ᠵᠤᠭᠠᠴᠠᠯ ᠤᠨ ᠰᠢᠳᠢᠳᠦ ᠦᠯᠦᠭᠡᠢ —— ᠷᠠᠰᠢᠶᠠᠨ
ᠨᠡᠶᠢᠲᠡᠯᠡᠭᠰᠡᠨ ᠴᠠᠭ᠄
2021/11/15
    ᠥᠨᠥᠳᠦᠷ ᠲᠠᠨᠠᠷ ᠲᠤ ᠨᠢᠭᠡᠨ ᠵᠤᠭᠠᠴᠠᠯ ᠤᠨ ᠰᠢᠳᠢᠳᠦ ᠭᠠᠵᠠᠷ ᠲᠠᠨᠢᠯᠴᠠᠭᠤᠯᠵᠤ ᠥᠭᠭᠦᠶ᠎ᠡ︕
     ᠳᠡᠨᠳᠡᠬᠢ ᠵᠢᠯ ᠤᠨ ᠳᠦᠷᠪᠡᠨ ᠤᠯᠠᠷᠢᠯ ᠤᠨ ᠦᠩᠭᠡ ᠦᠵᠡᠮᠵᠢ ᠵᠢᠷᠤᠭ ᠮᠡᠲᠦ ᠭᠤᠶᠤ ᠪᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠬᠡᠳᠦᠨ ︽ᠬᠠᠮᠤᠭ︾ ᠨᠢᠭᠤᠭᠳᠠᠵᠤ ᠪᠠᠶᠢᠨ᠎ᠠ᠃
     ᠲᠡᠷᠡ ᠪᠣᠯ ᠪᠦᠬᠦ ᠤᠯᠤᠰ ᠤᠨ ᠬᠥᠮᠦᠨ ᠠᠮᠠ ᠪᠠᠷ ᠬᠠᠮᠤᠭ ᠤᠨ ᠴᠥᠭᠡᠨ ᠬᠤᠲᠠ ᠪᠤᠯᠤᠨ᠎ᠠ᠃
     ᠮᠥᠨᠴᠦ ᠪᠦᠬᠦ ᠤᠯᠤᠰ ᠤᠨ ᠬᠥᠮᠦᠨ ᠳᠤᠮᠳᠠᠴᠢ ᠶᠢᠨ ᠤᠢ ᠰᠢᠭᠤᠢ ᠶᠢᠨ ᠪᠦᠷᠬᠦᠴᠡ ᠶᠢᠨ ᠲᠠᠯᠠᠪᠠᠢ ᠪᠠᠷ ᠬᠠᠮᠤᠭ ᠥᠨᠳᠥᠷ ᠭᠠᠵᠠᠷ ᠤᠷᠤᠨ ᠪᠤᠯᠤᠨ᠎ᠠ᠃
    ᠲᠡᠷᠡ ᠪᠠᠰᠠ ᠳᠤᠮᠳᠠᠳᠤ ᠤᠯᠤᠰ ᠤᠨ ᠬᠤᠲᠠ ᠶᠢᠨ ᠲᠣᠭᠤᠷᠢᠭ ᠤᠨ ᠠᠭᠠᠷ ᠳᠣᠲᠣᠷᠠᠬᠢ ᠪᠢᠯᠢᠭ ᠬᠦᠴᠢᠯᠲᠥ᠋ᠷᠥᠭᠴᠢ ᠶᠢᠨ ᠢᠶᠣᠨ ᠤ ᠠᠭᠤᠯᠤᠭᠳᠠᠴᠠ ᠪᠠᠷ ᠬᠠᠮᠤᠭ ᠤᠨ ᠥᠨᠳᠥᠷ ᠬᠤᠲᠠ ᠪᠤᠯᠤᠨ᠎ᠠ᠃
    ᠡᠭᠦᠨ ᠤ ᠳᠠᠭᠠᠤ ᠪᠠᠰᠠ ᠳᠤᠮᠳᠠᠳᠤ ᠤᠯᠤᠰ ᠤᠨ ᠴᠤᠷ ᠤᠨ ᠭᠠᠭᠴᠠ ᠭᠠᠯᠲᠤ ᠠᠭᠤᠯᠠ᠂ ᠮᠥᠰᠥᠲᠦᠯᠭᠡ᠂ ᠲᠠᠯ᠎ᠠ ᠨᠤᠲᠤᠭ᠂ ᠬᠠᠯᠠᠭᠤᠨ ᠷᠠᠰᠢᠶᠠᠨ᠂ ᠣᠢ ᠰᠢᠭᠤᠶ᠂ ᠪᠠᠷᠲᠠᠭ᠎ᠠ ᠰᠢᠨᠵᠢᠯᠡᠭᠡ᠂ ᠬᠥᠮᠦᠨ ᠰᠣᠶᠣᠯ ᠤᠨ ᠦᠯᠡᠳᠡᠭᠳᠡᠯ ᠢ ᠨᠢᠭᠡ ᠴᠤᠭᠴᠠᠵᠢᠭᠤᠯᠤᠭᠰᠠᠨ ᠬᠤᠲᠠ ᠪᠤᠯᠤᠨ᠎ᠠ᠃
     ᠡᠨᠡ ᠬᠦ ᠭᠠᠶᠢᠬᠠᠮᠰᠢᠭᠲᠠᠢ ᠮᠥᠷᠲᠡᠭᠡᠨ ᠲᠠᠲᠠᠬᠤ ᠬᠦᠴᠦᠨ ᠢᠶᠠᠷ ᠪᠢᠯᠬᠠᠮ᠎ᠠ ᠬᠤᠲᠠ ᠪᠤᠯ ᠲᠠᠷᠤᠢ ——  ᠷᠠᠰᠢᠶᠠᠨ ᠮᠥᠨ  ᠃
     ᠷᠠᠰᠢᠶᠠᠨ ᠪᠣᠯ ᠠᠭᠤᠯᠠ ᠪᠢᠰᠢ᠂ ᠪᠦᠬᠦᠯᠢ ᠨᠡᠷ᠎ᠡ ᠨᠢ ︽ᠬᠠᠯᠠᠭᠤᠨ ᠷᠠᠰᠢᠶᠠᠨ︾ ᠭᠡᠳᠡᠭ᠂ ︽ᠬᠠᠯᠠᠭᠤᠨ ᠪᠦᠯᠢᠶᠡᠨ ᠪᠥᠭᠡᠳ ᠠᠷᠢᠭᠤᠨ ᠴᠡᠪᠡᠷ ᠪᠤᠯᠠᠭ︾ ᠭᠡᠰᠡᠨ ᠤᠳᠬ᠎ᠠ ᠲᠠᠢ ᠮᠣᠩᠭᠤᠯ ᠦᠭᠡ ᠶᠤᠮ᠃ ᠷᠠᠰᠢᠶᠠᠨ ᠬᠤᠲᠠ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ  ᠬᠤᠷᠮᠣᠶ ᠶᠢ ᠰᠤᠨᠳᠠᠯᠠᠵᠤ᠂ ᠲᠡᠯᠡᠶ ᠶᠢᠨ ᠲᠦᠪᠰᠢᠨ ᠠᠴᠠ ᠳᠤᠮᠳᠠᠴᠢ ᠪᠠᠷ 1100 ᠮᠧᠲᠷ ᠡᠷᠭᠦᠭᠳᠡᠵᠦ᠂ ᠲᠠᠯᠠᠪᠠᠶ ᠨᠢ 7400 ᠭᠠᠷᠤᠶ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠬᠥᠮᠦᠨ ᠠᠮᠠ ᠨᠢ 6.8 ᠲᠦᠮᠡᠨ ᠬᠥᠮᠦᠨ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠮᠠᠨᠳᠤᠭᠰᠠᠨ  ᠵᠤᠭᠠᠴᠠᠯ ᠤᠨ ᠠᠮᠠᠷᠠᠯᠲᠠ ᠶᠢᠨ ᠬᠤᠲᠠ ᠪᠣᠯᠤᠨ᠎ᠠ᠃
 ᠳᠤᠮᠳᠠᠳᠤ ᠤᠯᠤᠰ ᠤᠨ ᠬᠠᠮᠤᠭ ᠤᠨ ᠭᠤᠶᠣ ᠲᠡᠷᠭᠡᠨ ᠥᠷᠲᠡᠭᠡ
 ᠷᠠᠰᠢᠶᠠᠨ ᠶᠠᠷᠢᠶᠠᠨ ᠤ ᠲᠠᠪᠴᠠᠩ ᠤᠨ ᠲᠥᠪ
 ᠲᠤᠮᠳᠠᠳᠤ ᠤᠯᠤᠰ ᠤᠨ ᠬᠠᠯᠠᠭᠤᠨ ᠷᠠᠰᠢᠶᠠᠨ ᠤ ᠮᠦᠽᠸᠢ
 ᠷᠠᠰᠢᠶᠠᠨ ᠤ ᠴᠠᠰᠤᠳᠤ ᠲᠤᠰᠬᠤᠨ
 
ᠢᠷᠡᠯᠲᠡ᠄ ᠷᠠᠰᠢᠶᠠᠨ ᠬᠤᠳᠠ ᠶᠢᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号