ᠪᠠᠭᠠᠳᠤᠷᠴᠤᠳ ᠠᠴᠠ ᠲᠠᠭᠠᠨ ᠰᠤᠷᠤᠯᠴᠠᠶ᠎ᠠ
ᠨᠡᠶᠢᠲᠡᠯᠡᠭᠰᠡᠨ ᠴᠠᠭ᠄
2021/4/12
    ᠪᠢ ᠬᠠᠷᠠᠬᠠᠨ ᠪᠠᠭ᠎ᠠ ᠠᠴᠠ ᠪᠠᠨ ᠦᠯᠢᠭᠡᠷ ᠰᠤᠨᠤᠰᠬᠤ ᠲᠤᠷᠠᠲᠠᠢ᠃ ᠡᠪᠦᠭᠡ ᠶᠢᠨ ᠶᠠᠷᠢᠵᠤ ᠦᠭᠭᠦᠭᠰᠡᠨ ᠦᠯᠢᠭᠡᠷ ᠲᠤ ᠨᠠᠳᠠ ᠳᠤ ᠬᠠᠮᠤᠭ ᠠᠴᠠ ᠬᠦᠨ ᠰᠠᠭᠤᠭᠳᠠᠯ ᠲᠠᠢ ᠨᠢ ᠬᠤᠪᠢᠰᠬᠠᠯᠴᠢ ᠪᠠᠭᠠᠳᠤᠷ ᠲᠤᠭᠤᠭ᠎ᠠ ᠶᠢᠨ ᠦᠯᠢᠭᠡᠷ ᠪᠤᠯᠤᠨ᠎ᠠ᠃     ᠲᠡᠷᠡ ᠤᠷᠤᠢ ᠡᠪᠦᠭᠡ ᠦᠯᠢᠭᠡᠷ ᠢᠶᠠᠨ ᠶᠠᠷᠢᠵᠤ ᠡᠬᠢᠯᠡᠯ᠎ᠡ ᠁     ᠬᠢᠨᠭ᠍ᠭᠠᠨ ᠨᠤᠳᠤᠭ ᠤᠨ ᠰᠠᠷᠠᠭᠤᠯ ᠠᠭᠤᠳᠠᠮ ᠲᠠᠯ᠎ᠠ ᠨᠤᠳᠤᠭ ᠲᠤ ᠲᠤᠭᠤᠭ᠎ᠠ ᠭᠡᠳᠡᠭ ᠮᠤᠩᠭᠤᠯ ᠬᠦᠦ ᠪᠠᠶᠢᠭᠰᠠᠨ᠂ ᠲᠡᠭᠦᠨ ᠤ ᠬᠡᠷ ᠨᠢ ᠲᠤᠩ ᠶᠠᠳᠠᠭᠤ ᠭᠦᠴᠢᠷᠳᠡᠯ ᠲᠠᠢ᠂ 11 ᠨᠠᠰᠤᠲᠠᠢ ᠠᠴᠠ ᠪᠠᠨ ᠪᠤᠰᠤᠳ ᠤᠨ ᠮᠠᠯ ᠢ ᠠᠳᠤᠭᠤᠯᠠᠵᠤ᠂ ᠪᠤᠳᠠᠭᠠᠨ ᠳᠤ ᠪᠠᠨ ᠴᠠᠳᠬᠤ ᠦᠭᠡᠢ᠂ ᠡᠪᠦᠯ ᠤᠨ ᠬᠦᠢᠳᠡᠨ ᠳᠤ ᠬᠦᠪᠤᠡᠭ ᠬᠤᠪᠴᠠᠰᠤ ᠤᠯᠵᠤ ᠡᠮᠦᠰᠬᠦ ᠦᠭᠡᠢ ᠪᠠᠶᠢᠵᠤ᠂ ᠲᠤᠬᠠᠢ ᠶᠢᠨ ᠴᠠᠭ ᠤᠨ ᠲᠠᠷᠤᠯᠠᠯ ᠮᠦᠯᠵᠢᠯ ᠢ ᠬᠠᠨᠤᠳᠠᠯ᠎ᠠ ᠪᠠᠨ ᠠᠮᠰᠠᠵᠠᠢ᠃ ᠲᠡᠭᠡᠭᠡᠳ ᠲᠡᠷᠡ ᠬᠠᠷᠠᠬᠠᠨ ᠪᠠᠭ᠎ᠠ ᠠᠴᠠ ᠪᠠᠨ ᠡᠩᠭᠡ ᠲᠠᠶᠢᠪᠤᠡᠭ᠂ ᠡᠷᠬᠡ ᠴᠢᠯᠦᠭᠡ ᠶᠢ ᠬᠦᠰᠡᠬᠦ ᠪᠤᠯᠵᠤ᠂ 1946 ᠤᠨ ᠳᠤ ᠲᠤᠭᠤᠭ᠎ᠠ ᠴᠡᠷᠢᠭ ᠲᠤ ᠡᠯᠰᠡᠭᠳᠡᠵᠦ᠂ ᠨᠠᠮ ᠤᠨ ᠬᠦᠮᠦᠵᠢᠯ ᠲᠤᠤᠷ᠎ᠠ ᠰᠢᠯᠢᠳᠡᠭ ᠴᠡᠷᠢᠭ ᠪᠤᠯᠤᠭᠰᠠᠨ ᠪᠠᠶᠢᠨ᠎ᠠ᠃ 1947 ᠤᠨ ᠤ 10 ᠰᠠᠷ᠎ᠠ ᠶᠢᠨ 13 ᠤ ᠡᠳᠦᠷ ᠤᠨ ᠶᠡᠭᠡ ᠪᠠᠷᠰ ᠠᠭᠤᠯᠠᠨ ᠤ ᠪᠠᠶᠢᠯᠳᠤᠭᠠᠨ ᠳᠤ ᠲᠠᠶᠢᠰᠤᠨ ᠤ ᠫᠤᠤ ᠶᠢᠨ ᠰᠤᠮᠤ ᠰᠦᠯᠵᠢᠯᠳᠦᠵᠦ᠂ ᠲᠠᠷᠢ ᠶᠢᠨ ᠤᠳᠤᠭ᠎ᠠ ᠲᠤᠨᠤᠷᠠᠭᠰᠠᠨ ᠪᠠᠶᠢᠯᠳᠤᠭᠠᠨ ᠤ ᠲᠠᠯᠠᠪᠤᠷ ᠲᠤ ᠴᠡᠷᠢᠭ ᠪᠠᠶᠢᠯᠳᠤᠭᠴᠢᠳ ᠢᠶᠠᠨ ᠲᠠᠭᠠᠭᠤᠯᠤᠨ ᠰᠢᠷᠬ᠎ᠠ ᠰᠤᠷᠪᠢ ᠪᠠᠨ ᠴᠤ ᠬᠠᠮᠢᠶᠠᠷᠤᠯ ᠦᠭᠡᠢ ᠡᠷᠡᠯᠭᠡᠭᠯᠡᠨ ᠲᠡᠮᠡᠴᠡᠵᠦ ᠪᠠᠶᠢᠯ᠎ᠠ᠃ ᠪᠦᠷᠦᠢ ᠪᠤᠯᠤᠭᠰᠠᠨ ᠴᠤ ᠲᠠᠶᠢᠨ ᠮᠦᠨ ᠯᠡ ᠦᠷᠭᠦᠯᠵᠢᠯᠡᠭᠰᠡᠭᠡᠷ ᠁ ᠲᠡᠭᠦᠨ ᠤ ᠵᠠᠯᠠᠭᠤ ᠨᠠᠰᠤ᠂ ᠬᠠᠯᠠᠭᠤᠨ ᠴᠢᠰᠤ᠂ ᠢᠳᠡᠭᠡᠯ ᠵᠤᠷᠢᠭ ᠢᠶᠠᠨ ᠡᠬᠡ ᠤᠯᠤᠰ ᠲᠠᠢ ᠪᠠᠨ ᠬᠤᠯᠪᠤᠵᠤ᠂ ᠦᠨᠳᠦᠰᠦᠳᠡᠨ ᠤ ᠴᠢᠯᠦᠭᠡᠯᠡᠯᠳᠡ ᠲᠠᠢ ᠬᠤᠯᠪᠤᠭᠰᠠᠨ ᠪᠠᠶᠢᠨ᠎ᠠ᠃ ᠲᠡᠷᠡ ᠬᠡᠳᠦ᠋ᠢᠪᠡᠷ ᠪᠠᠶᠢᠯᠳᠤᠭᠠᠨ ᠤ ᠲᠤᠮᠳᠠ ᠬᠦᠨᠳᠤ ᠰᠢᠷᠠᠭᠳᠤᠭᠰᠠᠨ ᠪᠤᠯᠪᠠᠴᠤ ᠮᠦᠨ ᠯᠡ ᠲᠠᠶᠢᠨ ᠤ ᠨᠢᠭᠡᠳᠦᠭᠡᠷ ᠹᠠᠷᠤᠨᠲ ᠲᠤ ᠠᠮᠢ ᠴᠦᠯᠡᠨ ᠪᠠᠶᠢᠯᠳᠤᠵᠤ᠂ ᠠᠮᠢ ᠨᠠᠰᠤᠨ ᠤ ᠬᠠᠮᠤᠭ ᠡᠴᠦᠰ ᠲᠤ ᠡᠮᠴᠢ ᠰᠤᠪᠢᠯᠠᠭᠴᠢ ᠳᠤ ᠲᠦᠪ ᠭᠤᠤᠯᠴᠢ ᠪᠠᠷ᠄ ︽ᠪᠢ ᠠᠮᠢᠳᠤ ᠪᠠᠶᠢᠬᠤ ᠳᠤ ᠪᠠᠨ ᠨᠠᠮ ᠤᠨ ᠰᠠᠶᠢᠨ ᠢᠶᠠᠷ ᠬᠦᠮᠤᠵᠢᠭᠳᠡᠵᠤ᠂ ᠦᠭᠦᠭᠰᠡᠨ ᠤ ᠰᠡᠭᠦᠯᠡᠷ ᠨᠠᠮ ᠠᠴᠠ ᠨᠠᠮ᠎ᠠ ᠶᠢ ᠬᠢᠨᠠᠨ ᠪᠠᠶᠢᠴᠠᠭᠠᠵᠤ᠂ ᠨᠦᠭᠦᠴᠡᠯ ᠬᠦᠷᠦᠯᠴᠡᠪᠡᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠭᠦᠨ ᠢᠶᠠᠷ ᠡᠯᠰᠡᠬᠦ ᠪᠤᠯᠪᠠᠤ︖︾ ᠬᠡᠵᠦ ᠭᠤᠶᠤᠴᠢᠯᠠᠭᠰᠠᠨ ᠪᠠᠶᠢᠨ᠎ᠠ᠃ ᠲᠤᠭᠤᠭ᠎ᠠ ᠭᠠᠯ ᠵᠠᠯᠠᠭᠤ 22 ᠨᠠᠰᠤᠳᠠᠢ ᠳᠤ ᠪᠠᠨ ᠢᠷᠠᠭᠤ ᠠᠯᠳᠠᠷ ᠲᠠᠢ ᠪᠠᠷ ᠪᠡᠶ᠎ᠡ ᠦᠷᠡᠭᠳᠡᠪᠡ᠃ 1947 ᠤᠨ ᠤ 11 ᠰᠠᠷ᠎ᠠ ᠶᠢᠨ 4 ᠤ ᠡᠳᠦᠷ᠂ ᠦᠪᠦᠷ ᠮᠤᠩᠭᠤᠯ ᠤᠨ ᠨᠠᠮ ᠤᠨ ᠬᠤᠷᠢᠶᠠᠨ ᠠᠴᠠ ᠲᠤᠭᠤᠭ᠎ᠠ ᠨᠦᠭᠦᠷ ᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠭᠦᠨ ᠢᠶᠠᠷ ᠨᠡᠬᠡᠮᠵᠢᠯᠡᠨ ᠡᠷᠭᠦᠮᠵᠢᠯᠡᠭᠰᠡᠨ ᠪᠠᠶᠢᠨ᠎ᠠ᠃ 1948 ᠤᠨ ᠤ 1 ᠰᠠᠷ᠎ᠠ ᠶᠢᠨ 13 ᠤ ᠡᠳᠦᠷ ᠤᠯᠠᠭᠠᠨᠭᠦᠦ ᠲᠡᠷᠢᠬᠦᠯᠡᠭᠴᠢ ᠠᠴᠠ᠄ ︽ᠲᠤᠭᠤᠭ᠎ᠠ ᠨᠦᠬᠦᠷ ᠦᠨᠳᠦᠰᠦᠳᠡᠨ ᠤ ᠴᠢᠯᠤᠭᠡᠯᠡᠯᠳᠡ ᠶᠢᠨ ᠲᠠᠶᠢᠨ ᠳᠤ ᠡᠷᠡᠯᠬᠡᠭᠯᠡᠨ ᠪᠠᠶᠢᠯᠳᠤᠵᠤ᠂ ᠠᠮᠢ ᠨᠠᠰᠤ ᠪᠠᠨ ᠦᠷᠡᠭᠳᠡᠭᠦᠯᠪᠡ᠃ ᠡ᠊ᠨᠡ ᠪᠤᠯ ᠡᠪ ᠬᠠᠮᠳᠤ ᠨᠠᠮ ᠤᠨ ᠬᠡᠰᠢᠬᠦᠨ ᠤ ᠬᠠᠮᠤᠭ ᠤᠨ ᠲᠡᠭᠡᠳᠦ ᠬᠡᠪ ᠰᠤᠷᠳᠠᠯ ᠤᠨ ᠢᠯᠡᠷᠡᠯ ᠪᠤᠯᠤᠨ᠎ᠠ᠂ ᠦᠪᠦᠷ ᠮᠤᠩᠭᠤᠯ ᠤᠨ ᠠᠷᠠᠳ ᠲᠦᠮᠡᠨ ᠲᠡᠭᠦᠨ ᠠᠴᠠ ᠲᠠᠭᠠᠨ ᠰᠤᠷᠤᠯᠴᠠᠬᠤ ᠬᠡᠷᠡᠭᠲᠡᠢ︾ ᠬᠡᠵᠦ ᠪᠢᠴᠢᠭᠡᠰᠦ ᠦᠯᠡᠳᠡᠭᠡᠭᠰᠡᠨ ᠪᠠᠶᠢᠨ᠎ᠠ᠃     ᠡᠪᠦᠭᠡ ᠶᠢᠨ ᠦᠯᠢᠭᠡᠷ ᠲᠠᠭᠤᠰᠴᠤ ᠤᠨᠳᠠᠬᠤ ᠴᠠᠭ ᠪᠤᠯᠤᠯ᠎ᠠ᠂ ᠡ᠊ᠨᠡ ᠰᠦᠨᠢ ᠪᠢ ᠨᠦᠢᠷ ᠬᠤᠯᠵᠢᠪᠠ᠃ ᠮᠠᠨ ᠤ ᠤᠳᠤᠬᠠᠨ ᠤ ᠵᠤᠯ ᠵᠢᠷᠭᠠᠯᠳᠤ ᠠᠮᠢᠳᠤᠷᠠᠯ ᠢ ᠲᠤᠭᠤᠭ᠎ᠠ ᠰᠢᠭ᠋ ᠲᠦᠭ ᠲᠦᠮᠡᠨ ᠪᠠᠭᠠᠳᠤᠷᠴᠤᠳ ᠤᠨ ᠠᠮᠢ ᠨᠠᠰᠤ ᠪᠠᠷ ᠰᠤᠯᠢᠵᠤ ᠠᠪᠴᠢᠷᠠᠭᠰᠠᠨ ᠶᠤᠮ᠃ ᠲᠡᠳᠡᠡ ᠪᠤᠯ ᠡᠬᠡ ᠤᠯᠤᠰ ᠤᠨ ᠤᠮᠤᠭᠰᠢᠯ᠂ ᠲᠡᠭᠡᠪᠡᠯ ᠰᠢᠨ᠎ᠡ ᠴᠠᠭ ᠦᠶ᠎ᠡ ᠶᠢᠨ ᠪᠠᠭᠠᠴᠤᠳ ᠪᠢᠳᠡ ᠬᠡᠷᠬᠢᠨ ᠴᠢᠷᠮᠠᠶᠢᠨ ᠰᠤᠷᠤᠯᠴᠠᠵᠤ᠂ ᠡᠬᠡ ᠤᠯᠤᠰ ᠤᠨ ᠤᠮᠤᠭᠰᠢᠯ ᠪᠤᠯᠬᠤ ᠪᠢᠯᠡ︖ ᠡ᠊ᠨᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢᠶᠠᠨ ᠲᠤᠭᠤᠭ᠎ᠠ ᠪᠠᠭᠠᠳᠤᠷ ᠤᠨ ᠦᠶ᠎ᠡ ᠶᠢᠨ ᠠᠮᠢᠳᠤᠷᠠᠯ ᠲᠠᠢ ᠪᠤᠳᠤᠪᠠᠯ ᠬᠡᠴᠢᠨᠡᠨ ᠵᠢᠷᠭᠠᠯ ᠲᠠᠢ ᠪᠤᠢ ᠭᠡᠵᠤ ᠪᠤᠳᠤᠵᠤ ᠪᠠᠶᠢᠭᠰᠠᠭᠠᠷ ᠬᠡᠨᠡᠳᠳᠡ ᠴᠠᠭᠠᠨ ᠰᠠᠷ᠎ᠠ ᠶᠢᠨ ᠰᠢᠨ᠎ᠡ ᠶᠢᠨ ᠬᠤᠶᠠᠷ ᠤᠨ ᠤᠴᠢᠷ ᠪᠤᠳᠤᠭᠳᠠᠪᠠ᠃ ᠠᠶᠢᠯ ᠤᠨ ᠲᠠᠷᠤᠭ᠎ᠠ ᠠᠴᠠ ᠴᠢᠮᠡᠭᠡ ᠢᠷᠡᠬᠦᠯᠵᠦ᠂ ᠬᠦᠮᠦᠨ ᠪᠦᠷᠢ ᠬᠡᠷ ᠲᠤ ᠪᠠᠨ ᠰᠠᠭᠤᠬᠤ ᠬᠡᠷᠡᠭᠳᠡᠢ᠂ ᠭᠠᠳᠠᠭᠰᠢ ᠲᠤᠭᠤᠷᠢᠵᠤ ᠠᠶᠢᠯ ᠠᠶᠢᠮᠠᠭ ᠢᠶᠠᠷ ᠢᠶᠠᠨ ᠨᠠᠶᠢᠷᠠᠯᠳᠤᠵᠤ ᠪᠤᠯᠬᠤ ᠦᠭᠡᠢ ᠁     ᠶᠠᠭᠠᠬᠢᠪᠠ︖ ᠲᠧᠯᠧᠢᠰ ᠲᠡᠭᠡᠷ᠎ᠡ ᠡᠳᠤᠷᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠨᠡᠪᠳᠡᠷᠡᠭᠦᠯᠵᠦ ᠪᠠᠶᠢᠨ᠎ᠠ᠃ ᠦᠬᠠᠨ ᠴᠢᠷᠮᠠᠢ︕ ᠲᠤᠮᠳᠠᠳᠤ ᠤᠯᠤᠰ ᠴᠢᠷᠮᠠᠢ︕ ᠬᠡᠬᠦ ᠤᠷᠢᠶ᠎ᠠ ᠴᠢᠬᠢᠨ ᠳᠤ ᠰᠤᠨᠤᠰᠤᠭᠳᠠᠭᠰᠠᠭᠠᠷ ᠁ ᠴᠠᠭᠠᠨ ᠬᠤᠪᠴᠠᠰᠤ ᠡᠮᠦᠰᠴᠦ ᠵᠡᠪᠰᠡᠭᠯᠡᠭᠰᠡᠨ ᠡᠮᠴᠢ ᠰᠤᠪᠢᠯᠠᠭᠴᠢ ᠶᠠᠭᠠᠷᠠᠯᠳᠤᠭᠰᠠᠭᠠᠷ ᠁ ᠰᠠᠷ᠎ᠠ ᠭᠠᠷᠤᠢ ᠶᠢᠨ ᠬᠠᠳᠠᠭᠤᠵᠢᠯᠳᠠᠢ ᠴᠢᠷᠮᠠᠶᠢᠯᠭ᠎ᠠ ᠪᠠᠷ ᠪᠦᠬᠦ ᠤᠯᠤᠰ ᠢᠶᠠᠷ ᠢᠶᠠᠨ ᠬᠢᠵᠢᠭ ᠢ ᠦᠨᠳᠤᠰᠤᠨ ᠳᠤ ᠪᠠᠨ ᠢᠯᠠᠪᠠ᠃ ᠺᠢᠨᠣ᠋ ᠲᠧᠯᠧᠢᠰ ᠲᠤ ᠪᠠᠭᠠᠳᠤᠷᠴᠤᠳ ᠤᠨ ᠦᠯᠢᠭᠡᠷ ᠢ ᠮᠡᠳᠡᠭᠡᠯᠡᠭᠰᠡᠭᠡᠷ ᠁ ᠮᠠᠭᠳᠠᠭᠰᠠᠭᠠᠷ ᠁     ᠠ︕ ᠡᠮᠴᠢ ᠰᠤᠪᠢᠯᠠᠭᠴᠢ ᠨᠠᠷ ᠡ︕ ᠲᠠ ᠨᠠᠷ ᠪᠤᠯ ᠡᠨᠡ ᠤᠳᠠᠭᠠᠨ ᠤ ᠤᠳᠤᠭ᠎ᠠ ᠦᠭᠡᠢ ᠲᠠᠶᠢᠨ ᠤ ᠢᠯᠠᠭᠴᠢᠳ ᠮᠦᠨ᠂ ᠰᠢᠨ᠎ᠡ ᠴᠠᠭ ᠦᠶ᠎ᠡ ᠶᠢᠨ ᠪᠠᠭᠠᠳᠤᠷᠴᠤᠳ ᠮᠦᠨ᠂ ᠠᠭᠤᠤ ᠶᠡᠭᠡ ᠲᠤᠮᠳᠠᠳᠤ ᠤᠯᠤᠰ ᠤᠨ ᠤᠮᠤᠭᠰᠢᠯ ᠮᠦᠨ︕ ᠪᠢ ᠲᠠ ᠨᠠᠷ ᠢ ᠬᠦᠨᠳᠦᠳᠭᠡᠨ ᠪᠢᠰᠢᠷᠡᠵᠦ᠂ ᠪᠢᠴᠢᠭ ᠡᠷᠳᠡᠮ ᠢᠶᠠᠨ ᠰᠢᠮᠳᠠᠨ ᠰᠤᠷᠴᠤ ᠲᠠᠨ ᠤ ᠦᠢᠯᠡ ᠠᠵᠢᠯᠯᠠᠭ᠎ᠠ ᠶᠢ ᠤᠯᠠᠮᠵᠢᠯᠠᠨ ᠲᠡᠯᠬᠡᠷᠡᠭᠦᠯᠦᠨ᠎ᠡ᠂ ᠬᠡᠷᠬᠢᠨ ᠴᠢᠷᠮᠠᠶᠢᠪᠠᠯ ᠵᠤᠬᠢᠨ᠎ᠠ︖ ᠬᠡᠵᠦ ᠪᠤᠳᠤᠵᠤ ᠪᠠᠶᠢᠭᠰᠠᠭᠠᠷ ᠵᠡᠭᠦᠳᠦᠯᠡᠴᠢᠭᠡᠪᠡ᠃ ᠡᠵᠢ ᠶᠢᠨ ᠲᠠᠭᠤᠨ ᠳᠤ ᠨᠦᠢᠷ ᠠᠴᠠ ᠪᠠᠨ ᠰᠡᠷᠢᠬᠦ ᠳᠤ ᠨᠢᠭᠡᠨᠳᠡ ᠦᠷᠯᠦᠭᠡᠨ ᠤ ᠬᠤᠭᠤᠯᠠᠨ ᠴᠠᠭ ᠪᠤᠯᠤᠯ᠎ᠠ︕ ᠪᠢ ᠪᠤᠳᠤᠵᠤ ᠵᠡᠭᠦᠳᠦᠯᠡᠭᠰᠡᠨ ᠢᠶᠠᠨ ᠡᠵᠢ ᠳᠤ ᠪᠠᠨ ᠬᠡᠯᠡᠭᠰᠡᠨ ᠳᠤ᠂ ᠡᠵᠢ ᠮᠢᠨᠢ᠄ ︽ᠦᠬᠠᠨ ᠴᠢᠷᠮᠠᠢ︕ ᠲᠤᠮᠳᠠᠳᠤ ᠤᠯᠤᠰ ᠴᠢᠷᠮᠠᠢ︕ ᠤᠷᠬᠢᠯ ᠴᠢᠷᠮᠠᠢ︕︾ ᠬᠡᠬᠦ ᠳᠤ ᠨᠢᠭᠡ ᠭᠡᠷ ᠬᠦᠷᠴᠢᠬᠢᠨᠡᠳᠡᠯ᠎ᠡ ᠢᠨᠢᠶᠡᠯᠴᠡᠪᠡ᠃     ᠡᠪᠦᠭᠡ ᠶᠢᠨ ᠦᠯᠢᠭᠡᠷ ᠲᠠᠬᠢ ᠪᠠᠭᠠᠳᠤᠷ ᠲᠤᠭᠤᠭ᠎ᠠ ᠪᠤᠯ ᠰᠢᠨ᠎ᠡ ᠲᠤᠮᠳᠠᠳᠤ ᠤᠯᠤᠰ ᠢ ᠪᠠᠶᠢᠭᠤᠯᠬᠤ ᠪᠠᠷ ᠴᠢᠰᠤᠨ ᠪᠠᠶᠢᠯᠳᠤᠭᠠᠨ᠂ ᠰᠤᠮᠤᠨ ᠮᠦᠨᠳᠦᠷ ᠤᠨ ᠲᠤᠮᠳᠠᠭᠤᠷ ᠰᠢᠭᠤᠷᠬᠠᠶᠢᠯᠠᠨ ᠪᠠᠶᠢᠯᠳᠤᠵᠤ᠂ ᠴᠢᠰᠤᠨ ᠲᠠᠯᠠᠢ ᠶᠠᠰᠤᠨ ᠠᠭᠤᠯᠠ ᠶᠢᠨ ᠲᠤᠳᠤᠷᠠᠬᠢ ᠨᠡᠷ᠎ᠡ ᠦᠭᠡᠢ ᠪᠠᠭᠠᠳᠤᠷᠴᠤᠳ ᠤᠨ ᠲᠦᠯᠦᠭᠡᠯᠡᠭᠴᠢ ᠭᠡᠳᠡᠭ ᠢ ᠲᠤᠮᠳᠠᠳᠤ ᠶᠢᠨ ᠲᠡᠤᠬᠡ ᠬᠡᠷᠡᠴᠢᠯᠡᠨ᠎ᠡ᠂ ᠠᠷᠠᠳ ᠲᠦᠮᠡᠨ ᠮᠦᠷᠦᠭᠡᠳᠦᠨ᠎ᠡ᠃ ᠨᠡᠩ ᠴᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠤᠳᠤᠭ᠎ᠠ ᠦᠭᠡᠢ ᠲᠠᠶᠢᠨ ᠳᠤ ᠴᠡᠭᠡᠵᠢ ᠲᠦᠷᠢᠨ ᠰᠢᠭᠤᠷᠬᠠᠶᠢᠯᠠᠨ᠂ ᠪᠠᠶᠢᠯᠳᠤᠭᠠᠨ ᠤ ᠢᠯᠠᠯᠳᠠ ᠶᠢ ᠤᠯᠤᠭᠰᠠᠨ ᠴᠠᠭᠠᠨ ᠬᠤᠪᠴᠠᠰᠤ ᠲᠠᠢ ᠡᠮᠴᠢ ᠰᠤᠪᠢᠯᠠᠭᠴᠢᠳ ᠤᠨ ᠠᠮᠢ ᠨᠠᠰᠤᠨ ᠤ ᠠᠪᠤᠷᠠᠨ ᠲᠡᠳᠭᠦᠭᠴᠢ ᠶᠢᠨ ᠪᠠᠭᠠᠳᠤᠷᠯᠢᠭ ᠦᠢᠯᠡ ᠠᠵᠢᠯᠯᠠᠭ᠎ᠠ ᠶᠢ ᠪᠢ ᠦᠨᠦᠳᠦᠷ ᠦᠪᠡᠷ ᠤᠨ ᠨᠢᠳᠦ ᠪᠠᠷ ᠢᠶᠠᠨ ᠦᠵᠡᠵᠦ᠂ ᠴᠢᠬᠢ ᠪᠠᠷ ᠢᠶᠠᠨ ᠰᠤᠨᠤᠰᠤᠭᠰᠠᠨ ᠤᠴᠢᠷ ᠠᠴᠠ ᠨᠡᠩ ᠲᠡᠳᠡᠨ ᠢ ᠭᠦᠨᠳᠦᠳᠭᠡᠨ ᠪᠢᠰᠢᠷᠡᠨ᠎ᠡ᠃     ᠡᠷᠳᠡ ᠡᠳᠦᠭᠡ ᠠᠴᠠ ᠲᠤᠮᠳᠠᠳᠤ ᠶᠢᠨ ᠦᠨᠳᠦᠰᠦᠳᠡᠨ ᠮᠢᠨᠢ ᠡᠷᠡᠯᠭᠡᠭ ᠪᠠᠭᠠᠳᠤᠷᠯᠢᠭ᠂ ᠡᠷᠴᠢ ᠵᠤᠷᠢᠭ ᠲᠠᠢ ᠦᠨᠳᠦᠰᠦᠳᠡᠨ ᠮᠦᠨ᠃ ᠪᠢᠳᠠ ᠨᠢᠳᠤᠷᠭ᠎ᠠ ᠪᠠᠨ ᠡᠷᠭᠦᠨ ᠤᠮᠤᠭᠰᠢᠨ ᠵᠤᠷᠢᠭᠵᠢᠵᠤ᠂ ᠬᠡᠭᠦᠳᠡᠭ ᠴᠡᠭᠡᠵᠢᠨ ᠳᠤ ᠪᠠᠨ ᠪᠠᠭ᠋ᠠᠷᠠᠨ ᠪᠢᠰᠢᠷᠡᠵᠦ᠂ ᠵᠠᠯᠭᠠᠮᠵᠢᠯᠠᠨ ᠬᠦᠭᠵᠢᠬᠦᠯᠵᠦ ᠮᠠᠨᠳᠤᠭᠤᠯᠬᠤ ᠪᠠᠷ ᠴᠢᠷᠮᠠᠶᠢᠨ᠎ᠠ ᠁     ᠵᠤᠬᠢᠶᠠᠭᠴᠢ ᠶᠢᠨ ᠬᠠᠶ᠋ᠢᠭ᠄ ᠴᠧᠨ ᠤᠷᠭᠢᠯ ︵ᠲᠤᠮᠳᠠᠳᠤ ᠬᠤᠰᠢᠭᠤᠨ ᠤ ᠰᠢᠷᠭ᠎ᠠ ᠭᠤᠤᠯ ᠪᠠᠭ᠎ᠠ ᠰᠤᠷᠭᠠᠭᠤᠯᠢ ᠶᠢᠨ ᠵᠢᠷᠭᠤᠳᠤᠭᠠᠷ ᠤᠨ ᠤ ᠨᠢᠬᠡᠳᠤᠬᠡᠷ ᠠᠩᠬᠢ︶     ᠵᠢᠯᠤᠭᠤᠳᠤᠭᠰᠠᠨ ᠪᠠᠭᠰᠢ᠄ ᠹᠧᠩ ᠯᠠᠨ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号