ᠬᠢᠲᠠᠳ ᠡᠪᠡᠰᠦᠨ ᠡᠮ ᠲᠠᠷᠢᠵᠤ ᠣᠷᠭᠤᠭᠤᠯᠬᠤ ᠠᠵᠤ ᠦᠢᠯᠡᠰ ᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠷᠠᠰᠢᠶᠠᠨ ᠬᠤᠲᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/10/21
     ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠠᠴᠠ ᠲᠠᠷᠬᠠᠭᠠᠬᠰᠠᠨ ﹇2021 ﹈ 3 ᠳ᠋ᠤᠭᠠᠷ ᠨᠣᠮᠧᠷᠳᠣ      ᠬᠢᠲᠠᠳ ᠡᠪᠡᠰᠦᠨ ᠡᠮ ᠲᠠᠷᠢᠵᠤ ᠣᠷᠭᠤᠭᠤᠯᠬᠤ ᠠᠵᠤ ᠦᠢᠯᠡᠰ ᠢ ᠠᠬᠢᠭᠤᠯᠬᠤ ᠤᠳᠤᠷᠢᠳᠬᠤ ᠳᠤᠭᠤᠶᠢᠯᠠᠩ  ᠢ ᠪᠠᠶᠢᠭᠤᠯᠬᠤ ᠲᠤᠬᠠᠶ ᠷᠠᠰᠢᠶᠠᠨ ᠬᠤᠲᠠ ᠶᠢᠨ ᠮᠡᠳᠡᠭᠳᠡᠯ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ᠮᠠᠨ ᠤ ᠬᠤᠲᠠ ᠶᠢᠨ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠰᠤᠳᠤᠯᠣᠯᠳᠡ ᠪᠠᠷ ᠳᠠᠮᠵᠢᠨ᠂ ᠷᠠᠰᠢᠶᠠᠨ ᠬᠤᠲᠠ ᠶᠢᠨ ᠬᠢᠲᠠᠳ ᠡᠪᠡᠰᠦᠨ ᠡᠮ ᠲᠠᠷᠢᠵᠤ ᠣᠷᠭᠤᠭᠤᠯᠬᠤ ᠠᠵᠤ ᠦᠢᠯᠡᠰ ᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠃ ᠤᠳᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠣᠳᠣᠷᠢᠳᠬᠤ ᠲᠣᠭᠤᠶᠢᠯᠡᠩ ᠤᠨ ᠬᠡᠰᠢᠬᠦᠨ     ᠲᠣᠭᠤᠶᠢᠯᠡᠩ ᠤᠨ ᠲᠠᠷᠤᠭ᠎ᠠ᠄     ᠸᠠᠩ ᠰᠢᠶᠣᠣ ᠬᠤᠸᠠᠨ     ᠬᠤᠳᠡ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠷᠣᠯᠡᠬᠴᠢ ᠬᠤᠳᠡ ᠶᠢᠨ ᠲᠠᠷᠤᠭ᠎ᠠ     ᠲᠣᠭᠤᠶᠢᠯᠡᠩ ᠤᠨ ᠲᠡᠳ᠋ ᠲᠠᠷᠤᠭ᠎ᠠ᠄     ᠬᠠᠨ ᠴᠠᠩ ᠵᠢᠦ        ᠬᠤᠳᠡ ᠶᠢᠨ ᠵᠠᠰᠠᠭ ᠤᠨ ᠣᠷᠳᠣᠨ ᠤ ᠬᠤᠳᠡ ᠶᠢᠨ ᠲᠡᠳ᠋ ᠲᠠᠷᠤᠭ᠎ᠠ     ᠬᠡᠰᠢᠬᠦᠨ᠄     ᠹᠧᠩ ᠳ᠋ᠢᠶᠠᠨ ᠮᠢᠩ     ᠬᠤᠳᠡ ᠶᠢᠨ ᠵᠠᠰᠠᠭ ᠤᠨ ᠣᠷᠳᠣᠨ ᠤ ᠠᠯᠪᠡᠨ ᠭᠡᠷ ᠤᠨ ᠡᠷᠬᠢᠯᠡᠭᠴᠢ     ᠣᠣ ᠹᠧᠩ ᠪᠢᠨ       ᠬᠤᠳᠡ ᠶᠢᠨ ᠬᠦᠭᠵᠢᠬᠦᠯᠣᠯᠳᠡ ᠦᠭᠡᠷᠡᠴᠢᠯᠠᠯᠳᠡ ᠶᠢᠨ ᠵᠦᠪᠯᠡᠯ ᠤᠨ ᠡᠷᠭᠢᠯᠡᠭᠴᠢ     ᠵᠠᠩ ᠢᠦᠢ ᠸᠧᠨ       ᠬᠤᠳᠡ ᠶᠢᠨ ᠡᠳ᠋ ᠤᠨ ᠵᠠᠰᠠᠭ ᠤᠨ ᠲᠣᠪᠴᠢᠶᠠᠨ ᠤ ᠲᠠᠷᠤᠭ᠎ᠠ     ᠸᠠᠩ ᠵᠠᠨ ᠵᠢᠶᠦ᠋ᠨ     ᠬᠤᠳᠡ ᠶᠢᠨ ᠬᠢᠨᠠᠨ ᠪᠣᠳᠣᠬᠤ ᠲᠣᠪᠴᠢᠶᠠᠨ ᠤ ᠲᠠᠷᠤᠭ᠎ᠠ     ᡂᠢ ᠹᠦ᠋ ᠱᠦᠨ        ᠬᠤᠳᠡ ᠶᠢᠨ ᠬᠤᠳᠡᠯᠳᠣᠭᠠᠨ ᠤ ᠶᠠᠪᠣᠳᠡᠯ ᠤᠨ ᠠᠵᠣ ᠠᠬᠤᠢ ᠮᠠᠳᠡᠭᠡ ᠵᠠᠩᠭᠢᠵᠢᠯᠳᠡ  ᠶᠢᠨ ᠲᠣᠪᠴᠢᠶᠠᠨ ᠤ ᠲᠠᠷᠤᠭ᠎ᠠ     ᠬᠠᠨ ᠴᠦᠨ ᠮᠧᠢ       ᠬᠤᠳᠡ ᠶᠢᠨ ᠬᠦᠮᠣᠨ ᠤ ᠬᠦᠴᠣᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠳᠣᠯᠠᠪᠣᠷᠢ ᠶᠢᠨ ᠲᠣᠪᠴᠢᠶᠠᠨ ᠤ ᠲᠠᠷᠤᠭ᠎ᠠ      ᠵᠣᠣ ᠰᠢᠶᠣᠣ ᠴᠧᠨ     ᠬᠤᠳᠡ ᠶᠢᠨ ᠪᠠᠶᠢᠭᠠᠯᠢ ᠶᠢᠨ ᠡᠭᠢ ᠪᠠᠶᠠᠯᠢᠭ ᠤᠨ ᠲᠣᠪᠴᠢᠶᠠᠨ ᠤ ᠲᠠᠷᠤᠭ᠎ᠠ      ᠸᠠᠩ ᠠᠢ ᠵᠢᠶᠦ᠋ᠨ     ᠬᠤᠳᠡ ᠶᠢᠨ ᠵᠠᠮ ᠬᠠᠷᠢᠯᠴᠠᠭᠠᠨ ᠤ ᠲᠡᠭᠡᠭᠡᠪᠣᠷᠢ ᠶᠢᠨ ᠲᠣᠪᠴᠢᠶᠠᠨ ᠤ ᠲᠠᠷᠤᠭ᠎ᠠ      ᠵᠠᠩ ᠪᠢᠨ ᠸᠠᠩ       ᠬᠤᠳᠡ ᠶᠢᠨ ᠲᠠᠷᠢᠶᠠᠯᠡᠩ ᠮᠠᠯ ᠠᠵᠣ ᠠᠬᠤᠢ ᠣᠰᠣᠨ ᠠᠰᠢᠬᠯᠠᠯᠳᠡ ᠶᠢᠨ ᠲᠣᠪᠴᠢᠶᠠᠨ ᠤ ᠲᠠᠷᠤᠭ᠎ᠠ      ᠪᠠᠢ ᠹᠧᠩ             ᠬᠤᠳᠡ ᠶᠢᠨ ᠰᠣᠶᠣᠯ ᠵᠣᠭᠠᠴᠠᠯ ᠪᠠᠶ᠎ᠠ ᠶᠢᠨ ᠲᠠᠮᠢᠷ ᠤᠨ ᠲᠣᠪᠴᠢᠶᠠᠨ ᠤ ᠲᠠᠷᠤᠭ᠎ᠠ      ᠵᠧᠦ ᠵᠢᠶᠦ᠋ᠨ ᠫᠧᠩ     ᠬᠤᠳᠡ ᠶᠢᠨ ᠡᠷᠡᠬᠦᠯ ᠬᠠᠮᠠᠭᠠᠯᠠᠯ ᠡᠷᠡᠬᠦᠯ ᠮᠠᠨᠳᠣ ᠶᠢᠨ ᠵᠦᠪᠯᠡᠯ ᠤᠨ ᠡᠷᠬᠢᠯᠡᠭᠴᠢ      ᠯᠢᠦ ᠳ᠋ᠠ ᠫᠧᠩ         ᠬᠤᠳᠡ ᠶᠢᠨ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠠᠷᠣᠯᠳᠡ ᠶᠢᠨ ᠲᠣᠪᠴᠢᠶᠠᠨ  ᠤ ᠲᠠᠷᠤᠭ᠎ᠠ       ᠸᠠᠩ ᠭᠥᠸᠧ ᠯᠢᠶᠠᠩ   ᠬᠤᠳᠡ ᠶᠢᠨ ᠵᠠᠬ᠎ᠠ ᠲᠡᠯᠭᠡᠬᠦᠷ ᠤᠨ ᠬᠢᠨᠠᠯᠳ᠋ᠨ ᠬᠠᠮᠢᠶᠠᠷᠣᠯᠳᠡ ᠶᠢᠨ ᠲᠣᠪᠴᠢᠶᠠᠨ ᠤ ᠲᠠᠷᠤᠭ᠎ᠠ       ᠪᠠᠶᠠᠷ                 ᠬᠤᠳᠡ ᠶᠢᠨ ᠲᠤᠭ᠎ᠠ ᠪᠦᠷᠢᠳᠭᠡᠯ ᠤᠨ ᠲᠣᠪᠴᠢᠶᠠᠨ ᠤ ᠲᠠᠷᠤᠭ᠎ᠠ       ᠯᠢᠦ ᠳ᠋ᠢᠶᠠᠨ ᠵᠢᠶᠦ᠋ᠨ    ᠬᠤᠳᠡ ᠶᠢᠨ ᠣᠢ ᠰᠢᠭᠤᠢ ᠪᠣᠯᠣᠨ ᠨᠣᠳᠤᠭ ᠪᠠᠯᠴᠢᠭᠡᠷ ᠤᠨ ᠲᠣᠪᠴᠢᠶᠠᠨ ᠤ ᠲᠠᠷᠤᠭ᠎ᠠ       ᠪᠠᠢ ᠰᠢᠦ ᠮᠧᠢ          ᠬᠤᠳᠡ ᠶᠢᠨ ᠶᠠᠳᠡᠭᠤ ᠶᠢ ᠲᠡᠳᠬᠦᠵᠤ ᠨᠡᠭᠡᠭᠡᠨ ᠬᠦᠭᠵᠢᠬᠦᠯᠬᠦ ᠠᠯᠪᠡᠨ ᠭᠡᠷ ᠤᠨ ᠡᠷᠬᠢᠯᠡᠭᠴᠢ       ᠹᠦ᠋ ᠬᠠᠢ ᠵᠢᠶᠦ᠋ᠨ       ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶᠠᠨ  ᠤ ᠷᠡᠰᠢᠶᠠᠨ ᠳᠠᠬᠢ ᠬᠤᠪᠢᠶᠠᠷᠢ ᠲᠣᠪᠴᠢᠶᠠᠨ ᠤ ᠲᠠᠷᠤᠭ᠎ᠠ       ᠯᠢ ᠺᠧ ᠰᠢᠨ           ᠲᠢᠶᠠᠨ ᡂᠢ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠣᠨ ᠲᠠᠷᠤᠭ᠎ᠠ       ᠴᠢ ᠰᠢᠤᠸᠠᠢ ᠳ᠋ᠦᠩ      ᠪᠠᠢ ᠯᠠᠩ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠣᠨ ᠲᠠᠷᠤᠭ᠎ᠠ       ᠸᠠᠩ ᠰᠢᠶᠣᠣ ᠯᠥᠩ     ᠦ᠋ ᠴᠠ ᠭᠧᠦ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠣᠨ ᠲᠠᠷᠤᠭ᠎ᠠ       ᠬᠠᠨ ᠹᠦ᠋ ᠴᠢᠶᠠᠨ       ᠮᠢᠩ ᠱᠦᠢ ᠾᠧ ᠪᠠᠯᠭᠠᠰᠣᠨ ᠤ ᠨᠠᠮ ᠤᠨ ᠬᠤᠷᠢᠶᠠᠨ ᠤ ᠲᠡᠳ᠋ ᠱᠦᠵᠢ᠂ ᠪᠠᠯᠭᠠᠰᠣᠨ ᠲᠠᠷᠤᠭ᠎ᠠ       ᠬᠤᠶᠠᠷ᠂ ᠣᠳᠣᠷᠢᠳᠬᠤ ᠲᠣᠭᠤᠶᠢᠯᠡᠩ ᠤᠨ ᠭᠤᠣᠯ ᠡᠬᠦᠷᠭᠡ ᠬᠠᠷᠢᠭᠤᠴᠠᠯᠭ᠎ᠠ      ︵ᠨᠢᠭᠡ︶ ᠡᠬᠢ ᠪᠠᠶᠠᠯᠢᠭ ᠤᠨ ᠣᠨᠴᠠᠭᠠᠢ ᠳᠠᠪᠠᠭᠤᠯᠢᠭ ᠲᠠᠭᠠᠨ ᠲᠦᠰᠢᠭᠯᠡᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠶ᠃ ᠷᠠᠰᠢᠶᠠᠨ ᠬᠤᠲᠠ ᠥᠪᠡᠷᠮᠢᠴᠡ ᠠᠮᠢ ᠠᠬᠤᠶ᠂ ᠠᠭᠤᠷ ᠠᠮᠢᠰᠬᠤᠯ ᠤᠨ ᠣᠷᠴᠢᠨ ᠲᠣᠭᠤᠷᠢᠨ ᠪᠠ  ᠣᠷᠴᠢᠨ ᠨᠥᠬᠦᠴᠡᠯ ᠢᠶᠠᠷ ᠢᠶᠠᠨ ᠬᠢᠯᠢ ᠤᠨ ᠲᠣᠳᠣᠭᠠᠳᠣ ᠳᠤ ᠡᠯᠪᠡᠭ ᠪᠠᠶᠠᠯᠢᠭ ᠬᠢᠲᠠᠳ ᠡᠪᠡᠰᠦᠨ ᠡᠮ ᠤᠨ ᠪᠠᠶᠢᠭᠠᠯᠢᠯᠢᠭ ᠣᠷᠴᠢᠨ ᠲᠣᠭᠤᠷᠢᠨ ᠢ ᠪᠣᠢ ᠪᠣᠯᠭᠠᠬᠰᠠᠨ ᠪᠠᠶᠢᠨ᠎ᠠ᠂ ᠢᠯᠠᠩᠭᠤᠶ᠎ᠠ ᠬᠤᠨᠢᠨ ᠨᠢᠳᠣ ᠴᠡᠴᠡᠭ ᠡᠪᠡᠰᠦ ᠨᠢ ᠮᠠᠨ ᠤ ᠬᠤᠲᠠ ᠶᠢᠨ ᠥᠪᠡᠷᠮᠢᠴᠡ ᠡᠮ ᠤᠨ ᠮᠠᠲ᠋ᠧᠷᠢᠶᠠᠯ ᠪᠣᠯᠤᠭᠰᠠᠨ ᠤ ᠬᠤᠪᠢ ᠳᠤ᠂ ᠮᠠᠨ ᠤ ᠬᠤᠲᠠ ᠳᠤ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ᠂ ᠠᠮᠢ ᠠᠬᠤᠶ ᠶᠢᠨ ᠦᠷ᠎ᠡ ᠠᠰᠢᠭ ᠢ ᠠᠪᠴᠢᠷᠠᠵᠡᠢ᠃ ᠡᠯ᠎ᠡ ᠪᠦᠷᠢᠯᠳᠦᠬᠦᠨ ᠨᠢᠭᠡᠴᠡ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠦᠢᠯᠡᠳᠪᠦᠷᠢᠯᠡᠯ ᠤᠨ ᠣᠳᠣᠬᠢ ᠪᠠᠶᠢᠳᠠᠯ᠂ ᠮᠡᠷᠭᠡᠵᠢᠯ ᠳᠤ ᠰᠠᠭᠤᠷᠢᠯᠠᠵᠤ᠂ ᠣᠷᠣᠨ ᠪᠦᠰᠡ ᠶᠢᠨ ᠳᠠᠪᠠᠭᠤᠯᠢᠭ᠂ ᠠᠭᠤᠷ ᠠᠮᠢᠰᠬᠤᠯ ᠤᠨ ᠨᠥᠬᠦᠴᠡᠯ ᠵᠡᠷᠭᠡ ᠲᠠᠢ ᠪᠠᠨ ᠤᠶᠠᠯᠳᠤᠭᠤᠯᠵᠤ᠂ ᠬᠠᠮᠢᠶ᠎ᠠ ᠪᠦᠬᠦᠢ ᠠᠵᠢᠯ ᠤᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠭ᠎ᠠ ᠪᠠᠨ ᠴᠢᠩᠭᠠᠳᠬᠠᠵᠤ᠂ ᠮᠠᠨ ᠤ ᠬᠤᠲᠠ ᠶᠢ ᠬᠢᠲᠠᠳ ᠡᠪᠡᠰᠦᠨ ᠡᠮ ᠤᠨ ᠠᠵᠤ ᠦᠢᠯᠡᠰ ᠤᠨ ᠰᠠᠭᠤᠷᠢᠨ ᠪᠣᠯᠭᠠᠨ ᠪᠦᠳᠣᠭᠡᠨ ᠪᠠᠶᠢᠭᠤᠯᠵᠤ᠂ ᠮᠠᠨ ᠤ ᠬᠤᠲᠠᠨ ᠤ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃      ︵ᠬᠤᠶᠠᠷ︶ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ ᠠᠵᠤ ᠣᠶᠢᠯᠡᠰ ᠤᠨ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ  ᠬᠠᠮᠵᠢᠯᠴᠠᠭᠤᠯᠣᠨ᠂ ᠬᠢᠲᠠᠳ ᠡᠮ ᠤᠨ ᠮᠠᠲ᠋ᠧᠷᠢᠶᠠᠯ ᠤᠨ ᠲᠤᠰᠬᠠᠶ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠭᠡᠷᠡᠭᠳᠡᠢ᠂ ᠲᠥᠯᠥᠪᠵᠢᠭᠦᠯᠭᠡ ᠶᠢᠨ ᠤᠷᠢᠳᠴᠢᠯᠠᠨ ᠮᠡᠳᠡᠬᠦ ᠴᠢᠨᠠᠷ᠂ ᠵᠢᠯᠣᠭᠤᠳᠬᠤ ᠴᠢᠨᠠᠷ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠢᠲᠠᠳ ᠡᠮ ᠤᠨ ᠮᠠᠲ᠋ᠧᠷᠢᠶᠠᠯ ᠤᠨ ᠠᠵᠤ ᠣᠶᠢᠯᠡᠰ ᠤᠨ ᠬᠥᠭᠵᠢᠯᠲᠡ ᠶᠢᠨ ᠠᠵᠢᠯ ᠢ ᠲᠥᠯᠥᠪᠵᠢᠭᠦᠯᠬᠦ ᠬᠡᠷᠡᠭᠲᠡᠶ᠃ ᠡᠯ᠎ᠡ ᠪᠠᠯᠭᠠᠰᠤ ᠬᠢᠲᠠᠳ ᠡᠪᠡᠰᠦᠨ ᠡᠮ ᠤᠨ ᠵᠠᠬ᠎ᠠ ᠳᠡᠯᠭᠡᠭᠦᠷ ᠢ ᠬᠦᠢᠴᠠᠳ ᠪᠠᠶᠢᠴᠠᠭᠠᠨ ᠰᠤᠳᠤᠯᠵᠤ᠂ ᠲᠣᠰ ᠲᠣᠰ ᠤᠨ ᠪᠠᠶᠢᠭᠠᠯᠢ ᠶᠢᠨ ᠨᠥᠬᠦᠴᠡᠯ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠦᠨᠳᠦᠰᠦᠯᠡᠵᠤ᠂ ᠬᠤᠨᠢᠨ ᠨᠢᠳᠣ ᠴᠡᠴᠡᠭ ᠡᠪᠡᠰᠦ᠂ ᠦᠯᠵᠡᠶᠢᠳᠣ ᠤᠳᠪᠠᠯᠠ᠂ ᠤᠯᠠᠭᠠᠨ ᠴᠠᠨ᠎ᠠ ᠵᠡᠷᠭᠡ ᠲᠤᠬᠠᠶ ᠶᠢᠨ ᠭᠠᠵᠠᠷ ᠤᠨ ᠣᠨᠴᠠᠯᠢᠭ ᠲᠤ ᠨᠡᠶᠢᠴᠡᠬᠦ ᠡᠮ ᠤᠨ ᠮᠠᠲ᠋ᠧᠷᠢᠶᠠᠯ ᠤᠨ ᠲᠥᠷᠥᠯ ᠵᠣᠶᠢᠯ ᠢ ᠬᠥᠭᠵᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠠᠶᠢᠮᠠᠭ ᠤᠨ ᠬᠢᠲᠠᠳ ᠡᠪᠡᠰᠦᠨ ᠡᠮ ᠤᠨ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠯᠴᠠᠨ᠂ ᠬᠠᠮᠲᠤᠷᠠᠯᠴᠠᠭ᠎ᠠ ᠪᠠᠶᠢᠭᠤᠯᠬᠤ ᠬᠡᠷᠡᠭᠲᠡᠶ︔ ᠲᠠᠷᠢᠶᠠᠯᠠᠩ ᠤᠨ ᠰᠠᠯᠠᠭ᠎ᠠ ᠮᠥᠴᠢᠷ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠬᠡᠪᠴᠢᠶ᠎ᠡ ᠨᠢ ᠶᠡᠭᠡ ᠨᠢᠭᠡ ᠪᠦᠯᠦᠭ ᠬᠢᠲᠠᠳ ᠡᠮ ᠤᠨ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠤ᠂ ᠬᠢᠲᠠᠳ ᠡᠪᠡᠰᠦᠨ ᠡᠮ ᠤᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠵᠦ᠂ ᠭᠤᠣᠯ ᠭᠠᠷᠤᠯᠳ᠋ᠨ ᠶᠢᠨ ᠣᠷᠣᠨ ᠤ ᠲᠠᠷᠢᠶᠠᠴᠢᠳ ᠢ ᠳᠠᠶᠢᠴᠢᠯᠠᠵᠤ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃      ︵ᠭᠤᠷᠪᠠ︶ ᠠᠵᠤ ᠣᠶᠢᠯᠡᠰ ᠢᠶᠠᠷ ᠬᠠᠪᠰᠣᠷᠣᠨ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠣᠶᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠪᠣᠢ ᠪᠣᠯᠭᠠᠨ ᠪᠤᠵᠠᠭᠠᠶᠢᠷᠠᠭᠤᠯᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠬᠢᠲᠠᠳ ᠡᠪᠡᠰᠦᠨ ᠡᠮ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠨᠡᠮᠡᠭᠳᠡᠭᠦᠯᠵᠦ᠂ ᠬᠢᠲᠠᠳ ᠡᠪᠡᠰᠦᠨ ᠡᠮ ᠤᠨ ᠠᠵᠤ ᠦᠢᠯᠡᠰ ᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠡᠮᠵᠢᠬᠦ ᠬᠡᠪᠴᠢᠶᠡᠨ ᠳᠤ ᠣᠷᠣᠭᠤᠯᠵᠤ᠂ ᠲᠣᠮᠣ ᠡᠷᠦᠬᠡ᠂ ᠴᠢᠳᠠᠪᠤᠷᠢᠲᠠᠨ᠂ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠡᠳ᠋ᠰᠢᠬᠦᠯᠬᠦ ᠠᠵᠤ ᠠᠬᠤᠶᠢᠯᠠᠯ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠣᠨ᠂ ᠬᠢᠲᠠᠳ ᠡᠪᠡᠰᠦᠨ ᠡᠮ ᠤᠨ ᠦᠢᠯᠡᠳᠪᠦᠷᠢᠯᠡᠯ ᠤᠨ ᠳᠠᠭᠠᠳᠬᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠢᠲᠠᠳ ᠡᠪᠡᠰᠦᠨ ᠡᠮ ᠤᠨ ᠦᠢᠯᠡᠳᠪᠦᠷᠢᠯᠡᠯ ᠤᠨ ᠲᠦᠭᠰᠢᠭᠦᠷᠢ ᠶᠢ ᠪᠠᠭᠠᠰᠬᠠᠬᠤ ᠪᠠ ᠬᠤᠬᠢᠷᠠᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠰᠠᠯᠠᠭ᠎ᠠ ᠮᠥᠴᠢᠷ ᠲᠠᠷᠢᠵᠣ ᠣᠷᠭᠤᠭᠤᠯᠬᠤ ᠵᠡᠷᠭᠡ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠡᠭᠤᠯᠵᠤ᠂ ᠬᠢᠲᠠᠳ ᠡᠪᠡᠰᠦᠨ ᠡᠮ ᠤᠨ ᠠᠵᠤ ᠣᠶᠢᠯᠡᠰ ᠤᠨ ᠵᠣᠬᠢᠶᠠᠨ ᠪᠠᠶᠢᠭᠤᠯᠤᠯᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠲᠠᠳ ᠡᠪᠡᠰᠦᠨ ᠡᠮ ᠢ ᠲᠠᠷᠠᠬᠠᠶ ᠪᠤᠲᠠᠷᠬᠠᠶ ᠣᠶᠢᠯᠡᠳᠪᠦᠷᠢᠯᠡᠵᠦ ᠪᠠᠶᠢᠭᠰᠠᠨ ᠠᠴᠠ ᠵᠣᠬᠢᠶᠠᠨ ᠪᠠᠶᠢᠭᠤᠯᠤᠯᠵᠢᠯᠠᠨ ᠣᠶᠢᠯᠡᠳᠪᠣᠷᠢᠯᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ ᠵᠠᠮ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ  ᠪᠦᠷᠢᠨ ᠲᠡᠭᠦᠯᠳᠡᠷᠵᠢᠭᠰᠡᠨ ᠮᠡᠳᠡᠭᠡ ᠵᠠᠩᠭᠢ ᠪᠠ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠣᠶᠢᠯᠡᠰ ᠤᠨ ᠪᠥᠬᠦ ᠠᠵᠤ ᠣᠶᠢᠯᠡᠰᠵᠢᠭᠰᠡᠨ ᠬᠡᠯᠬᠢᠶᠠᠳᠣ ᠬᠥᠭᠵᠢᠯᠲᠡ ᠶᠢ ᠠᠬᠢᠭᠤᠯᠣᠨ᠂ ᠷᠠᠰᠢᠶᠠᠨ ᠬᠤᠲᠠ ᠶᠢᠨ ᠴᠢᠨᠠᠷ ᠰᠠᠶᠢᠲᠠᠶ ᠬᠢᠲᠠᠳ ᠡᠮ ᠤᠨ ᠮᠠᠲ᠋ᠧᠷᠢᠶᠠᠯ ᠢ ᠳᠠᠮᠵᠢᠭᠤᠯᠤᠨ ᠬᠦᠷᠭᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠶ︔ ᠡᠯ᠎ᠡ ᠪᠦᠷᠢᠯᠳᠦᠬᠦᠨ ᠨᠢᠭᠡᠴᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠤ᠂ ᠵᠣᠬᠢᠴᠠᠯᠳᠤᠨ ᠬᠠᠮᠵᠢᠯᠴᠠᠬᠤ ᠠᠵᠢᠯ ᠢ ᠰᠠᠶᠢᠲᠤᠷ ᠬᠢᠵᠦ᠂ ᠡᠯ᠎ᠡ ᠠᠵᠢᠯ ᠢ ᠯᠠᠪᠳᠠᠭᠤᠨ  ᠪᠠᠳᠣᠳᠡᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠲᠦᠷᠪᠡ︶ ᠬᠢᠲᠠᠳ ᠡᠪᠡᠰᠦᠨ ᠡᠮ ᠤᠨ ᠭᠤᠣᠯ ᠴᠣᠭᠴᠠ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠭᠡᠷᠡᠭᠳᠡᠢ᠃ ᠷᠠᠰᠢᠶᠠᠨ ᠬᠤᠲᠠ ᠳᠤ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠂ ᠠᠵᠤ ᠠᠬᠤᠶ ᠶᠢᠨ ᠥᠷᠲᠡᠭ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠢᠲᠠᠳ ᠡᠪᠡᠰᠦᠨ ᠡᠮ ᠢᠶᠠᠷ ᠪᠡᠶ᠎ᠡ ᠰᠤᠪᠢᠯᠠᠬᠤ ᠣᠨᠣᠯᠵᠢᠬᠤᠨ ᠢ ᠳᠡᠯᠭᠡᠷᠡᠭᠦᠯᠦᠨ᠂ ᠡᠮᠲᠦ ᠬᠤᠭᠤᠯᠠ᠂ ᠡᠮᠲᠦ ᠤᠬᠢᠶᠠᠯᠭ᠎ᠠ ᠵᠡᠷᠭᠡ ᠣᠳᠣ ᠦᠶ᠎ᠡ ᠶᠢᠨ ᠰᠡᠯᠡᠭᠦᠴᠡᠯ ᠤᠨ ᠠᠷᠭ᠎ᠠ ᠮᠠᠶ᠋ᠢᠭ ᠢ ᠣᠷᠣᠭᠤᠯᠬᠤ ᠬᠡᠷᠡᠭᠲᠡᠶ᠃ ᠲᠠᠷᠢᠶᠠᠯᠠᠩ ᠤᠨ ᠰᠠᠯᠠᠭ᠎ᠠ ᠮᠥᠴᠢᠷ ᠵᠢᠮᠢᠰ᠂ ᠢᠳᠡᠰᠢᠨ ᠨᠣᠭᠤᠭ᠎ᠠ ᠵᠡᠷᠭᠡ ᠠᠵᠤ ᠠᠬᠤᠶ ᠶᠢᠨ ᠲᠠᠷᠢᠮᠠᠯ ᠤᠨ ᠲᠠᠷᠢᠵᠣ ᠣᠷᠭᠤᠭᠤᠯᠬᠤ ᠣᠨᠴᠠᠯᠢᠭ ᠪᠣᠯᠤᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠢᠲᠠᠳ ᠡᠪᠡᠰᠦᠨ ᠡᠮ ᠢ ᠲᠦᠷᠢᠮᠵᠢᠬᠦᠯᠣᠨ ᠲᠠᠷᠢᠵᠣ ᠣᠷᠭᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠤᠳᠤᠯᠤᠨ ᠪᠠᠶᠢᠭᠤᠯᠵᠤ᠂ ᠠᠵᠤ ᠠᠬᠤᠶ ᠶᠢᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠣᠶᠣᠯ ᠵᠣᠭᠠᠴᠠᠯ ᠤᠨ ᠰᠠᠯᠠᠭ᠎ᠠ ᠮᠥᠴᠢᠷ ᠬᠢᠳᠡᠳ ᠡᠪᠡᠰᠦᠨ ᠡᠮ ᠤᠨ ᠰᠣᠶᠣᠯ ᠰᠡᠯᠡᠭᠦᠴᠡᠯ ᠵᠣᠭᠠᠴᠠᠯ ᠢ ᠶᠡᠬᠡᠪᠡᠷ ᠬᠥᠭᠵᠢᠭᠦᠯᠤᠨ᠂ ᠷᠠᠰᠢᠶᠠᠨ ᠤ ᠰᠣᠳᠣᠨ ᠵᠣᠭᠠᠴᠠᠯ ᠤᠨ ᠵᠠᠮ ᠱᠤᠭᠤᠮ ᠤᠨ ᠨᠥᠯᠥᠭᠡᠯᠡᠬᠦ ᠬᠦᠴᠦᠨ ᠢ ᠢᠳᠡᠪᠬᠢᠲᠡᠶ ᠪᠠᠳᠠᠷᠠᠭᠤᠯᠵᠤ᠂ ᠬᠢᠲᠠᠳ ᠡᠪᠡᠰᠦᠨ ᠡᠮ᠂ ᠬᠥᠮᠦᠨ ᠨᠡᠶᠢᠭᠡᠮ ᠤᠨ ᠦᠵᠡᠮᠵᠢ᠂ ᠪᠠᠶᠢᠭᠠᠯᠢ ᠶᠢᠨ ᠥᠩᠭᠡ ᠦᠵᠡᠮᠵᠢ᠂ ᠰᠡᠯᠡᠭᠦᠴᠡᠯ ᠠᠶᠢᠯ ᠲᠣᠰᠬᠤᠨ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠣᠳᠣ ᠦᠶ᠎ᠡ ᠶᠢᠨ ᠬᠢᠲᠠᠳ ᠡᠮ ᠤᠨ ᠡᠷᠡᠭᠦᠯᠵᠢᠯ ᠰᠡᠯᠡᠭᠦᠴᠡᠯ ᠤᠨ  ᠵᠣᠭᠠᠴᠠᠯᠳᠣ ᠠᠵᠤ ᠦᠢᠯᠡᠰ ᠢ ᠶᠡᠬᠡᠪᠡᠷ ᠨᠡᠭᠡᠭᠡᠨ ᠬᠥᠭᠵᠢᠭᠦᠯᠬᠦ ᠭᠡᠷᠡᠭᠳᠡᠢ᠂ ᠤᠤᠭᠠᠯ ᠠᠮᠢ ᠠᠬᠤᠶ ᠶᠢᠨ ᠵᠣᠭᠠᠴᠠᠯ᠂ ᠬᠢᠲᠠᠳ ᠡᠮ ᠤᠨ ᠡᠷᠡᠭᠦᠯᠵᠢᠯ ᠢ ᠪᠡᠶᠡᠴᠢᠯᠡᠨ ᠣᠶᠢᠯᠠᠭᠠᠬᠤ ᠦᠵᠡᠮᠵᠢ ᠶᠢᠨ ᠣᠷᠣᠨ ᠪᠠ ᠪᠣᠬᠢᠷᠲᠤᠯ ᠦᠭᠡᠶ ᠵᠣᠭᠠᠴᠠᠯ ᠤᠨ ᠦᠵᠡᠮᠵᠢ ᠶᠢᠨ ᠣᠷᠣᠨ ᠢ  ᠪᠠᠶᠢᠭᠤᠯᠤᠨ᠂ ᠷᠠᠰᠢᠶᠠᠨ ᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠲᠦᠷᠭᠡᠳᠭᠡᠨ ᠥᠷᠭᠡᠳᠬᠡᠵᠤ᠂ ᠠᠷᠠᠳ ᠣᠯᠠᠨ ᠤ ᠡᠷᠡᠭᠦᠯ ᠡᠩᠬᠡ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃      ᠭᠤᠷᠪᠡ᠂ ᠪᠣᠰᠣᠳ ᠵᠣᠶᠢᠯᠡᠰ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠠᠷᠢᠶᠠᠯᠠᠩ ᠤᠰᠤᠨ ᠠᠰᠢᠬᠯᠠᠯᠳᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠳᠤ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠣ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠵᠠᠩ ᠪᠢᠨ ᠸᠠᠩ ᠨᠥᠬᠦᠷ ᠬᠠᠪᠰᠤᠷᠭᠠᠨ ᠬᠠᠷᠢᠭᠤᠴᠠᠨ᠎ᠠ᠃ ᠬᠡᠷᠪᠡ ᠬᠤᠶᠢᠰᠢᠳᠠ ᠳᠤᠭᠤᠶᠢᠯᠠᠩ ᠤᠨ ᠳᠠᠷᠤᠭ᠎ᠠ ᠪᠣᠯᠤᠨ ᠳᠤᠭᠤᠶᠢᠯᠠᠩ ᠤᠨ ᠳᠡᠳ᠋ ᠳᠠᠷᠤᠭ᠎ᠠ ᠬᠤᠪᠢᠷᠠᠯᠲᠠ ᠭᠠᠷᠬᠤ ᠦᠭᠡᠢ᠂ ᠪᠤᠰᠤᠳ ᠬᠡᠰᠢᠬᠦᠨ ᠤ ᠲᠠᠯ᠎ᠠ ᠪᠠᠷ ᠬᠤᠪᠢᠷᠠᠯᠲᠠ ᠭᠠᠷᠪᠠᠯ᠂ ᠠᠵᠢᠯ ᠤᠨ ᠬᠤᠪᠢᠶᠠᠷᠢᠯᠠᠯ ᠤᠨ ᠵᠠᠷᠴᠢᠮ ᠶᠣᠰᠣᠭᠠᠷ ᠥᠪᠡᠰᠦᠪᠡᠨ  ᠣᠷᠣᠯᠠᠨ ᠠᠵᠢᠯᠯᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠳᠠᠭᠢᠵᠤ  ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃                     2021 ᠣᠨ ᠤ 1 ᠰᠠᠷ᠎ᠡ ᠶᠢᠨ 20   ᠤ ᠡᠳᠣᠷ                   ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ                   2021 ᠣᠨ ᠤ 1 ᠰᠠᠷ᠎ᠡ ᠶᠢᠨ 20   ᠤ ᠡᠳᠣᠷ ᠲᠠᠷᠣᠮᠠᠯᠯᠡᠨ ᠲᠠᠷᠬᠠᠭᠠᠪᠡ
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号