ᠯᠦ ᠵᠧᠩ ᠴᠦᠨ
ᠨᠡᠶᠢᠲᠡᠯᠡᠭᠰᠡᠨ ᠴᠠᠭ᠄
2021/10/9
   ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ    ᠠᠵᠢᠯ ᠤᠨ ᠬᠤᠪᠢᠶᠠᠷᠢᠯᠠᠯ᠄    ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠠᠵᠢᠯ ᠢ ᠬᠠᠪᠰᠤᠷᠴᠤ᠂ ᠨᠠᠮ ᠤᠨ ᠬᠤᠷᠢᠶ᠎ᠠ ᠶᠢᠨ ᠡᠳᠦᠷ ᠲᠤᠲᠤᠮ ᠤᠨ ᠠᠵᠢᠯ ᠪᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠨᠠᠶᠢᠳᠠᠭᠰᠠᠨ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ᠂ ᠰᠤᠷᠭᠠᠨ ᠬᠥᠮᠦᠵᠢᠯ ᠪᠠ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠬᠤᠲᠠ ᠶᠢᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠵᠦᠪᠯᠡᠯ ᠤᠨ ᠠᠯᠪᠠᠨ ᠬᠡᠷ᠂ ᠬᠤᠲᠠ ᠶᠢᠨ ᠠᠷᠠᠳ ᠤᠨ ᠭᠤᠮᠣᠳᠠᠯ ᠲᠣᠭᠠᠴᠢᠬᠤ ᠲᠥᠪ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠢ ᠠᠬᠢᠭᠤᠯᠬᠤ ᠨᠡᠶᠢᠭᠡᠮᠯᠢᠭ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠲᠡᠤᠬᠡ ᠣᠶᠢᠯᠠᠯᠭ᠎ᠠ ᠲᠠᠩᠰᠠ ᠡᠪᠬᠡᠮᠡᠯ ᠤᠨ ᠰᠠᠩ ᠢ ᠬᠤᠪᠢᠳᠠᠨ ᠬᠠᠮᠢᠶᠠᠷᠤᠨ᠎ᠠ᠃  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠷᠠᠰᠢᠶᠠᠨ ᠳᠤ ᠰᠠᠭᠤᠭ᠎ᠠ ᠴᠡᠷᠢᠭ ᠴᠠᠭᠳᠠᠭ᠎ᠠ ᠶᠢᠨ ᠴᠡᠷᠢᠭ ᠠᠩᠭᠢ᠂ ᠷᠠᠰᠢᠶᠠᠨ ᠪᠣᠭᠤᠮᠲᠠ᠂ ᠷᠠᠰᠢᠶᠠᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ  ᠵᠡᠷᠭᠡ ᠪᠠᠶᠢᠭᠤᠯᠭ᠎ᠠ ᠨᠢᠭᠡᠴᠢ ᠲᠠᠢ ᠬᠠᠷᠢᠯᠴᠠᠨ᠎ᠠ᠃     ᠲᠣᠪᠴᠢ ᠨᠠᠮᠲᠠᠷ᠄     ᠯᠦ ᠵᠧᠩ ᠴᠦᠨ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 4 ᠰᠠᠷ᠎ᠠ ᠶᠢᠨ 8 ᠤ ᠡᠳᠦᠷ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂  ᠠᠰᠫᠢᠷᠡᠨᠲ ᠶᠢᠨ ᠰᠤᠷᠤᠯᠭ᠎ᠠ ᠶᠢᠨ ᠨᠠᠮᠲᠠᠷ ᠲᠠᠢ᠃    
 
ᠢᠷᠡᠯᠲᠡ᠄ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号