠤᠨ ᠵᠢᠯ ᠳᠤ ᠤᠷᠢᠳ ᠢᠶᠠᠷ ᠲᠠᠲᠠᠪᠤᠷᠢᠯᠠᠵᠤ ᠳᠠᠷᠠᠭ᠎ᠠ ᠨᠢ 50% ᠪᠠᠷ ᠠᠵᠤ ᠠᠬᠤᠶᠢᠯᠠᠯ ᠢ ᠱᠠᠩᠨᠠᠨ᠎ᠠ᠃ | ᠠᠷᠪᠠᠨ ᠨᠢᠭᠡᠳᠦᠭᠡᠷ ᠵᠦᠢᠯ ᠮᠠᠨ ᠤ ᠬᠤᠲᠠ ᠳᠤ ᠪᠡᠯᠡ ᠣᠷᠣᠭᠤᠯᠤᠨ ᠰᠢᠨ᠎ᠡ ᠪᠠᠷ ᠪᠦᠲᠦᠭᠡᠨ ᠪᠠᠶᠢᠭᠤᠯᠤᠭᠰᠠᠨ | ᠭᠤᠣᠯᠳᠠᠯᠭ᠎ᠠ ᠲᠠᠢ ᠲᠡᠳᠭᠦᠮᠵᠢ ᠶᠢᠨ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠪᠦᠬᠦᠨ ᠢ ᠤᠯᠤᠰ ᠤᠨ | ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ᠂ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠶᠡᠭᠡ ᠪᠠᠭ᠎ᠠ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ | ᠠᠮᠢ ᠠᠬᠤᠶ ᠶᠢ ᠬᠠᠮᠠᠭᠠᠯᠠᠬᠤ ᠪᠠ ᠬᠡᠯᠪᠡᠷᠢ ᠶᠢ ᠬᠤᠪᠢᠷᠠᠭᠤᠯᠬᠤ᠂ ᠲᠥᠪᠯᠡᠷᠡᠨ ᠵᠠᠯᠭᠠᠯᠳᠤᠭᠰᠠᠨ ᠣᠨᠴᠠᠭᠠᠶ | ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠡᠬᠢ | ᠪᠠᠶᠠᠯᠢᠭ ᠪᠠᠷᠠᠭᠳᠠᠭᠰᠠᠨ ᠬᠡᠯᠪᠡᠷᠢ ᠶᠢᠨ ᠬᠤᠲᠠ ᠶᠢᠨ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ | ᠲᠤᠷᠰᠢᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠪᠠᠯ᠂ ᠬᠤᠲᠠ ᠶᠢᠨ | ᠵᠠᠰᠠᠭ ᠤᠨ ᠣᠷᠳᠣᠨ ᠠᠴᠠ ᠤᠷᠢᠳᠠᠪᠠᠷ ᠲᠥᠷᠥᠯ ᠵᠦᠢᠯ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ | ᠲᠤᠰᠬᠠᠶ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠡᠳᠬᠦᠨ ᠳᠡᠮᠵᠢᠬᠦ ᠪᠠᠯᠠ ᠮᠥᠩᠭᠦ ᠣᠯᠭᠤᠬᠤ ᠪᠠᠷ | ᠴᠢᠷᠮᠠᠶᠢᠨ᠎ᠠ᠃ | ᠠᠷᠪᠠᠨ ᠬᠤᠶᠠᠳᠤᠭᠠᠷ ᠵᠦᠢᠯ ᠭᠤᠷᠪᠠᠳᠠᠬᠢ ᠡᠲᠡᠭᠡᠳ ᠤᠨ ᠬᠤᠳᠠᠯᠳᠤᠭᠠᠴᠢᠨ ᠤᠷᠢᠬᠤ ᠶᠢ ᠣᠷᠣᠯᠠᠨ | ᠭᠦᠢᠴᠡᠳᠭᠡᠬᠦ ᠪᠠᠶᠢᠭᠤᠯᠤᠮᠵᠢ ᠶᠢᠨ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠠᠵᠤ ᠦᠢᠯᠡᠰ ᠤᠨ | ᠲᠥᠷᠥ ᠶᠢᠨ ᠪᠣᠳᠣᠯᠭ᠎ᠠ ᠳᠤ ᠨᠡᠶᠢᠴᠡᠵᠦ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠨ ᠦᠷ᠎ᠡ | ᠪᠦᠲᠦᠮᠵᠢ ᠳᠤ ᠬᠦᠷᠦᠭᠰᠡᠨ ᠪᠠᠶᠢᠪᠠᠯ ᠪᠠᠯᠠ ᠣᠷᠣᠭᠤᠯᠤᠯᠲᠠ ᠶᠢᠨ ᠲᠤᠭ᠎ᠠ ᠶᠢᠨ 3‰ ᠶᠢᠨ ᠱᠠᠩᠨᠠᠯ ᠣᠯᠭᠤᠵᠤ᠂ | ᠬᠠᠮᠤᠭ ᠤᠨ ᠢᠯᠡᠭᠦᠦ ᠳᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ᠠᠷᠪᠠᠨ ᠭᠤᠷᠪᠠᠳᠤᠭᠠᠷ ᠵᠦᠢᠯ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠮᠥᠷᠲᠡᠭᠡᠨ ᠠᠰᠢᠭᠯᠠᠯᠲᠠ ᠳᠤ | ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠲᠥᠷᠥᠯ ᠵᠦᠢᠯ ᠳᠤ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠨ᠂ | ᠭᠤᠷᠪᠠᠨ ᠵᠢᠯ ᠤᠨ ᠳᠣᠲᠣᠷ᠎ᠠ ᠪᠠᠯᠠ ᠣᠷᠣᠭᠤᠯᠬᠤ ᠲᠤᠭ᠎ᠠ ᠬᠡᠮᠵᠢᠶ᠎ᠡ ᠨᠢ ᠪᠠᠯᠠ ᠣᠷᠣᠭᠤᠯᠬᠤ ᠬᠡᠯᠡᠯᠴᠡᠭᠡᠷ ᠲᠤ | ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠲᠣᠰ ᠲᠥᠷᠥᠯ ᠵᠦᠢᠯ ᠢ ᠨᠢᠭᠡ ᠤᠳᠠᠭ᠎ᠠ ᠳᠤ | ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠤᠨ ᠰᠢᠢᠳᠪᠤᠷᠢᠳᠦ ᠪᠣᠳᠣᠯᠭ᠎ᠠ ᠲᠣᠭᠲᠠᠭᠠᠭᠴᠢ ᠪᠤᠶᠤ ᠬᠡᠷᠡᠭᠵᠢᠭᠦᠯᠦᠭᠴᠢ | ᠬᠤᠪᠢ ᠬᠥᠮᠦᠨ ᠳᠤ ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠᠨ ᠳᠥᠷᠪᠡᠳᠦᠭᠡᠷ ᠵᠦᠢᠯ ᠠᠵᠢᠯᠴᠢᠨ ᠬᠡᠷᠡᠭᠯᠡᠬᠦ ᠶᠢ ᠳᠡᠮᠵᠢᠨ᠎ᠡ᠃ ᠠᠵᠤ ᠠᠬᠤᠶᠢᠯᠠᠯ ᠤᠨ ᠲᠤᠰᠢᠶᠠᠪᠠᠰᠤ | ᠵᠣᠬᠢᠬᠤ ︽ᠲᠠᠪᠤᠨ ᠳᠠᠭᠠᠳᠬᠠᠯ ᠨᠢᠭᠡ ᠮᠥᠩᠭᠦ︾ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠦᠢᠳᠭᠡᠯ ᠤᠨ | ᠨᠣᠷᠮ᠎ᠠ ᠶᠢ ᠪᠠᠭᠤᠷᠠᠭᠤᠯᠬᠤ ᠶᠣᠰᠣᠭᠠᠷ ᠬᠡᠷᠡᠭᠵᠢᠭᠦᠯᠦᠨ᠎ᠡ︔ ᠠᠵᠤ ᠠᠬᠤᠶᠢᠯᠠᠯ ᠬᠢᠭᠡᠳ ᠶᠡᠭᠡ ᠳᠡᠭᠡᠳᠦ | ᠰᠤᠷᠭᠠᠭᠤᠯᠢ ᠶᠢᠨ ᠬᠠᠮᠳᠤᠷᠠᠭᠰᠠᠨ ᠠᠵᠢᠯᠲᠠᠨ ᠠᠵᠢᠯᠴᠢᠨ ᠳᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠤᠯᠪᠠᠰᠤᠷᠠᠯ ᠬᠢᠬᠦ ᠶᠢ ᠵᠣᠷᠢᠭᠵᠢᠭᠤᠯᠵᠤ᠂ ᠪᠤᠯᠪᠠᠰᠤᠷᠠᠯ ᠤᠨ ᠵᠠᠷᠤᠳᠠᠯ ᠢ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠵᠢᠯ ᠪᠦᠷᠢ ᠶᠢᠨ ᠪᠤᠯᠪᠠᠰᠤᠷᠠᠯ ᠤᠨ ᠲᠥᠯᠥᠪᠯᠡᠭᠡ ᠳᠤ | ᠣᠷᠣᠭᠤᠯᠵᠤ᠂ ᠡᠳ᠋ ᠤᠨ ᠵᠠᠰᠠᠭ ᠤᠨ ᠨᠥᠬᠦᠪᠥᠷᠢ ᠶᠢᠨ ᠳᠡᠮᠵᠢᠯᠭᠡ ᠶᠢ ᠬᠦᠷᠳᠡᠭᠡᠨ᠎ᠡ᠃ | ᠠᠷᠪᠠᠨ ᠲᠠᠪᠤᠳᠤᠭᠠᠷ ᠵᠦᠢᠯ ᠲᠣᠰ ᠭᠠᠵᠠᠷ ᠤᠨ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ | ᠠᠬᠤᠶᠢᠯᠠᠯ ᠢ ᠤᠷᠢᠵᠦ ᠠᠪᠴᠢᠷᠠᠬᠤ ᠶᠢ ᠵᠣᠷᠢᠭᠵᠢᠭᠤᠯᠵᠤ᠂ ᠲᠣᠰ ᠭᠠᠵᠠᠷ ᠤᠨ ᠠᠵᠢᠯ ᠣᠯᠭᠤᠭᠰᠠᠨ ᠬᠥᠮᠦᠨ ᠤ | ᠲᠤᠭ᠎ᠠ ᠨᠢ 300 ᠬᠥᠮᠦᠨ ᠠᠴᠠ ᠬᠡᠲᠦᠷᠡᠭᠰᠡᠨ ᠪᠠᠶᠢᠪᠠᠯ᠂ 200 ᠲᠥᠭᠦᠷᠢᠭ / ᠬᠥᠮᠦᠨ ᠤ ᠪᠠᠷᠢᠮᠵᠢᠶ᠎ᠠ ᠪᠠᠷ ᠨᠢᠭᠡ | ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ | ᠠᠷᠪᠠᠨ ᠵᠢᠷᠭᠤᠳᠤᠭᠠᠷ ᠵᠦᠢᠯ ᠲᠤᠮᠤ ᠠᠵᠤ ᠦᠢᠯᠡᠳᠪᠦᠷᠢ ᠶᠢᠨ ᠬᠡᠷᠡᠭᠯᠡᠬᠦ ᠴᠠᠬᠢᠯᠭᠠᠨ ᠤ ᠦᠨ᠎ᠡ | ᠳᠤ ᠲᠣᠩᠭᠤᠷᠤᠤ ᠱᠠᠳᠤ ᠬᠡᠯᠪᠡᠷᠢ ᠪᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ᠂ ᠣᠨ ᠤ ᠪᠣᠳᠠᠲᠠᠶ ᠬᠡᠷᠡᠭᠯᠡᠭᠰᠡᠨ | ᠴᠠᠬᠢᠯᠭᠠᠨ ᠤ ᠬᠡᠮᠵᠢᠶ᠎ᠡ ᠨᠢ ᠣᠷᠣᠨ ᠵᠠᠶ ᠳᠤ ᠬᠦᠷᠦᠭᠰᠡᠨ ᠪᠠᠶᠢᠪᠠᠯ ᠵᠣᠬᠢᠴᠠᠩᠭᠤᠶ ᠪᠠᠷ ᠴᠠᠬᠢᠯᠭᠠᠨ ᠤ ᠦᠨ᠎ᠡ ᠶᠢ | ᠪᠠᠭᠤᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠵᠤ | ᠠᠬᠤᠶᠢᠯᠠᠯ ᠤᠨ ᠴᠠᠬᠢᠯᠭᠠᠨ ᠬᠡᠷᠡᠭᠯᠡᠬᠦ ᠳᠤ ᠪᠦᠬᠦᠨ ᠢ ᠰᠢᠭᠤᠳ ᠠᠷᠠᠯᠵᠢᠶᠠᠯᠠᠬᠤ ᠶᠢ ᠬᠡᠷᠡᠭᠵᠢᠭᠦᠯᠵᠦ᠂ ᠰᠠᠯᠬᠢᠨ᠂ | ᠬᠡᠷᠡᠯ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠯᠤᠭ᠎ᠠ ᠰᠢᠭᠤᠳ | ᠠᠷᠠᠯᠵᠢᠶᠠᠯᠠᠬᠤ ᠶᠢ ᠬᠡᠷᠡᠭᠵᠢᠭᠦᠯᠦᠨ᠎ᠡ᠃ | ᠠᠷᠪᠠᠨ ᠳᠣᠯᠣᠳᠤᠭᠠᠷ ᠵᠦᠢᠯ ᠰᠢᠨ᠎ᠡ ᠪᠠᠷ ᠨᠠᠶᠢᠳᠠᠪᠤᠷᠢᠵᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠨ | ᠡᠵᠡᠩᠨᠡᠭᠰᠡᠨ ᠵᠤᠭᠠᠴᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠵᠢᠷᠤᠭᠯᠠᠨ | ᠲᠥᠯᠥᠪᠯᠡᠭᠰᠡᠨ ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ᠄ ᠲᠤᠬᠠᠶᠢᠯᠠᠪᠠᠯ ᠶᠡᠷᠦᠩᠬᠡᠶ ᠪᠡᠯᠡ ᠣᠷᠣᠭᠤᠯᠤᠯᠲᠠ ᠨᠢ | 10 ᠳ᠋ᠦᠩᠰᠢᠭᠤᠷ ᠲᠥᠭᠦᠷᠢᠭ ᠠᠴᠠ ᠳᠡᠭᠡᠭᠰᠢ ︵10 ᠳ᠋ᠦᠩᠰᠢᠭᠤᠷ ᠲᠥᠭᠦᠷᠢᠭ ᠢ ᠪᠠᠭᠲᠠᠨ᠎ᠠ︶ ᠶᠢᠨ ᠱᠠᠩᠨᠠᠯ | ᠨᠥᠬᠦᠪᠥᠷᠢ 50%᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠬᠦ ᠥᠭᠡᠢ᠂ | ᠶᠡᠷᠦᠩᠬᠡᠶ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵3 ᠳ᠋ᠦᠩᠰᠢᠭᠤᠷ ᠲᠥᠭᠦᠷᠢᠭ ᠢ | ᠪᠠᠭᠲᠠᠨ᠎ᠠ︶᠂ 10 ᠳ᠋ᠦᠩᠰᠢᠭᠤᠷ ᠲᠥᠭᠦᠷᠢᠭ ᠠᠴᠠ ᠳᠣᠷᠣᠭᠰᠢ ᠪᠣᠯ ᠱᠠᠩᠨᠠᠯ ᠨᠥᠬᠦᠪᠥᠷᠢ 30%᠂ ᠬᠠᠮᠤᠭ ᠤᠨ | ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠬᠦ ᠥᠭᠡᠢ᠃ | ᠠᠷᠪᠠᠨ ᠨᠠᠢᠮᠠᠳᠤᠭᠠᠷ ᠵᠦᠢᠯ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠵᠤ᠂ | ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ᠂ ᠲᠡᠷᠢᠭᠦᠨ ᠤ ᠤᠷ᠎ᠠ ᠮᠡᠷᠭᠡᠵᠢᠯ ᠢ ᠣᠷᠣᠭᠤᠯᠤᠨ ᠠᠪᠴᠢᠷᠠᠵᠤ | ᠰᠢᠨ᠎ᠡ ᠦᠢᠯᠡᠳᠭᠦᠨ ᠢ ᠰᠤᠳᠤᠯᠤᠨ ᠨᠡᠭᠡᠭᠡᠬᠦ ᠳᠤ᠂ ᠵᠠᠰᠠᠭ ᠤᠨ ᠣᠷᠳᠣᠨ ᠠᠴᠠ ᠲᠤᠰᠬᠠᠶ ᠵᠦᠢᠯ ᠤᠨ ᠪᠠᠯᠠ ᠮᠥᠩᠭᠦ | ᠣᠯᠭᠤᠬᠤ ᠪᠠᠷ ᠴᠢᠷᠮᠠᠶᠢᠬᠤ ᠬᠡᠯᠪᠡᠷᠢ ᠪᠠᠷ ᠱᠠᠩᠨᠠᠨ ᠬᠥᠬᠢᠭᠦᠯᠵᠦ᠂ ᠪᠣᠳᠠᠲᠠᠶ ᠲᠤᠭ᠎ᠠ ᠬᠡᠮᠵᠢᠶ᠎ᠡ ᠶᠢ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠᠷ ᠲᠣᠭᠲᠠᠭᠠᠵᠤ᠂ ᠬᠠᠮᠤᠭ ᠤᠨ ᠦᠨᠳᠦᠷ ᠲᠡᠭᠡᠨ 500 ᠲᠦᠮᠡᠨ | ᠲᠥᠭᠦᠷᠢᠭ ᠠᠴᠠ ᠬᠡᠳᠦᠷᠡᠭᠦᠯᠬᠦ ᠥᠬᠡᠶ᠃ | ᠳᠥᠷᠪᠡ᠂ ᠦᠢᠯᠡᠴᠢᠯᠡᠭᠡ ᠬᠢᠭᠡᠳ ᠪᠠᠲᠤᠯᠠᠭ᠎ᠠ | ᠠᠷᠪᠠ ᠶᠢᠰᠦᠳᠦᠭᠡᠷ ᠵᠦᠢᠯ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠪᠡᠯᠡ ᠣᠷᠣᠭᠤᠯᠤᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠲᠥᠪ ᠨᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠨᠢᠭᠡ ᠯᠡ ᠥᠷᠲᠡᠭᠡᠨ ᠤ | ᠮᠠᠶ᠋ᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠪ ᠲᠤ ᠣᠷᠤᠭ᠎ᠠ ᠥᠬᠡᠶ ᠲᠥᠷᠥᠯ | ᠵᠦᠢᠯ ᠳᠤ ᠴᠣᠩᠬᠤᠪᠴᠢ ᠦᠢᠯᠡᠴᠢᠯᠡᠭᠡᠨ ᠤ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠲᠥᠪ ᠠᠴᠠ ᠪᠥᠬᠦ ᠶᠠᠪᠤᠴᠠ ᠳᠤ ᠣᠷᠣᠯᠠᠨ ᠭᠦᠢᠴᠡᠳᠭᠡᠨ᠎ᠡ᠃ ᠬᠤᠶᠠᠷ ᠠᠴᠠ ᠳᠡᠭᠡᠭᠰᠢ ᠰᠠᠯᠠᠭ᠎ᠠ | ᠮᠥᠴᠢᠷ ᠬᠠᠮᠲᠤᠷᠠᠨ ᠬᠢᠨᠠᠨ ᠵᠥᠪᠰᠢᠶᠡᠷᠡᠬᠦ ᠴᠢᠬᠤᠯᠠ ᠲᠠᠢ ᠲᠥᠷᠥᠯ ᠵᠦᠢᠯ ᠢ ᠪᠣᠯ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠲᠥᠪ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠬᠠᠮᠲᠤᠷᠠᠨ | ᠬᠢᠨᠠᠨ ᠵᠥᠪᠰᠢᠶᠡᠷᠡᠨ᠎ᠡ᠃ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶᠡᠨ ᠳᠠᠬᠢ ᠲᠥᠷᠥᠯ ᠵᠦᠢᠯ ᠳᠤ | ᠬᠠᠷᠢᠶᠠᠯᠠᠭᠳᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠭᠠᠷᠳᠠᠮ ᠨᠢ ᠪᠦᠷᠢᠨ ᠭᠦᠢᠴᠡᠳ ᠪᠠᠶᠢᠪᠠᠯ᠂ 5 ᠠᠵᠢᠯᠯᠠᠬᠤ | ᠡᠳᠦᠷ ᠤᠨ ᠳᠣᠲᠣᠷ᠎ᠠ ᠡᠯ᠎ᠡ ᠵᠦᠢᠯ ᠤᠨ ᠭᠠᠷᠳᠠᠮ ᠢ ᠭᠦᠢᠴᠡᠳᠭᠡᠵᠦ ᠳᠠᠭᠤᠰᠬᠠᠬᠤ ᠬᠡᠷᠡᠭᠲᠡᠶ᠃ ᠳᠡᠭᠡᠳᠦ ᠱᠠᠲᠤᠨ ᠤ | ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠴᠢᠬᠤᠯᠠᠲᠠᠶ ᠲᠥᠷᠥᠯ | ᠵᠦᠢᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠪᠰᠤᠷᠤᠨ ᠭᠦᠢᠴᠡᠳᠭᠡᠨ᠎ᠡ᠃ | ᠬᠤᠷᠢᠳᠤᠭᠠᠷ ᠵᠦᠢᠯ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠳᠤ᠂ ᠭᠠᠶᠢᠯᠢ ᠶᠢᠨ | ᠶᠠᠪᠤᠳᠠᠯ ᠪᠣᠯᠤᠨ ᠠᠶᠤᠯᠬᠦᠢ ᠦᠢᠯᠡᠳᠪᠦᠷᠢᠯᠡᠯ ᠢ ᠭᠠᠷᠭᠠᠪᠠᠯ᠂ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠴᠠᠭᠠᠯᠲᠠ ᠶᠢ ᠡᠷᠬᠡᠪᠰᠢ ᠲᠤᠬᠠᠶ ᠶᠢᠨ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠢᠵᠦ ᠪᠣᠯᠤᠨ᠎ᠠ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠢ | ᠲᠠᠰᠤ ᠬᠤᠷᠢᠬᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠮᠠᠨ ᠤ ᠬᠤᠲᠠ ᠳᠤ ᠦᠢᠯᠡᠳᠪᠦᠷᠢᠯᠡᠯ ᠡᠵᠡᠩᠨᠡᠯᠲᠡ ᠬᠢᠬᠦ ᠪᠠᠷ ᠢᠷᠡᠭᠰᠡᠨ ᠪᠡᠯᠡ | ᠣᠷᠣᠭᠤᠯᠤᠭᠴᠢ ᠵᠢᠴᠢ ᠠᠵᠤ ᠠᠬᠤᠶᠢᠯᠠᠯ ᠤᠨ ᠠᠵᠢᠯᠲᠠᠨ ᠲᠣᠭᠲᠠᠭᠰᠠᠨ ᠣᠷᠣᠨ ᠰᠠᠭᠤᠴᠠ ᠪᠠ ᠠᠮᠢᠳᠤᠷᠠᠯ ᠤᠨ | ᠢᠷᠡᠯᠲᠡ ᠲᠠᠢ ᠪᠠᠶᠢᠵᠤ᠂ ᠪᠠᠶᠢᠭ᠎ᠠ ᠬᠤᠲᠠ ᠪᠠᠯᠭᠠᠰᠤᠨ ᠳᠠᠭᠠᠨ ᠡᠷᠦᠬᠡ ᠠᠮᠠ ᠪᠠᠨ ᠣᠷᠣᠭᠤᠯᠬᠤ ᠪᠠᠷ ᠱᠠᠭᠠᠷᠳᠠᠪᠠᠯ᠂ | ᠲᠤᠰ ᠬᠥᠮᠦᠨ ᠵᠢᠴᠢ ᠭᠡᠷ ᠪᠦᠯᠢ ᠶᠢᠨ ᠪᠦᠷᠢᠯᠳᠦᠬᠦᠨ ᠢᠶᠠᠨ ᠮᠠᠨ ᠤ ᠬᠤᠲᠠ ᠶᠢᠨ ᠬᠤᠲᠠ ᠪᠠᠯᠭᠠᠰᠤᠨ ᠤ ᠡᠷᠦᠬᠡ | ᠠᠮᠠ ᠶᠢᠨ ᠳᠠᠩᠰᠠᠨ ᠳᠤ ᠣᠷᠣᠭᠤᠯᠵᠤ ᠪᠣᠯᠤᠨ᠎ᠠ᠂ ᠰᠤᠷᠭᠠᠨ ᠬᠥᠮᠦᠵᠢᠯ ᠤᠨ ᠱᠠᠭᠠᠷᠳᠠᠯᠭ᠎ᠠ ᠲᠠᠢ ᠠᠵᠤ | ᠠᠬᠤᠶᠢᠯᠠᠯ ᠤᠨ ᠠᠵᠢᠯᠲᠠᠨ ᠤ ᠦᠷ᠎ᠡ ᠬᠡᠦᠬᠡᠳ ᠢ ᠤᠷᠢᠳ ᠢᠶᠠᠷ ᠰᠤᠷᠭᠠᠭᠤᠯᠢ ᠳᠤ ᠣᠷᠣᠭᠤᠯᠤᠨ᠎ᠠ᠃ | ᠲᠠᠪᠤ᠂ ᠪᠤᠰᠤᠳ ᠲᠥᠷᠥ ᠶᠢᠨ ᠪᠣᠳᠣᠯᠭ᠎ᠠ | ᠬᠤᠷᠢᠨ ᠬᠤᠶᠠᠳᠤᠭᠠᠷ ᠵᠦᠢᠯ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠠᠵᠤ ᠦᠢᠯᠡᠰ ᠤᠨ | ᠬᠡᠯᠬᠢᠶ᠎ᠡ ᠪᠠᠷ ᠤᠷᠲᠤ᠂ ᠠᠵᠢᠯ ᠣᠯᠭᠤᠭᠰᠠᠨ ᠬᠥᠮᠦᠨ ᠤ ᠲᠤᠭ᠎ᠠ ᠪᠠᠷ ᠤᠯᠠᠨ ︵500 ᠠᠴᠠ ᠳᠡᠭᠡᠭᠰᠢ︶ ᠤᠳᠤᠨ | ᠲᠡᠰ ᠤᠨ ᠪᠠᠭᠤᠳᠠᠯ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠯᠲᠡ ᠶᠢᠨ ᠲᠠᠭᠠᠭᠤᠯᠤᠭᠴᠢ | ᠠᠵᠤ ᠠᠬᠤᠶᠢᠯᠠᠯ ᠵᠢᠴᠢ ᠮᠠᠨ ᠤ ᠬᠤᠳᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ | ᠨᠥᠯᠥᠭᠡᠯᠡᠬᠦ ᠦᠢᠯᠡᠳᠦᠯ ᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠠᠰ ᠠᠰ ᠢᠶᠠᠷ ᠨᠢ ᠵᠥᠪᠯᠡᠬᠦ ᠠᠷᠭ᠎ᠠ | ᠪᠠᠷ ᠳᠠᠮᠵᠢᠭᠤᠯᠤᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠠᠰ ᠲᠤᠨᠢ ᠲᠣᠭᠲᠠᠭᠠᠵᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠷᠠᠰᠢᠶᠠᠨ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ | ᠡᠬᠢᠯᠡᠨ ᠬᠡᠷᠡᠭᠵᠢᠭᠦᠯᠵᠦ᠂ ᠤᠤᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠬᠦᠴᠦᠨ ᠥᠬᠡᠶ | ᠪᠣᠯᠭᠠᠨ᠎ᠠ᠃ | | ᠳᠠᠭᠠᠯᠳᠤᠭᠤᠯᠤᠯ 4᠄ | ᠷᠠᠰᠢᠶᠠᠨ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠢ ᠱᠠᠩᠨᠠᠬᠤ ᠠᠷᠭ᠎ᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠪᠥᠬᠦ | ᠨᠡᠶᠢᠭᠡᠮ ᠢᠶᠠᠷ ᠢᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠣᠷᠣᠯᠴᠠᠬᠤ ᠶᠢ ᠵᠣᠷᠢᠭᠵᠢᠭᠤᠯᠵᠤ᠂ | ᠨᠢᠭᠡᠴᠡ ︵ᠠᠵᠤ ᠠᠬᠤᠶᠢᠯᠠᠯ︶ ᠪᠤᠶᠤ ᠬᠤᠪᠢ ᠬᠥᠮᠦᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠬᠤᠲᠠ ᠶᠢᠨ ᠠᠵᠤ ᠠᠬᠤᠶ ᠶᠢᠨ ᠲᠠᠪᠠᠯᠳᠠᠳᠤ ᠮᠠᠶ᠋ᠢᠭ ᠤᠨ | ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠤᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠦᠢᠯ ᠲᠤᠰ ᠱᠠᠩᠨᠠᠬᠤ ᠠᠷᠭ᠎ᠠ ᠶᠢ ᠵᠥᠪᠬᠡᠨ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ | ᠠᠵᠢᠯ ᠤᠨ ᠵᠦᠪᠯᠡᠯ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶᠠᠨ ᠤ | ᠡᠯ᠎ᠡ ᠬᠡᠯᠳᠡᠰ ᠵᠦᠪᠯᠡᠯ᠂ ᠬᠤᠳᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ | ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠳᠠᠯᠳᠤᠭᠠᠴᠢᠨ ᠤᠷᠢᠵᠤ ᠪᠡᠯᠡ | ᠤᠷᠤᠭᠤᠯᠬᠤ ᠶᠢ ᠱᠠᠩᠨᠠᠬᠤ ᠳᠤ ᠬᠡᠷᠡᠭᠯᠡᠨ᠎ᠡ᠃ ᠡᠯ᠎ᠡ ᠪᠠᠯᠭᠠᠰᠤ ᠵᠡᠭᠡᠯᠢ ᠶᠢᠨ ᠨᠠᠮ ᠤᠨ ᠠᠵᠢᠯ ᠤᠨ ᠵᠦᠪᠯᠡᠯ᠂ ᠡᠯ᠎ᠡ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠬᠡᠯᠳᠡᠰ ᠵᠦᠪᠯᠡᠯ᠂ | ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠬᠠᠮᠢᠶ᠎ᠠ ᠪᠦᠬᠦᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ | ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠬᠤᠳᠠᠯᠳᠤᠭᠠᠴᠢᠨ ᠤᠷᠢᠬᠤ ᠬᠠᠷᠠᠯᠲᠠ ᠶᠢᠨ ᠡᠭᠦᠷᠭᠡ ᠪᠠᠨ | ᠪᠡᠶᠡᠯᠡᠭᠦᠯᠦᠭᠰᠡᠨ ᠠᠴᠠ ᠬᠡᠲᠦᠷᠡᠭᠰᠡᠨ ᠬᠡᠰᠡᠭ ᠲᠤ᠂ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠬᠡᠲᠦᠷᠡᠭᠰᠡᠨ | ᠬᠡᠰᠡᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠭ᠎ᠠ ᠪᠠᠷ ᠠᠳᠠᠯᠢ ᠱᠠᠲᠤᠨ ᠤ ᠡᠳ᠋ ᠤᠨ | ᠵᠠᠰᠠᠭ ᠠᠴᠠ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠦᠪᠯᠡᠯ᠂ ᠡᠯ᠎ᠡ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠬᠡᠯᠳᠡᠰ ᠵᠦᠪᠯᠡᠯ᠂ ᠬᠤᠲᠠ ᠶᠢᠨ | ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ 5‰ ᠶᠢᠨ ᠪᠠᠯᠠ ᠮᠥᠩᠭᠦ ᠶᠢᠨ ᠱᠠᠩᠨᠠᠯ ᠣᠯᠭᠤᠬᠤ ᠶᠢᠨ ᠬᠠᠮᠲᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠳᠤᠮᠳᠠ ᠲᠣᠪᠤᠶᠢᠮ᠎ᠠ ᠢᠯᠡᠷᠡᠯ ᠲᠠᠢ ᠬᠤᠪᠢ ᠬᠥᠮᠦᠨ ᠳᠤ ᠵᠣᠬᠢᠬᠤ ᠡᠳ᠋ | ᠪᠣᠳᠠᠰ ᠤᠨ ᠱᠠᠩᠨᠠᠯ ᠣᠯᠭᠤᠨ᠎ᠠ᠃ | ᠬᠤᠶᠠᠳᠤᠭᠠᠷ ᠵᠦᠢᠯ ᠪᠠᠶᠢᠭᠠᠯᠢ ᠬᠥᠮᠦᠨ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯᠯᠠᠭ᠎ᠠ ᠬᠢᠭᠰᠡᠨ᠃ ᠨᠢᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠲᠤᠭ᠎ᠠ ᠶᠢ ᠣᠷᠣᠭᠤᠯᠵᠤ ᠢᠷᠡᠬᠦ ᠪᠦᠷᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠥᠷᠥᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ | ᠱᠠᠲᠤᠨ ᠤ ᠡᠳ᠋ ᠤᠨ ᠵᠠᠰᠠᠭ ᠠᠴᠠ ᠪᠠᠶᠢᠭᠠᠯᠢ ᠬᠥᠮᠦᠨ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ | 3‰ ᠶᠢᠨ ᠪᠠᠯᠠ ᠮᠥᠩᠭᠦ ᠶᠢᠨ ᠱᠠᠩᠨᠠᠯ ᠣᠯᠭᠤᠵᠤ᠂ ᠱᠠᠩᠨᠠᠯ ᠤᠨ ᠪᠠᠯᠠ ᠮᠥᠩᠭᠦ ᠶᠢ ᠨᠢᠭᠡᠳᠦᠭᠡᠷ ᠪᠠᠯᠠ | ᠣᠷᠣᠭᠤᠯᠤᠭᠴᠢ ᠳᠤ ᠥᠮᠴᠢᠯᠡᠭᠦᠯᠦᠨ᠎ᠡ︔ ᠠᠳᠠᠯᠢ ᠨᠢᠭᠡ ᠲᠥᠷᠥᠯ ᠵᠦᠢᠯ ᠳᠤ ᠬᠤᠶᠠᠷ ᠪᠤᠶᠤ ᠬᠤᠶᠠᠷ ᠠᠴᠠ ᠳᠡᠭᠡᠭᠰᠢ | ᠪᠡᠯᠡ ᠣᠷᠣᠭᠤᠯᠵᠤ ᠢᠷᠡᠭᠰᠡᠨ ᠬᠥᠮᠦᠨ ᠪᠠᠶᠢᠪᠠᠯ᠂ ᠨᠢᠭᠡ ᠲᠥᠷᠥᠯ ᠵᠦᠢᠯ ᠤᠨ ᠪᠠᠷᠢᠮᠵᠢᠶ᠎ᠠ ᠪᠠᠷ ᠱᠠᠩᠨᠠᠵᠤ᠂ ᠪᠡᠯᠡ | ᠣᠷᠣᠭᠤᠯᠵᠤ ᠢᠷᠡᠭᠰᠡᠨ ᠬᠥᠮᠦᠨ ᠨᠢ ᠳᠣᠲᠣᠭᠠᠳᠤ ᠳᠠᠭᠠᠨ ᠥᠪᠡᠷ ᠲᠡᠭᠡᠨ ᠬᠤᠪᠢᠶᠠᠷᠢᠯᠠᠨ᠎ᠠ᠃ | ᠭᠤᠷᠪᠠᠳᠤᠭᠠᠷ ᠵᠦᠢᠯ ᠠᠵᠤ ᠠᠬᠤᠶᠢᠯᠠᠯ ᠤᠨ ᠮᠠᠨ ᠤ ᠬᠤᠲᠠ ᠳᠤ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠶᠢ ᠳᠡᠮᠵᠢᠨ ᠵᠣᠷᠢᠭᠵᠢᠭᠤᠯᠤᠨ᠎ᠠ᠃ ᠠᠵᠤ ᠠᠬᠤᠶᠢᠯᠠᠯ ᠢ ᠮᠠᠨ ᠤ ᠬᠤᠲᠠ ᠳᠤ ᠲᠠᠲᠠᠵᠤ ᠣᠷᠣᠭᠤᠯᠤᠭᠰᠠᠨ | ᠬᠤᠪᠢ ᠬᠥᠮᠦᠨ ᠢ ᠠᠵᠤ ᠠᠬᠤᠶᠢᠯᠠᠯ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭ᠎ᠠ᠂ ᠠᠯᠪᠠᠨ | ᠲᠤᠰᠢᠶᠠᠯᠲᠠᠨ ᠪᠤᠰᠤ ᠬᠥᠮᠦᠰ ᠢ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ︵ᠲᠤᠰᠢᠶᠠᠬᠤ ᠶᠣᠰᠣᠲᠠᠶ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠠᠭᠲᠠᠭᠠᠨ᠎ᠠ︶ ᠢᠶᠠᠷ ᠱᠠᠩᠨᠠᠨ᠎ᠠ︔ ᠠᠯᠪᠠᠨ ᠲᠤᠰᠢᠶᠠᠯᠲᠠᠨ | ᠪᠠᠶᠢᠪᠠᠯ᠂ ᠡᠩ ᠤᠨ ᠺᠠᠳ᠋ᠷ ᠢ ᠳᠡᠳ᠋ ᠰᠠᠯᠠᠭᠠᠨ ᠳᠡᠰ ᠢᠶᠠᠷ ᠲᠠᠨᠢᠯᠴᠠᠭᠤᠯᠵᠤ ᠪᠣᠯᠤᠨ᠎ᠠ᠂ ᠳᠡᠳ᠋ ᠰᠠᠯᠠᠭᠠᠨ ᠳᠡᠰ ᠤᠨ | ᠺᠠᠳ᠋ᠷ ᠢ ᠵᠢᠩᠬᠢᠨᠢ ᠰᠠᠯᠠᠭᠠᠨ ᠳᠡᠰ ᠢᠶᠠᠷ ᠲᠠᠨᠢᠯᠴᠠᠭᠤᠯᠵᠤ ᠪᠣᠯᠤᠨ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ | ᠬᠢᠨᠠᠨ ᠰᠢᠯᠭᠠᠯᠲᠠ ᠪᠠᠷ ᠳᠡᠮᠵᠢᠨ ᠤᠷᠢᠳ ᠢᠶᠠᠷ ᠬᠡᠷᠡᠭᠯᠡᠨ᠎ᠡ᠃ ᠵᠢᠩᠬᠢᠨᠢ ᠰᠠᠯᠠᠭᠠᠨ ᠤ ᠳᠡᠰ ᠤᠨ ᠺᠠᠳ᠋ᠷ ᠢ ᠤᠷᠢᠳ ᠢᠶᠠᠷ | ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠠᠨᠢᠯᠴᠠᠭᠤᠯᠵᠤ ᠴᠢᠬᠤᠯᠠᠴᠢᠯᠠᠨ ᠬᠡᠷᠡᠭᠯᠡᠬᠦ | ᠪᠣᠯᠤᠨ᠎ᠠ᠃ | ᠳᠥᠷᠪᠡᠳᠦᠭᠡᠷ ᠵᠦᠢᠯ ᠲᠥᠯᠥᠪᠦᠷᠢ ᠦᠬᠡᠢ ᠪᠠᠷ ᠲᠤᠰᠠᠯᠠᠨ ᠬᠦᠷᠭᠡᠭᠰᠡᠨ ᠪᠠ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ ᠲᠦᠷᠦᠯ ᠵᠦᠢᠯ ᠢ ᠣᠷᠣᠭᠤᠯᠵᠤ ᠢᠷᠡᠭᠰᠡᠨ ᠳᠤᠨᠢ ︽ ᠠᠰ ᠠᠰ ᠲᠤ | ᠨᠢ ᠵᠥᠪᠯᠡᠬᠦ︾ ᠠᠷᠭ᠎ᠠ ᠶᠢ ᠠᠪᠴᠤ ᠱᠠᠩᠨᠠᠨ ᠬᠥᠬᠢᠭᠦᠯᠦᠨ᠎ᠡ᠃ | ᠲᠠᠪᠤᠳᠤᠭᠠᠷ ᠵᠦᠢᠯ ᠬᠡᠷᠪᠡ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ ᠭᠠᠶᠢᠯᠢ ᠶᠢ ᠳᠠᠷᠤᠵᠤ | ᠭᠠᠶᠢᠯᠢ ᠠᠴᠠ ᠵᠠᠶᠢᠯᠠᠬᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠰᠠᠭ ᠤᠨ ᠣᠷᠳᠣᠨ ᠠᠴᠠ ᠣᠯᠭᠤᠭᠰᠠᠨ ᠪᠣᠶ ᠪᠥᠬᠦᠶ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠡᠷᠡ ᠳᠠᠷᠤᠶ ᠳᠤᠨᠢ ᠬᠦᠴᠦᠨ ᠥᠬᠡᠶ ᠪᠣᠯᠭᠠᠨ᠎ᠠ᠃ | ᠵᠢᠷᠭᠤᠳᠤᠭᠠᠷ ᠵᠦᠢᠯ ᠬᠡᠷᠪᠡ ᠬᠤᠶᠠᠷ ᠠᠴᠠ ᠳᠡᠭᠡᠭᠰᠢ ᠬᠤᠳᠠᠯᠳᠤᠭᠠᠴᠢᠨ ᠤᠷᠢᠬᠤ ᠱᠠᠩᠨᠠᠯ ᠢ ᠵᠡᠷᠭᠡᠪᠡᠷ | ᠭᠥᠷᠳᠡᠪᠡᠯ᠂ ᠵᠥᠪᠬᠡᠨ ᠨᠢᠭᠡ ᠯᠡ ᠵᠦᠢᠯ ᠤᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ᠂ ᠬᠠᠮᠤᠭ ᠤᠨ | ᠳᠡᠭᠡᠳᠦ ᠱᠠᠩᠨᠠᠯ ᠤᠨ ᠶᠣᠰᠣᠭᠠᠷ ᠬᠡᠷᠡᠭᠵᠢᠭᠦᠯᠦᠨ᠎ᠡ᠃ | ᠳᠣᠯᠣᠳᠤᠭᠠᠷ ᠵᠦᠢᠯ ᠱᠠᠩᠨᠠᠯ ᠣᠯᠤᠭᠰᠠᠨ ᠲᠦᠷᠦᠯ ᠵᠦᠢᠯ ᠨᠢᠭᠡᠪᠦᠷᠢ ᠶᠢ ᠨᠠᠶᠢᠳᠠᠪᠤᠷᠢᠵᠢᠭᠤᠯᠤᠭᠰᠠᠨ | ᠡᠳᠦᠷ ᠠᠴᠠ ᠠᠪᠤᠭᠠᠳ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠬᠦᠷᠲᠡᠯᠡᠬᠢ | ᠬᠤᠭᠤᠴᠠᠭ᠎ᠠ ᠶᠢ ᠵᠠᠷᠴᠢᠮ ᠳᠡᠭᠡᠷ᠎ᠡ ᠪᠠᠨ ᠬᠤᠶᠠᠷ ᠵᠢᠯ ᠠᠴᠠ ᠬᠡᠲᠦᠷᠡᠭᠦᠯᠬᠦ ᠦᠭᠡᠢ᠂ ᠲᠣᠭᠲᠠᠮᠠᠯ ᠬᠦᠷᠦᠩᠬᠡ ᠶᠢᠨ | ᠪᠡᠯᠡ ᠣᠷᠣᠭᠤᠯᠤᠯᠲᠠ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠲᠦᠷᠦᠯ ᠵᠦᠢᠯ ᠢ ᠵᠠᠷᠴᠢᠮ | ᠳᠡᠭᠡᠷ᠎ᠡ ᠪᠠᠨ ᠭᠤᠷᠪᠠᠨ ᠵᠢᠯ ᠠᠴᠠ ᠬᠡᠲᠦᠷᠡᠭᠦᠯᠬᠦ ᠦᠭᠡᠢ᠃ | ᠨᠠᠢᠮᠠᠳᠤᠭᠠᠷ ᠵᠦᠢᠯ ᠳᠡᠭᠡᠷᠡᠬᠢ ᠲᠣᠭᠲᠠᠮᠠᠯ ᠬᠥᠷᠥᠩᠭᠡ ᠶᠢ ᠬᠢᠨᠠᠨ ᠬᠠᠷᠭᠤᠭᠤᠯᠬᠤ ᠵᠢᠴᠢ ᠱᠠᠩᠨᠠᠨ | ᠬᠥᠬᠢᠭᠦᠯᠬᠦ ᠳᠤ ᠷᠠᠰᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠵᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ | ᠪᠤᠳᠤᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠵᠡᠷᠭᠡ ᠨᠢᠭᠡᠴᠡ ᠬᠠᠮᠲᠤᠷᠠᠨ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠠᠯᠭᠠᠰᠤ ᠵᠡᠭᠡᠯᠢ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠪᠤᠶᠤ ᠪᠠᠶᠢᠭᠠᠯᠢ ᠬᠥᠮᠦᠨ ᠪᠢᠴᠢᠭ ᠤᠨ ᠭᠤᠶᠤᠴᠢᠯᠠᠯ ᠭᠠᠷᠭᠠᠵᠤ᠂ ᠷᠠᠰᠢᠶᠠᠨ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠲᠣᠰ ᠱᠠᠩᠨᠠᠬᠤ ᠠᠷᠭ᠎ᠠ ᠶᠢ ᠷᠠᠰᠢᠶᠠᠨ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠵᠦ᠂ ᠤᠤᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | | |