ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠤᠴᠠᠵᠤ ᠢᠷᠡᠬᠦ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/10/9
    ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠥᠬᠦ ᠳᠡᠯᠡᠬᠡᠶ ᠳᠤ ᠦᠷᠭᠦᠯᠵᠢᠯᠡᠨ ᠳᠡᠯᠭᠡᠷᠡᠬᠦ ᠬᠠᠨᠳᠤᠰᠢ ᠲᠠᠢ ᠪᠠᠶᠢᠵᠤ᠂ ᠬᠢᠯᠢ ᠶᠢᠨ ᠭᠠᠳᠠᠨ᠎ᠠ ᠠᠴᠠ  ᠤᠷᠤᠵᠦ ᠢᠷᠡᠭᠰᠡᠨ ᠡᠪᠡᠳᠴᠢᠨ ᠤ ᠵᠢᠱᠢᠶ᠎ᠡ ᠪᠠᠶᠢᠨ  ᠲᠠᠬᠢᠨ ᠭᠠᠷᠴᠤ ᠪᠠᠶᠢᠨ᠎ᠠ᠂ ᠤᠯᠤᠰ ᠤᠨ ᠳᠣᠲᠣᠭᠠᠳᠤ ᠳᠤ ᠮᠥᠨ ᠬᠦ 2 ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ︵ᠰᠢᠶᠠᠮᠧᠨ ᠬᠤᠲᠠ 1᠂ ᠬᠠᠷᠪᠢᠨ ᠬᠤᠲᠠ 1︶ ᠪᠠ 22 ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ︵ᠰᠢᠶᠠᠮᠧᠨ ᠬᠤᠲᠠ 3᠂ ᠬᠠᠷᠪᠢᠨ ᠬᠤᠲᠠ 18᠂ ᠰᠦᠶ ᠬᠤᠸᠠ ᠬᠤᠲᠠ 1︶ ᠪᠠᠶᠢᠨ᠎ᠠ᠃ ᠡᠭᠦᠨ ᠤ ᠵᠡᠷᠭᠡ ᠳᠤ ᠴᠠᠩᠴᠦ᠋ᠨ ᠬᠤᠲᠠ᠂ ᠰᠢᠨᠵᠢᠶᠠᠩ ᠤᠨ ᠢᠯᠢ ᠵᠧᠤ ᠶᠢᠨ ᠬᠤᠷᠭᠤᠰ ᠬᠤᠲᠠ ᠶᠢᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠰᠢᠨᠵᠢ ᠲᠡᠮᠳᠡᠭ ᠦᠭᠡᠶ ᠬᠠᠯᠳᠠᠪᠤᠷᠢᠯᠠᠭᠰᠠᠳ ᠢ ᠰᠢᠨ᠎ᠡ ᠪᠠᠷ ᠨᠡᠮᠡᠭᠰᠡᠨ ᠲᠤᠬᠠᠶ ᠵᠠᠯᠭᠠᠭ᠎ᠠ ᠮᠡᠳᠡᠭᠦᠯᠦᠯᠲᠡ ᠬᠢᠵᠡᠶ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠳᠠᠭᠤᠰᠬᠤ ᠭᠡᠵᠦ ᠪᠠᠶᠢᠭ᠎ᠠ ᠦᠶ᠎ᠡ ᠳᠤ᠂ ᠭᠠᠳᠠᠭᠰᠢ ᠭᠠᠷᠤᠭᠰᠠᠨ ᠬᠥᠮᠦᠰ ᠬᠤᠶᠢᠨ᠎ᠠ ᠬᠤᠶᠢᠨ᠎ᠠ ᠠᠴᠠ ᠪᠠᠨ ᠪᠤᠴᠠᠵᠦ ᠢᠷᠡᠬᠦ ᠪᠣᠯᠤᠨ᠎ᠠ᠂ ᠮᠠᠨ ᠤ ᠠᠶᠢᠮᠠᠭ ᠤᠨ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠲᠦᠭᠰᠢᠭᠦᠷᠢ ᠶᠢ ᠡᠷᠡᠰ ᠰᠡᠷᠭᠡᠶᠢᠯᠡᠬᠦ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠮᠡᠳᠡᠭᠳᠡᠶ᠎ᠡ᠄     ᠨᠢᠭᠡ᠂ ᠠᠶᠢᠮᠠᠭ ᠲᠤ ᠪᠤᠴᠠᠵᠤ ᠢᠷᠡᠭᠰᠡᠨ ᠬᠥᠮᠦᠰ ᠪᠥᠭᠡᠮ ᠬᠦᠴᠢᠯ ᠤᠨ ᠪᠠᠶᠢᠴᠠᠭᠠᠯᠲᠡ ᠬᠢᠬᠦ ᠶᠢ ᠰᠠᠨᠠᠭᠠᠴᠢᠯᠠᠨ᠎ᠠ᠃ ᠣᠳᠣᠬᠠᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠯ ᠤᠨ ᠪᠤᠳᠤᠯᠢᠶᠠᠨᠲᠤ ᠴᠢᠨᠠᠷ ᠪᠠ ᠲᠣᠭᠲᠠᠭᠠᠯᠲᠤ ᠪᠤᠰᠤ ᠴᠢᠨᠠᠷ ᠢ ᠦᠨᠳᠦᠰᠦᠯᠡᠨ᠂ ᠠᠮᠠᠷᠠᠯᠲᠠ ᠶᠢᠨ ᠬᠤᠭᠤᠴᠠᠭᠠᠨ ᠤ ᠵᠤᠭᠠᠴᠠᠭᠠᠳ ᠪᠣᠴᠠᠵᠤ ᠢᠷᠡᠭᠰᠡᠳ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠠᠶᠢᠮᠠᠭ ᠠᠴᠠ ᠭᠠᠳᠠᠨ᠎ᠠ ᠵᠤᠭᠠᠴᠠᠭᠰᠠᠨ  ᠬᠥᠮᠦᠰ ᠰᠠᠨᠠᠭᠠᠴᠢᠯᠠᠭ᠎ᠠ ᠠᠴᠠ ᠪᠠᠨ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃     ᠬᠤᠶᠠᠷ᠂ ᠳᠤᠮᠳᠠ ᠥᠨᠳᠦᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠠᠶᠢᠮᠠᠭ ᠲᠠᠭᠠᠨ ᠪᠤᠴᠠᠵᠤ ᠢᠷᠡᠬᠦ ᠠᠴᠠ ᠡᠮᠦᠨ᠎ᠡ ᠪᠥᠭᠡᠮ ᠬᠦᠴᠢᠯ ᠤᠨ ᠪᠠᠶᠢᠴᠠᠭᠠᠯᠲᠡ ᠬᠢᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠡ ᠶᠢᠨ ᠪᠢᠯᠢᠭ ᠴᠢᠨᠠᠷ ᠤᠨ ᠭᠡᠷᠡᠴᠢ ᠠᠪᠬᠤ ᠶᠢᠨ ᠬᠠᠮᠲᠤ᠂ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ ᠪᠤᠴᠠᠵᠤ ᠢᠷᠡᠭᠰᠡᠨ ᠬᠥᠮᠦᠰ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠ ᠡᠮᠴᠢᠯᠡᠭᠡᠨ ᠤ ᠭᠠᠵᠠᠷ ᠲᠤ ᠣᠴᠢᠵᠤ ᠡᠮᠨᠡᠭᠦᠯᠵᠦ ᠪᠣᠯᠬᠤ ᠥᠬᠡᠶ᠂ ᠡᠮ ᠤᠨ ᠳᠡᠯᠭᠡᠭᠦᠷ ᠲᠤ ᠣᠴᠢᠵᠤ ᠥᠪᠡᠷ ᠢᠶᠠᠨ ᠡᠮ ᠬᠤᠳᠠᠯᠳᠤᠨ ᠠᠪᠴᠤ ᠡᠮᠴᠢᠯᠡᠵᠦ ᠪᠣᠯᠬᠤ ᠥᠬᠡᠶ᠂ ᠡᠮᠨᠡᠯᠭᠡ ᠳᠤ ᠬᠡᠷᠡᠭᠯᠡᠬᠦ ᠠᠮᠠᠪᠴᠢ ᠵᠡᠭᠦᠵᠦ᠂ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠳᠠᠷᠤᠶ ᠲᠦᠷᠭᠡᠨ ᠬᠦᠷᠴᠦ ᠡᠮᠴᠢᠯᠡᠨ ᠵᠠᠰᠠᠵᠤ ᠵᠢᠭᠰᠠᠭᠠᠨ ᠪᠠᠶᠢᠴᠠᠭᠠᠵᠤ᠂ ᠵᠤᠭᠠᠴᠠᠯ ᠤᠨ ᠲᠡᠤᠬᠡ᠂ ᠠᠵᠢᠯᠯᠠᠭᠠᠨ ᠤ ᠲᠡᠤᠬᠡ ᠪᠠ ᠣᠶᠢᠷᠠᠲᠤᠭᠰᠠᠨ ᠲᠡᠤᠬᠡ ᠪᠠᠨ ᠡᠮᠴᠢᠯᠡᠭᠡᠨ ᠤ ᠡᠮᠴᠢ ᠳᠤ ᠦᠨᠡᠨ ᠮᠥᠨ ᠢᠶᠠᠷ ᠨᠢ ᠮᠡᠳᠡᠭᠳᠡᠵᠦ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠡ ᠶᠢ ᠴᠠᠭ ᠲᠤᠬᠠᠶ ᠳᠤᠨᠢ ᠬᠢᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ  ᠠᠴᠠ ᠵᠠᠶᠢᠯᠠᠰᠬᠢᠬᠦ ᠬᠡᠷᠡᠭᠲᠡᠢ᠃     ᠳᠥᠷᠪᠡ᠂ ᠬᠢᠵᠢᠭ ᠤᠨ  ᠪᠠᠶᠢᠳᠠᠯ ᠢ ᠨᠢᠭᠲᠠ ᠠᠩᠬᠠᠷᠬᠤ ᠬᠡᠷᠡᠭᠲᠡᠶ᠃ ᠪᠤᠴᠠᠵᠤ ᠢᠷᠡᠭᠰᠡᠨ ᠤ ᠳᠠᠷᠠᠭ᠎ᠠ ᠬᠡᠷᠪᠡ ᠣᠶᠢᠷ᠎ᠠ ᠶᠢᠨ 14 ᠡᠳᠦᠷ ᠳᠣᠲᠤᠷ᠎ᠠ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠳᠤ ᠬᠦᠷᠴᠦ ᠥᠩᠭᠡᠷᠡᠭᠰᠡᠨ ᠪᠤᠶᠤ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠲᠠᠢ ᠰᠣᠯᠪᠢᠴᠠᠨ ᠴᠤᠭᠯᠠᠷᠠᠭᠰᠠᠨ ᠢ ᠣᠯᠵᠤ ᠮᠡᠳᠡᠪᠡᠯ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠨᠢᠭᠡᠴᠡ ᠳᠤ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠡ᠂ ᠠᠨᠠᠭᠠᠬᠤ ᠤᠬᠠᠭᠠᠨ ᠤ ᠠᠵᠢᠭᠯᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃     ᠲᠠᠪᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠲᠠᠷᠢᠨ᠎ᠠ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠨᠠᠩ ᠴᠤ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠨᠥᠬᠦᠴᠡᠯ ᠳᠤ ᠨᠡᠶᠢᠴᠡᠬᠦ ᠪᠠᠶᠢᠲᠠᠯ᠎ᠠ ᠮᠥᠨ ᠬᠦ ᠳᠠᠷᠢᠯᠭ᠎ᠠ ᠳᠠᠷᠢᠭᠠᠳᠤᠶ ᠣᠯᠠᠨ ᠲᠦᠮᠡᠨ ᠠᠯᠢ ᠲᠦᠷᠭᠡᠨ ᠢᠶᠠᠷ ᠪᠥᠬᠦ ᠶᠠᠪᠤᠴᠠ ᠶᠢᠨ ᠲᠠᠷᠢᠯᠭ᠎ᠠ ᠳᠠᠷᠢᠵᠤ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠶᠢ ᠬᠦᠰᠡᠵᠦ ᠪᠠᠶᠢᠨ᠎ᠠ᠃       ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ       ᠡᠵᠡᠮᠳᠡᠬᠦ ᠠᠵᠢᠯ   ᠤᠨ  ᠵᠢᠯᠣᠭᠤᠳᠬᠤ  ᠭᠠᠵᠠᠷ ᠤᠨ ᠡᠮᠴᠢᠯᠡᠬᠡᠨ ᠤ ᠰᠡᠷᠭᠡᠶᠢᠯᠡᠨ ᠡᠵᠡᠮᠳᠡᠬᠦ  ᠳᠤᠭᠤᠶᠢᠯᠠᠩ  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号