— —2021 ᠤᠨ ᠤ 2 ᠰᠠᠷ᠎ᠠ ᠶᠢᠨ 24 ᠤ ᠡᠳᠦᠷ ᠷᠠᠰᠢᠶᠠᠨ ᠬᠤᠳᠠ ᠶᠢᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ | ᠲᠡᠭᠡᠷ᠎ᠡ | ᠤᠷᠤᠯᠠᠬᠴᠢ ᠬᠤᠳᠠ ᠶᠢᠨ ᠲᠠᠷᠤᠭ᠎ᠠ ᠸᠠᠩ ᠰᠢᠶᠤᠤ ᠬᠤᠸᠠᠨ | ᠲᠦᠯᠦᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠡ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | ᠨᠢᠬᠡ ᠂ 2020 ᠤᠨ ᠵᠢᠴᠢ ︽ᠠᠷᠪᠠᠨ ᠭᠤᠷᠪᠠᠳᠤᠭᠠᠷ ᠲᠠᠪᠦᠨ︾ ᠵᠢᠯ ᠤᠨ ᠲᠦᠯᠦᠪᠵᠢᠬᠦᠯᠬᠡ ᠶᠢᠨ | ᠬᠤᠭᠤᠴᠠᠭᠠᠨ ᠤ ᠬᠦᠭᠵᠢᠯᠳᠡ ᠶᠢᠨ ᠡᠷᠬᠢᠴᠡᠬᠦᠯᠦᠯ | 2020 ᠤᠨ ᠪᠣᠯ ᠪᠢᠳᠡᠨ ᠤ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ | ᠮᠥᠨ᠂ ᠪᠠᠰᠠ ᠴᠤ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠨ ᠪᠦᠯᠬᠦᠮᠳᠡᠨ ᠨᠢᠭᠡᠳᠴᠦ᠂ ᠡᠷᠡᠯᠬᠡᠭᠯᠡᠨ | ᠲᠡᠮᠡᠴᠡᠭᠰᠡᠨ ᠨᠢᠭᠡ ᠵᠢᠯ ᠮᠥᠨ᠃ ᠬᠥᠭᠵᠢᠯᠲᠡ ᠶᠢᠨ ᠪᠠᠶᠢᠳᠠᠯ ᠤᠨ ᠭᠦᠨᠵᠡᠭᠡᠶ ᠪᠥᠭᠡᠳ ᠪᠤᠳᠤᠯᠢᠶᠠᠨᠲᠠᠶ | ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠳᠠᠭᠠᠷᠢᠯᠲᠠ ᠵᠡᠷᠭᠡ ᠣᠯᠠᠨ ᠳᠠᠪᠬᠤᠷ ᠳᠠᠷᠤᠯᠲᠠ ᠶᠢᠨ ᠨᠥᠯᠥᠭᠡ ᠳᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ | ᠢᠮᠠᠭᠲᠠ ᠥᠨᠳᠥᠷ ᠮᠠᠨᠳᠤᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ | ᠪᠣᠯᠭᠤᠮᠵᠢᠲᠠᠢ ᠰᠠᠶᠢᠲᠤᠷ ᠠᠳᠬᠤᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ | ᠥᠷᠢᠰᠥᠯᠳᠦᠭᠡᠨ ᠢ ᠯᠠᠪᠳᠠᠭᠤᠨ ᠠᠷᠭᠠᠴᠠᠭᠠᠬᠤ᠂ ᠬᠦᠴᠦᠯᠡᠨ ᠴᠢᠷᠮᠠᠶᠢᠵᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ ᠂ ᠲᠣᠭᠲᠠᠭᠤᠨ ᠤ ᠳᠤᠮᠳᠠ | ᠤᠷᠤᠬᠰᠢᠯᠠᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ | ᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ | ᠬᠤᠳᠠ ᠶᠢᠨ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠤᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠲᠠᠬᠢᠨ ᠦᠷᠪᠢᠰᠦᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ | ᠪᠤᠳᠤᠯᠭ᠎ᠠ ᠶᠣᠰᠣᠭᠠᠷ᠂ ︽1 + 2︾ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠪᠠᠶᠢᠭᠤᠯᠵᠤ᠂ 15 | ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠪᠠᠶᠠᠷ ᠳᠤᠷᠠᠰᠬᠠᠯ ᠤᠨ ᠡᠳᠦᠷ ᠨᠠᠭᠠᠰᠢ ᠴᠠᠭᠠᠰᠢ ᠶᠠᠪᠤᠬᠤ᠂ | ᠬᠦᠢᠳᠡᠨ ᠬᠡᠯᠬᠢᠶᠡᠲᠦ ᠢᠳᠡᠭᠡᠨ᠂ ᠨᠠᠮᠤᠷ ᠡᠪᠦᠯ ᠤᠨ ᠤᠯᠠᠷᠢᠯ ᠪᠣᠯᠤᠨ ᠪᠠᠯᠭᠠᠰᠤ ᠲᠣᠰᠬᠤᠨ ᠤ ᠰᠡᠷᠭᠡᠶᠢᠯᠡᠨ ᠡᠵᠡᠮᠳᠡᠬᠦ | ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ 2175 ᠲᠦᠮᠡᠨ ᠲᠥᠭᠦᠷᠢᠭ | ᠲᠣᠬᠢᠷᠠᠭᠤᠯᠵᠤ᠂ ᠸᠠᠺᠼᠢᠨ ᠤ ᠲᠠᠷᠢᠯᠭ᠎ᠠ ᠬᠢᠬᠦ᠂ ︽ᠪᠠᠶᠢᠴᠠᠭᠠᠬᠤ ᠶᠣᠰᠣᠲᠠᠶ ᠶᠢ ᠵᠠᠪᠠᠯ ᠪᠠᠶᠢᠴᠠᠭᠠᠬᠤ︾ ᠵᠡᠷᠭᠡ | ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠪᠠ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ | ᠪᠠᠶᠢᠭᠤᠯᠪᠠ᠃ ᠥᠷᠭᠡᠨ ᠤᠯᠠᠨ ᠡᠮᠨᠡᠯᠭᠡ ᠶᠢᠨ ᠠᠵᠢᠯᠳᠠᠨ ᠦᠨᠡᠨ ᠶᠣᠰᠣᠨ ᠤ ᠲᠥᠯᠥᠭᠡ ᠡᠷᠡᠭᠡᠯᠵᠡᠯ ᠦᠭᠡᠢ ᠪᠠᠷ | ᠡᠮᠦᠨ᠎ᠡ ᠨᠢ ᠭᠠᠪᠰᠢᠭᠠᠶᠢᠯᠠᠵᠤ᠂ ᠬᠤᠳᠠ ᠶᠢᠨ ᠡᠮᠨᠡᠯᠭᠡ ᠶᠢᠨ ᠬᠤᠷᠢᠶᠠᠨ ᠤ ᠵᠤᠤ ᠰᠢᠶᠤᠤ ᠮᠢᠨ ᠨᠥᠬᠦᠷ | ᠰᠠᠨᠠᠭᠠᠴᠢᠯᠠᠭ᠎ᠠ ᠠᠴᠠ ᠪᠠᠨ ᠦᠬᠠᠨ ᠢ ᠲᠤᠰᠠᠯᠠᠬᠤ ᠪᠠᠷ ᠭᠤᠶᠤᠴᠢᠯᠠᠪᠠ︔ ᠪᠥᠬᠦ ᠬᠤᠲᠠ ᠶᠢᠨ 5000 ᠭᠠᠷᠤᠶ ᠺᠠᠳ᠋ᠷ | ᠣᠯᠠᠨ ᠲᠦᠮᠡᠨ ᠶᠠᠳᠠᠷᠠᠯ ᠵᠦᠳᠡᠷᠡᠯ ᠢᠶᠠᠨ ᠬᠠᠶᠢᠬᠤᠷᠤᠯ ᠥᠬᠡᠶ ᠪᠠᠷ ᠡᠮᠦᠨ᠎ᠡ ᠹᠷᠣᠨᠲ ᠢ ᠪᠠᠲᠤ ᠰᠠᠬᠢᠵᠤ᠂ ᠡᠯ᠎ᠡ | ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ᠂ ᠣᠶ ᠰᠢᠭᠤᠶ ᠶᠢᠨ ᠠᠵᠤ ᠠᠬᠤᠶᠢᠯᠠᠯ ᠪᠣᠯᠤᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠠᠮ ᠥᠬᠡᠶ ᠵᠣᠷᠢᠭᠤᠯᠵᠤ᠂ ᠬᠢᠵᠢᠭ ᠲᠠᠢ ᠲᠡᠮᠡᠴᠡᠬᠦ ︽ᠪᠣᠯᠣᠳ | ᠲᠡᠮᠦᠷ ᠰᠡᠷᠭᠡᠶᠢᠯᠡᠯᠲᠡ ᠶᠢᠨ ᠱᠤᠭᠤᠮ︾ ᠢ ᠴᠣᠭᠴᠠᠯᠠᠪᠠ᠃ | ᠨᠢᠭᠡ ᠵᠢᠯ ᠤᠨ ᠲᠤᠷᠰᠢ᠂ ᠪᠢᠳᠡ ᠪᠠᠲᠤᠯᠠᠬᠤ ᠪᠠᠷ ᠲᠣᠭᠲᠠᠭᠤᠨ ᠢ ᠠᠬᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠵᠤ᠂ ᠠᠵᠤ ᠠᠬᠤᠢ ᠰᠥᠷᠭᠡᠦ ᠨᠡᠮᠡᠭᠳᠡᠯ ᠢ ᠪᠡᠶᠡᠯᠡᠭᠦᠯᠪᠡ᠃ ᠡᠳ᠋ ᠤᠨ ᠵᠠᠰᠠᠭ ᠤᠨ ᠪᠡᠯᠡ | ᠮᠥᠩᠭᠦ ᠶᠢ ᠰᠢᠭᠤᠳ ᠬᠦᠷᠭᠡᠬᠦ ᠲᠣᠭᠲᠠᠴᠠ ᠪᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 1.2 ᠳ᠋ᠦᠩᠰᠢᠭᠤᠷ ᠲᠥᠭᠦᠷᠢᠭ ᠤᠨ | ᠲᠥᠪ ᠤᠨ ᠬᠢᠵᠢᠭ ᠲᠠᠢ ᠲᠡᠮᠡᠴᠡᠬᠦ ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠦᠨᠳᠦᠰᠦᠨ | ᠱᠠᠲᠤᠨ ᠳᠤ ᠰᠢᠭᠤᠳ ᠬᠦᠷᠭᠡᠵᠦ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠪᠡ᠃ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠶᠢᠯᠢ ᠰᠦᠢᠳᠬᠡᠯ ᠢ ᠨᠡᠶᠢᠲᠡ 3149 ᠲᠦᠮᠡᠨ ᠲᠥᠭᠦᠷᠢᠭ | ᠬᠥᠩᠭᠡᠯᠡᠵᠦ ᠪᠠᠭᠤᠷᠠᠭᠤᠯᠪᠠ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠡᠩ ᠲᠡᠷᠢᠭᠦᠨ ᠳᠤ | ᠪᠥᠬᠦ ᠠᠶᠢᠮᠠᠭ ᠲᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠪᠡ᠃ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 11.5 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 84 % ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 1.86 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ | ᠲᠥᠰᠦᠪ ᠤᠨ 116.2 % ᠢ ᠪᠡᠶᠡᠯᠡᠭᠦᠯᠵᠦ᠂ 47.4 % ᠪᠠᠷ ᠨᠡᠮᠡᠭᠳᠡᠪᠡ᠃ ᠬᠤᠲᠠ ᠪᠠᠯᠭᠠᠰᠤ ᠪᠠ ᠬᠥᠳᠡᠭᠡ | ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠣᠰ ᠲᠣᠰ ᠠᠳᠠᠯᠢ ᠬᠤᠭᠤᠴᠠᠭᠠᠨ ᠤ ᠬᠢ ᠠᠴᠠ 3.4 %᠂ 8.4 % ᠪᠠᠷ ᠨᠡᠮᠡᠭᠳᠡᠪᠡ᠃ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠳᠠᠬᠢ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠪᠠ ᠣᠯᠠᠨ ᠲᠦᠮᠡᠨ ᠤ ᠦᠨᠳᠦᠰᠦᠨ | ᠵᠦᠢᠯ ᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 2.96 % ᠶᠢᠨ ᠳᠣᠲᠣᠷ᠎ᠠ ᠬᠢᠵᠠᠭᠠᠷᠯᠠᠵᠤ᠂ ᠣᠷᠣᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠳᠡᠭᠡᠷ᠎ᠡ ᠵᠢᠯ ᠤᠨ ᠬᠢ ᠲᠠᠢ ᠲᠡᠩᠴᠡᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠤᠷᠢᠳ ᠡᠮᠦᠨ᠎ᠡ ᠭᠠᠷᠤᠭ᠎ᠠ ᠦᠭᠡᠢ ᠰᠢᠯᠭᠠᠯᠲᠠ ᠶᠢ ᠲᠤᠭᠤᠯᠪᠠ᠃ | ᠨᠢᠭᠡ ᠵᠢᠯ ᠤᠨ ᠲᠤᠷᠰᠢ᠂ ᠪᠢᠳᠡ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠦᠷ᠎ᠡ ᠪᠦᠲᠦᠮᠵᠢ ᠨᠡᠩ | ᠭᠦᠢᠴᠡᠳ ᠪᠣᠯᠵᠠᠢ᠃ 5754 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠥᠩᠭᠦᠨ ᠭᠦᠢᠯᠭᠡᠭᠡᠨ ᠤ | ᠶᠠᠳᠠᠭᠤ ᠶᠢ ᠲᠡᠳᠬᠦᠬᠦ ᠵᠢᠭᠡᠯᠡᠯᠭᠡ 1270 ᠲᠦᠮᠡᠨ ᠲᠥᠭᠦᠷᠢᠭ᠂ ᠠᠵᠤ ᠦᠢᠯᠡᠰ ᠤᠨ ᠵᠢᠭᠡᠯᠡᠯᠭᠡ 797 ᠲᠦᠮᠡᠨ | ᠲᠥᠭᠦᠷᠢᠭ ᠲᠠᠷᠬᠠᠭᠠᠪᠠ᠃ ᠲᠢᠶᠠᠨ ᡂᠢ ᠪᠠᠯᠭᠠᠰᠤᠨ ᠤ ᠭᠡᠷᠡᠯ ᠲᠦᠪᠯᠡᠷᠡᠬᠦᠯᠦᠨ ᠢᠯᠴᠢ ᠲᠥᠪᠯᠡᠷᠡᠭᠦᠯᠬᠦ ᠬᠦᠯᠡᠮᠵᠢ᠂ | ᠡᠦ ᠴᠠ ᠭᠸᠦ ᠪᠠᠯᠭᠠᠰᠤᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ︵ᠨᠢᠭᠡᠳᠦᠭᠡᠷ ᠬᠤᠭᠤᠴᠠᠭ᠎ᠠ︶ | ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠠᠮᠢ | ᠠᠬᠤᠶ ᠪᠠᠷ ᠶᠠᠳᠠᠭᠤ ᠶᠢ ᠲᠡᠳᠬᠦᠬᠦ ᠪᠠ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠢᠯᠡᠳᠲᠡ | ᠦᠷ᠎ᠡ ᠪᠦᠲᠦᠮᠵᠢ ᠣᠯᠵᠤ᠂ 400 ᠭᠠᠷᠤᠶ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ | ᠦᠷᠭᠦᠯᠵᠢᠯᠡᠨ ᠨᠡᠮᠡᠭᠳᠡᠪᠡ᠃ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ ᠶᠢ ᠠᠬᠢᠭᠤᠯᠵᠤ᠂ 356 ᠶᠠᠳᠠᠭᠤ ᠬᠦᠴᠢᠷᠳᠡᠯᠲᠡᠶ ᠣᠯᠠᠨ ᠲᠦᠮᠡᠨ ᠤ | ᠠᠵᠢᠯ ᠣᠯᠭᠤᠯᠲᠠ ᠶᠢ ᠪᠡᠶᠡᠯᠡᠭᠦᠯᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠢᠯᠡᠷᠬᠡᠢ | ᠪᠠᠶᠢᠵᠤ᠂ ᠰᠢᠶᠠᠩ ᠰᠢᠶᠠᠩ ᠤᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ | ᠬᠢᠵᠠᠭᠠᠷᠲᠤ ᠺᠣᠮᠫᠠᠨᠢ 2300 ᠭᠠᠷᠤᠢ ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠨᠤᠷᠮ᠎ᠠ ᠶᠢ ᠪᠡᠶᠡᠯᠡᠭᠦᠯᠪᠡ᠃ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠦᠨᠳᠦᠰᠦᠨ | ᠵᠦᠢᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ︔ ︽ ᠤᠨᠤᠴᠠᠳᠠᠢ | ᠶᠠᠳᠠᠭᠤ ᠶᠢ ᠲᠡᠳᠬᠦᠬᠦ ᠮᠥᠩᠭᠦ︾ ᠶᠢᠨ ᠳᠦᠷᠢᠮ ᠢ ᠪᠠᠶᠢᠭᠤᠯᠵᠤ᠂ ᠶᠠᠳᠠᠭᠤᠷᠠᠬᠤ ᠪᠠ ᠠᠮᠠᠷᠬᠠᠨ ᠶᠠᠳᠠᠭᠤᠷᠠᠬᠤ | ᠬᠦᠮᠦᠰ ᠢ ᠪᠦᠲᠦᠮᠵᠢᠲᠡᠢ ᠪᠠᠲᠤᠯᠠᠪᠠ᠃ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠵᠤ᠂ ᠠᠶᠤᠯᠭᠦᠢ | ᠤᠤᠭᠤᠬᠤ ᠤᠰᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠵᠢᠯ ᠤᠨ ᠶᠡᠷᠦᠩᠬᠡᠶ ᠠᠩᠭᠢ ᠲᠦᠢᠯ ᠤᠨ ᠣᠨᠣᠪᠴᠢᠲᠠᠶ | ᠵᠢᠯᠣᠭᠤᠳᠴᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠰᠢᠭᠤᠳ | ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠢᠴᠢ ᠡᠯ᠎ᠡ ᠲᠥᠷᠥᠯ ᠤᠨ ᠨᠡᠶᠢᠭᠡᠮ ᠤᠨ | ᠬᠠᠪᠰᠤᠷᠤᠨ ᠲᠡᠳᠬᠦᠬᠦ ᠠᠵᠢᠯ ᠳᠤ ᠨᠡᠶᠢᠲᠡ 3500 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠪᠠ᠃ | ᠶᠠᠳᠠᠭᠤ ᠠᠴᠠ ᠠᠩᠭᠢᠵᠢᠷᠠᠭᠠᠳᠤᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ | ᠪᠡᠶᠡᠯᠡᠬᠦᠯᠵᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ 800 ᠭᠠᠷᠤᠢ ᠲᠦᠮᠡᠨ ᠲᠥᠭᠦᠷᠢᠭ ᠤᠨ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠲᠠᠯᠪᠢᠵᠤ᠂ ᠡᠦ ᠴᠠ ᠭᠸᠤ ᠪᠠᠯᠭᠠᠰᠤ ᠶᠢᠨ ᠨᠢᠦ ᠹᠧᠨ ᠲᠠᠢ | ᠲᠣᠰᠬᠤᠨ᠂ ᠪᠠᠢ ᠯᠠᠩ ᠪᠠᠯᠭᠠᠰᠤ ᠶᠢᠨ ᠯᠦ ᠼᠦᠨ ᠲᠣᠰᠬᠤᠨ ᠪᠣᠯᠤᠨ ᠮᠢᠩ ᠱᠦᠢ ᠾᠧ ᠪᠠᠯᠭᠠᠰᠤ ᠶᠢᠨ ᠰᠢ ᠺᠸᠦ | ᠲᠣᠰᠬᠤᠨ ᠠᠶᠢᠮᠠᠭ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠲᠠᠭᠤᠷᠢᠶᠠᠯᠳᠤ | ᠲᠣᠰᠬᠤᠨ ᠢᠶᠠᠷ ᠵᠥᠪᠰᠢᠶᠡᠷᠡᠭᠳᠡᠵᠦ᠂ ᠪᠠᠢ ᠯᠠᠩ ᠪᠠᠯᠭᠠᠰᠤ ᠶᠢᠨ ᠤᠢ ᠶᠢᠨ ᠢᠷᠭᠡᠳ ᠤᠨ ᠵᠠᠩ ᠠᠭᠠᠯᠢ ᠶᠢᠨ | ᠲᠣᠰᠬᠤᠨ ᠤᠯᠤᠰ ᠤᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ ᠢᠶᠠᠷ | ᠰᠣᠩᠭᠤᠭᠳᠠᠪᠠ᠃ | ᠨᠢᠭᠡ ᠵᠢᠯ ᠤᠨ ᠲᠤᠷᠰᠢ᠂ ᠪᠢᠳᠡ ᠵᠤᠭᠠᠴᠠᠯ ᠤᠨ ᠲᠥᠯᠥᠭᠡ ᠵᠢᠳᠬᠦᠵᠦ᠂ ᠤᠯᠠᠨ ᠦᠢᠯᠡᠰ ᠢ ᠵᠡᠷᠭᠡ ᠪᠠᠷ | ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠪᠡ᠃ ᠬᠢᠩᠭᠠᠨ ᠤᠪᠤᠭ᠎ᠠ ᠥᠷᠲᠡᠭᠡ᠂ ᠲᠤᠯᠠᠷ ᠥᠷᠲᠡᠭᠡ᠂ ᠰᠢ ᠺᠸᠦ ᠲᠣᠰᠬᠤᠨ ᠤ ᠠᠷᠠᠳ ᠤᠨ | ᠪᠠᠭᠤᠳᠠᠯ᠂ ᠶᠠᠫᠣᠨ ᠴᠡᠷᠢᠭ ᠤᠨ ᠷᠠᠰᠢᠶᠠᠨ ᠢ ᠲᠦᠷᠢᠮᠡᠬᠡᠶᠢᠯᠡᠭᠰᠡᠨ ᠲᠡᠦᠬᠡ ᠶᠢᠨ ᠪᠣᠳᠠᠲᠤ ᠦᠵᠡᠭᠦᠯᠭᠡ ᠶᠢᠨ ᠣᠷᠳᠣᠨ | ᠵᠡᠷᠭᠡ ᠲᠥᠷᠥᠯ ᠵᠦᠢᠯ ᠢ ᠪᠠᠶᠢᠭᠤᠯᠪᠠ᠃ ︽ ᠨᠠᠢᠮᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ︾ ᠰᠢᠷᠢᠰ | ᠠᠵᠢᠯᠯᠠᠭ᠎ᠠ ᠶᠢ ᠥᠷᠨᠢᠭᠦᠯᠵᠦ᠂ ᠬᠤᠷᠴᠠ ᠤᠯᠠᠭᠠᠨ ᠴᠡᠴᠡᠭ ᠤᠨ ᠪᠠᠶᠠᠷ᠂ ᠠᠷᠢᠭᠤᠨ ᠤᠰᠤᠨ ᠤ ᠪᠠᠶᠠᠷ᠂ ᠮᠥᠰᠥ | ᠴᠠᠰᠤᠨ ᠤ ᠪᠠᠶᠠᠷ᠂ ᠪᠢᠴᠢᠯ ᠸᠢᠳᠢᠣ᠋ ᠰᠡᠭᠦᠳᠡᠷᠯᠡᠬᠦ ᠤᠷᠤᠯᠳᠤᠭᠠᠨ ᠵᠡᠷᠭᠡ ᠪᠠᠶᠠᠷ ᠳᠤᠷᠠᠰᠬᠠᠯ ᠤᠨ ᠡᠳᠦᠷ ᠤᠨ | ᠤᠷᠤᠯᠳᠤᠭᠠᠨ ᠢ ᠡᠷᠭᠢᠯᠡᠵᠦ᠂ ᠮᠢᠩᠭ᠎ᠠ ᠲᠦᠮᠡᠨ ᠪᠠᠭ᠋ᠠᠳᠤᠨ ᠪᠢᠰᠢᠷᠡᠭᠴᠢᠳ ᠤᠨ ᠲᠠᠰ ᠤᠨ ︽ᠰᠦᠯᠵᠢᠶᠡᠨ ᠤ | ᠴᠤᠤᠲᠠᠨ︾ ᠤ ᠷᠠᠰᠢᠶᠠᠨ ᠢᠶᠠᠷ ᠬᠦᠷᠴᠦ ᠮᠠᠲ᠋ᠧᠷᠢᠶᠠᠯ ᠴᠤᠭᠯᠠᠭᠤᠯᠤᠨ ᠰᠢᠭᠤᠳ ᠨᠡᠪᠲᠡᠷᠡᠭᠦᠯᠭᠡ ᠬᠢᠵᠡᠢ᠃ | ᠷᠠᠰᠢᠶᠠᠨ ᠠᠴᠠ ᠬᠠᠩᠵᠧᠦ ᠬᠦᠷᠬᠦ ᠵᠤᠭᠠᠴᠠᠯ ᠤᠨ ᠠᠭᠠᠷ ᠤᠨ ᠱᠤᠭᠤᠮ ᠢ ᠨᠡᠪᠲᠡᠷᠡᠭᠦᠯᠵᠦ᠂ ︽ᠷᠠᠰᠢᠶᠠᠨ︾ | ᠨᠡᠷᠡᠮᠵᠢᠲᠦ ᠰᠣᠶᠣᠯ ᠵᠤᠭᠠᠴᠠᠯ ᠤᠨ ᠭᠠᠯᠲᠤ ᠲᠡᠷᠭᠡ ᠶᠢ ᠠᠩᠬ᠎ᠠ ᠨᠡᠭᠡᠭᠡᠨ ᠬᠥᠭᠵᠢᠭᠦᠯᠪᠡ᠃ ᠵᠤᠭᠠᠴᠠᠯ ᠤᠨ ᠱᠠᠩᠨᠠᠯ | ᠨᠥᠬᠦᠪᠥᠷᠢ ᠶᠢᠨ ᠪᠠᠯᠠ ᠮᠥᠩᠭᠦ ᠶᠢ 3990 ᠲᠦᠮᠡᠨ ᠲᠥᠭᠦᠷᠢᠭ ᠲᠠᠷᠬᠠᠭᠠᠵᠤ᠂ ᠵᠤᠭᠠᠴᠠᠯ ᠤᠨ ᠠᠵᠢᠯ | ᠲᠥᠷᠥᠯ ᠤᠨ ᠭᠤᠤᠯ ᠴᠣᠭᠴᠠ ᠶᠢᠨ ᠬᠥᠭᠵᠢᠯᠲᠡ ᠶᠢᠨ ᠢᠲᠡᠭᠡᠯ ᠵᠣᠷᠢᠭ ᠨᠠᠩ ᠴᠢᠩᠭᠠᠷᠠᠪᠠ᠃ ᠪᠦᠬᠦ ᠵᠢᠯ ᠳᠤ | ᠵᠤᠭᠠᠴᠠᠬᠰᠠᠳ ᠢ 260 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ 26 ᠳ᠋ᠦᠩᠰᠢᠭᠤᠷ ᠲᠥᠭᠦᠷᠢᠭ ᠤᠨ | ᠣᠷᠣᠯᠭ᠎ᠠ ᠣᠯᠪᠠ᠃ ᠢᠷᠪᠢᠰ ᠲᠣᠰᠬᠤᠨ ᠤ ᠪᠦ᠋ ᠯᠢᠦ ᠺᠧ ᠲᠣᠭᠲᠠᠮᠠᠯ ᠳᠤᠯᠠᠭᠠᠨ ᠬᠠᠳᠠᠭᠠᠯᠠᠬᠤ ᠬᠥᠮᠥᠷᠭᠡ ᠶᠢ | ᠪᠠᠶᠢᠭᠤᠯᠤᠨ ᠬᠡᠷᠡᠭᠯᠡᠪᠡ᠃ ᠮᠢᠩ ᠱᠦᠶ ᠾᠧ ᠪᠠᠯᠭᠠᠰᠤᠨ ᠤ ᠰᠢᠨ᠎ᠡ ᠡᠭᠦᠯᠳᠡᠷ ᠤᠨ ᠰᠢᠯᠢᠮᠳᠡᠭ᠂ ᠲᠢᠶᠠᠨ ᡂᠢ | ᠪᠠᠯᠭᠠᠰᠤᠨ ᠤ ᠬᠢᠲᠠᠳ ᠡᠪᠡᠰᠦᠨ ᠡᠮ ᠢ ᠰᠢᠨᠵᠢᠯᠡᠬᠦ ᠤᠬᠠᠭᠠᠨᠴᠢ ᠪᠠᠷ ᠳᠠᠷᠢᠬᠤ ᠪᠠ ᠪᠦ᠋ ᠯᠢᠤ ᠺᠧ ᠶᠢᠨ ᠭᠠᠷᠤᠯᠲᠠ | ᠪᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠳᠡᠯᠭᠡᠷᠡᠭᠦᠯᠬᠦ ᠲᠥᠷᠥᠯ ᠵᠦᠢᠯ ᠯᠠᠪᠳᠠᠭᠤᠨ ᠢᠶᠠᠷ ᠠᠭᠢᠵᠤ᠂ ᠪᠦ᠋ ᠯᠢᠤ | ᠺᠧ᠂ ᠬᠠᠷ᠎ᠠ ᠳᠠᠯᠳᠠᠤ 2020 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠰ ᠲᠤ ᠣᠷᠣᠪᠠ᠃ ᠢᠯᠢ ᠶᠢᠨ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠤᠨ | ᠥᠭᠡᠷᠡᠴᠢᠯᠡᠯᠲᠡ ᠪᠠ ᠶᠦᠨ ᠯᠦ ᠤᠰᠤᠨ ᠤ ᠦᠢᠯᠡᠰ ᠤᠨ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ | ᠱᠤᠭᠤᠮ ᠤᠨ ᠲᠥᠷᠥᠯ ᠵᠦᠢᠯ ᠢ ᠪᠡᠶᠡᠯᠡᠭᠦᠯᠵᠦ᠂ ᠤᠰᠤᠨ ᠤ ᠠᠵᠦ ᠦᠢᠯᠡᠰ ᠤᠨ ᠶᠡᠷᠦᠩᠬᠡᠶ ᠦᠢᠯᠡᠳᠬᠦᠨ ᠤ | ᠥᠷᠲᠡᠭ 4345 ᠲᠦᠮᠡᠨ ᠲᠥᠭᠦᠷᠢᠭ ᠲᠤ ᠬᠥᠷᠪᠡ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠶ ᠳᠤ ᠰᠠᠭᠤᠷᠢᠯᠠᠨ᠂ ᠨᠠᠷᠢᠯᠢᠭ ᠪᠠᠶᠢᠭᠤᠯᠤᠨ ᠴᠢᠩᠭ᠎ᠠ ᠬᠠᠮᠢᠶᠠᠷᠴᠤ | ᠂ ᠬᠤᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ ᠪᠠᠶᠢᠭᠠᠯᠢ ᠶᠢᠨ ᠣᠶ ᠶᠢ ᠬᠠᠮᠠᠭᠠᠯᠠᠬᠤ᠂ ︽ᠭᠤᠷᠪᠠᠨ | ᠤᠮᠠᠷᠠᠲᠤ︾ ᠶᠢᠨ ᠬᠠᠯᠬᠠᠪᠴᠢ ᠣᠶ ᠪᠣᠯᠤᠨ ᠲᠠᠷᠢᠶᠠᠯᠠᠬᠤ ᠪᠠᠨ ᠵᠤᠬᠰᠤᠵᠦ ᠣᠶ ᠮᠣᠳᠣ ᠲᠠᠷᠢᠬᠤ ᠵᠡᠷᠭᠡ ᠠᠮᠢ | ᠠᠬᠤᠶ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠶᠡᠭᠡ ᠬᠢᠩᠭᠠᠨ ᠳᠠᠪᠠᠭ᠎ᠠ ᠬᠢᠭᠡᠳ ᠡᠷᠭᠢᠨ ᠲᠣᠭᠤᠷᠢᠨ ᠤ | ᠭᠠᠵᠠᠷ ᠣᠷᠣᠨ ᠤ ᠲᠠᠷᠢᠶᠠᠯᠠᠬᠤ ᠪᠠᠨ ᠵᠤᠬᠰᠤᠵᠦ ᠣᠶ ᠮᠣᠳᠣ ᠲᠠᠷᠢᠬᠤ ᠶᠢ 5 ᠲᠦᠮᠡᠨ ᠮᠦ ᠪᠡᠶᠡᠯᠡᠬᠦᠯᠵᠡᠢ᠃ ᠠᠮᠢ | ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠥᠭᠬᠦ᠂ ︽ ᠴᠤᠶᠢᠪᠠᠯᠰᠠᠩ ᠬᠤᠳᠠ ᠪᠤᠯᠤᠨ ᠷᠠᠰᠢᠶᠠᠨ ᠬᠤᠳᠠ | ︾ ᠶᠢᠨ ᠰᠠᠭᠤᠷᠢᠨ ᠭᠠᠵᠠᠷ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠵᠡᠷᠭᠡ ᠲᠤᠰᠬᠠᠶ ᠵᠦᠢᠯ ᠤᠨ ᠪᠠᠯᠠ ᠮᠥᠩᠭᠦ ᠶᠢ 2293 ᠲᠦᠮᠡᠨ ᠲᠥᠭᠦᠷᠢᠭ ᠤᠯᠬᠤ ᠪᠠᠷ ᠴᠢᠷᠮᠠᠶᠢᠵᠠᠢ᠃ | ᠢ ᠶᠤᠸᠠᠨ ᠢᠯᠴᠢ ᠶᠢᠨ ᠬᠦᠴᠦᠨ ᠤ ᠺᠣᠮᠫᠠᠨᠢ᠂ ᠪᠠᠢ ᠯᠠᠩ ᠳᠤᠯᠠᠭᠠᠯᠠᠭ᠎ᠠ ᠶᠢᠨ ᠥᠷᠲᠡᠭᠡᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠨᠡᠭᠦᠷᠡᠰᠦ ᠰᠢᠲᠠᠭᠠᠬᠤ | ᠵᠢᠵᠢᠭ ᠵᠤᠤᠬ᠎ᠠ ᠶᠢ ᠵᠣᠭᠰᠣᠭᠠᠬᠤ ᠵᠢᠴᠢ ᠳᠠᠪᠠᠭᠠᠨ ᠤ ᠡᠮᠦᠨᠡᠬᠢ ᠭᠤᠷᠪᠠᠨ ᠪᠠᠯᠭᠠᠰᠤᠨ ᠤ ᠬᠤᠭ ᠨᠣᠪᠰᠢ ᠶᠢ | ᠠᠷᠢᠯᠭᠠᠬᠤ ᠵᠤᠤᠬ᠎ᠠ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ 17 ᠲᠥᠷᠥᠯ ᠵᠦᠢᠯ ᠢ ᠪᠦᠬᠦᠨ ᠢ ᠪᠡᠶᠡᠯᠡᠭᠦᠯᠪᠡ᠃ | ᠮᠡᠯᠡᠬᠡᠢ ᠶᠢᠨ ᠭᠤᠤ ᠠᠴᠠ ᠷᠠᠰᠢᠶᠠᠨ ᠵᠠᠯᠠᠨ ᠠᠶᠢᠯ ᠬᠦᠷᠬᠦ ᠵᠠᠰᠠᠮᠠᠯ ᠵᠠᠮ᠂ ᠣᠯᠠᠨ ᠪᠤᠷᠬᠠᠨ ᠠᠴᠠ ᠪᠠᠢ ᠯᠠᠩ ᠬᠦᠷᠬᠦ | ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠲᠡᠷᠡᠵᠡᠢ᠃ ︽ᠭᠤᠷᠪᠠᠨ ᠣᠷᠣᠨ︾ ᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠥᠬᠦ ᠲᠠᠯ᠎ᠠ ᠪᠠᠷ ᠡᠬᠢᠯᠡᠪᠡ᠃ ᠢᠷᠪᠢᠰ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠱᠧᠩ | ᠢᠦᠢ ᠴᠡᠴᠡᠷᠯᠢᠭ ᠵᠡᠷᠭᠡ 23 ᠲᠥᠷᠥᠯ ᠵᠦᠢᠯ ᠢ ᠬᠡᠷᠡᠭᠵᠢᠭᠦᠯᠵᠦ᠂ ᠸᠧᠨᠴᠢᠤᠸᠠᠨ ᠵᠡᠭᠡᠯᠢ ᠪᠠᠷ ᠲᠥᠪᠯᠡᠷᠡᠭᠦᠯᠦᠨ | ᠢᠯᠴᠢ ᠬᠠᠩᠭᠠᠬᠤ ᠨᠢᠭᠡᠳᠦᠭᠡᠷ ᠬᠤᠭᠤᠴᠠᠭ᠎ᠠ᠂ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠲᠣᠣᠷ ᠢ | ᠥᠭᠡᠷᠡᠴᠢᠯᠡᠬᠦ ᠵᠡᠷᠭᠡ 15 ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠡᠶᠡᠯᠡᠭᠦᠯᠵᠦ᠂ ᠬᠤᠲᠠ ᠪᠠᠯᠭᠠᠰᠤᠨ ᠤ | ᠶᠡᠷᠦᠩᠭᠡᠢ ᠳᠠᠭᠠᠭᠠᠴᠠ ᠢᠯᠡᠳᠲᠡ ᠳᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠲᠤᠪᠤᠶᠢᠯᠭᠠᠨ᠂ ᠬᠥᠮᠦᠨ ᠢᠶᠠᠷ ᠦᠨᠳᠦᠰᠦ | ᠪᠣᠯᠭᠠᠵᠤ᠂ ᠤᠯᠠᠨ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠪᠠ᠃ 3600 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠨᠢᠭᠡᠳᠦᠭᠡᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠵᠡᠷᠭᠡ 7 ᠰᠤᠷᠭᠠᠨ ᠬᠥᠮᠦᠵᠢᠯ ᠤᠨ | ᠰᠠᠭᠤᠷᠢ ᠲᠤᠨᠤᠭ ᠲᠦᠬᠦᠭᠡᠷᠦᠮᠵᠢ ᠶᠢᠨ ᠲᠥᠷᠥᠯ ᠵᠦᠢᠯ ᠢ ᠬᠡᠷᠡᠭᠵᠢᠭᠦᠯᠪᠡ᠃ ᠪᠠᠶᠢᠭᠠᠯᠢ ᠶᠢᠨ ᠰᠤᠷᠭᠠᠨ ᠬᠥᠮᠦᠵᠢᠯ ᠤᠨ | ᠰᠤᠳᠤᠯᠭᠠᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠰᠤᠳᠤᠯᠤᠨ ᠰᠤᠷᠤᠯᠴᠠᠵᠦ ᠪᠡᠶᠡᠴᠢᠯᠡᠨ ᠣᠶᠢᠯᠠᠭᠠᠬᠤ | ᠬᠢᠴᠢᠶᠡᠯ ᠤᠨ ᠭᠡᠷ ᠢ 7 ᠪᠠᠶᠢᠭᠤᠯᠵᠤ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠫᠠᠶᠢᠰᠠ ᠡᠯᠭᠦᠨ ᠪᠠᠶᠢᠭᠤᠯᠪᠠ᠃ 977 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠢᠩ ᠱᠦᠢ ᠾᠧ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ | ᠬᠤᠲᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠪᠡ᠃ ︽ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ︵ | 2019 2023︶︾ ᠶᠢ ᠨᠠᠶᠢᠷᠠᠭᠤᠯᠤᠨ ᠵᠣᠬᠢᠶᠠᠵᠤ᠂ ᠳᠥᠷᠪᠡᠨ ᠪᠠᠯᠭᠠᠰᠤᠨ ᠤ ᠮᠣᠩᠭᠤᠯ ᠬᠢᠲᠠᠳ ᠡᠮᠨᠡᠯᠭᠡ ᠶᠢᠨ | ᠣᠷᠳᠣᠨ ᠢ ᠠᠰᠢᠭᠯᠠᠯᠲᠠ ᠳᠤ ᠣᠷᠣᠭᠤᠯᠤᠨ᠂ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠪᠦᠬᠦ ᠲᠠᠯ᠎ᠠ ᠪᠠᠷ | ᠲᠡᠯᠬᠡᠷᠡᠬᠦᠯᠵᠡᠢ᠃ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ | 7703 ᠲᠦᠮᠡᠨ ᠲᠥᠭᠦᠷᠢᠭ ᠲᠠᠷᠬᠠᠭᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ | ᠨᠥᠬᠦᠪᠥᠷᠢ ᠶᠢ 4693 ᠲᠦᠮᠡᠨ ᠲᠥᠭᠦᠷᠢᠭ᠂ ᠦᠢᠯᠡᠰ ᠪᠤᠰᠬᠠᠬᠤ ᠪᠠᠭ᠎ᠠ ᠲᠣᠭᠠᠨ ᠤ ᠪᠠᠲᠤᠯᠠᠭᠠᠲᠤ ᠵᠢᠭᠡᠯᠡᠯᠭᠡ | ᠶᠢ 860 ᠲᠦᠮᠡᠨ ᠲᠥᠭᠦᠷᠢᠭ ᠲᠠᠷᠬᠠᠭᠠᠵᠤ᠂ ᠡᠯ᠎ᠡ ᠲᠥᠷᠥᠯ ᠤᠨ ᠬᠦᠴᠢᠷᠳᠡᠯᠲᠡᠢ ᠬᠥᠮᠦᠰ ᠢ ᠪᠦᠲᠦᠮᠵᠢᠲᠡᠢ | ᠠᠪᠤᠷᠠᠨ ᠲᠤᠰᠠᠯᠠᠵᠤ᠂ ᠦᠢᠯᠡᠰ ᠪᠤᠰᠬᠠᠬᠤ ᠠᠵᠢᠯ ᠣᠯᠭᠤᠬᠤ ᠶᠢ ᠠᠬᠢᠭᠤᠯᠪᠠ᠃ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠷᠠᠰᠢᠶᠠᠨ ᠤ ᠺᠢᠨᠣ᠋ ᠶᠢᠨ | ᠣᠷᠳᠣᠨ ᠢ ᠵᠢᠩᠬᠢᠨᠢ ᠪᠠᠷ ᠨᠡᠭᠡᠭᠡᠪᠡ᠃ ᠪᠠᠢ ᠯᠠᠩ ᠪᠠᠯᠭᠠᠰᠤᠨ ᠤ ᠣᠢ ᠰᠢᠭᠤᠢ ᠶᠢᠨ ᠰᠣᠶᠣᠯ ᠤᠨ ᠠᠵᠤ ᠦᠢᠯᠡᠰ ᠤᠨ | ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ | ᠲᠡᠳᠬᠦᠵᠦ ᠠᠵᠢᠯ ᠣᠯᠭᠤᠬᠤ ᠦᠢᠯᠡᠳᠬᠡᠯ ᠤᠨ ᠭᠠᠵᠠᠷ ᠢᠶᠠᠷ ᠵᠥᠪᠰᠢᠶᠡᠷᠡᠭᠳᠡᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠶᠢ ᠠᠬᠢᠭᠤᠯᠵᠤ᠂ | ᠬᠥᠭᠵᠢᠯᠲᠡ ᠶᠢᠨ ᠬᠥᠳᠡᠯᠭᠡᠬᠦ ᠬᠦᠴᠦᠨ ᠢᠯᠡᠳᠲᠡ ᠴᠢᠩᠭᠠᠷᠠᠪᠠ᠃ ᠬᠤᠲᠠ᠂ ᠪᠠᠯᠭᠠᠰᠤ ᠬᠤᠶᠠᠷ ᠱᠠᠲᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠪᠠ ︽ᠳᠥᠷᠪᠡᠨ ᠠᠯᠪᠠᠨ ᠭᠡᠷ︾ ᠤᠨ ᠵᠦᠢᠯᠡᠰ ᠤᠨ ᠭᠠᠷᠴᠠᠭ ᠢ ᠰᠢᠨ᠎ᠡ ᠪᠠᠷ | ᠨᠠᠶᠢᠷᠠᠭᠤᠯᠤᠨ ᠵᠤᠬᠢᠶᠠᠪᠠ᠃ ᠨᠢᠭᠡ ᠴᠣᠭᠴᠠᠵᠢᠭᠤᠯᠤᠭᠰᠠᠨ ᠲᠠᠪᠴᠠᠩ ᠤᠨ ᠵᠦᠢᠯᠡᠰ ᠤᠨ ᠨᠠᠷᠢᠨ ᠬᠠᠭᠤᠳᠠᠰᠤ ᠶᠢ | ᠳᠠᠪᠲᠠᠨ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠪᠥᠬᠦ ᠬᠤᠲᠠ ᠶᠢᠨ 21 ᠴᠣᠩᠬᠤᠪᠴᠢ ᠨᠢᠬᠡᠴᠢ᠂ | 205 ᠵᠦᠢᠯ ᠤᠨ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠣᠷᠣᠭᠤᠯᠪᠠ᠃ ᠠᠵᠤ | ᠠᠬᠤᠶᠢᠯᠠᠯ ᠡᠷᠭᠢᠯᠡᠨ ᠪᠠᠶᠢᠭᠤᠯᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ᠠᠵᠤ | ᠠᠬᠤᠶᠢᠯᠠᠯ ᠤᠨ ᠠᠭᠤᠯᠵᠠᠬᠤ ᠥᠬᠡᠶ ᠪᠠᠷ ᠬᠢᠨᠠᠨ ᠵᠥᠪᠰᠢᠶᠡᠷᠡᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ | ᠥᠪᠡᠷᠲᠡᠭᠡᠨ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ | ︾ ᠡᠵᠡᠩᠨᠡᠯᠲᠡ ᠶᠢᠨ ᠦᠨᠡᠮᠯᠡᠯ ᠢ 658 ᠬᠤᠪᠢ ᠬᠦᠢᠴᠡᠳᠬᠡᠪᠡ᠃ ᠰᠠᠯᠠᠭ᠎ᠠ ᠮᠥᠴᠢᠷ ᠠᠯᠤᠰᠯᠠᠨ ︽ᠬᠤᠶᠠᠷ ᠢ | ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ | ᠥᠷᠨᠢᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ︾ ᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠠᠮᠢ ᠠᠬᠤᠶ ᠶᠢᠨ ᠰᠣᠶᠣᠯ ᠵᠤᠭᠠᠴᠠᠯ ᠤᠨ ᠪᠣᠭᠤᠮᠲᠠ ᠶᠢᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠤᠯᠤᠰ ᠤᠨ ᠪᠣᠭᠤᠮᠲᠠ ᠶᠢᠨ ᠠᠯᠪᠠᠨ ᠬᠡᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠪᠠ᠃ ᠪᠦᠬᠦ ᠣᠷᠣᠨ ᠳᠤ ᠡᠩ ᠲᠡᠷᠢᠭᠦᠨ ᠳᠤ ᠪᠣᠭᠤᠮᠲᠠ ᠶᠢᠨ ᠬᠠᠮᠲᠤᠷᠠᠭᠰᠠᠨ | ᠠᠵᠢᠯᠴᠢᠨ ᠤ ᠡᠪᠯᠡᠯ ᠢ ᠪᠠᠶᠢᠭᠤᠯᠵᠠᠢ᠃ 1160 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ | ᠮᠤᠩᠭᠤᠯ ᠤᠨ ᠵᠠᠬ᠎ᠠ ᠶᠢᠨ ᠠᠷᠠᠯᠵᠢᠶᠠᠨ ᠤ ᠲᠢᠩᠬᠢᠮ᠂ ᠪᠣᠭᠤᠮᠲᠠ ᠶᠢᠨ ᠳᠣᠲᠣᠭᠠᠳᠤ ᠪᠠᠷᠠᠭ᠎ᠠ ᠶᠢᠨ ᠲᠡᠭᠡᠭᠡᠪᠦᠷᠢ ᠶᠢᠨ | ᠨᠡᠪᠲᠡᠷᠡᠯ ᠵᠠᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠣᠭᠤᠮᠲᠠ ᠶᠢᠨ ᠣᠯᠠᠨ | ᠤᠯᠤᠰ ᠤᠨ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠠᠯᠬ᠎ᠠ ᠶᠢᠨ ᠤᠰᠤᠨ | ᠲᠡᠭᠡᠭᠡᠪᠦᠷᠢ ᠵᠢᠴᠢ ᠤᠰᠤᠨ ᠤ ᠠᠮᠢ ᠠᠬᠤᠢ ᠶᠢᠨ ᠰᠡᠷᠭᠦᠭᠡᠯᠲᠡ ᠵᠡᠷᠭᠡ ᠲᠥᠷᠥᠯ ᠵᠦᠢᠯ ᠢ ᠬᠡᠷᠡᠭᠵᠢᠬᠦᠯᠵᠡᠢ᠃ | ᠨᠢᠭᠡ ᠵᠢᠯ ᠤᠨ ᠲᠤᠷᠰᠢ᠂ ᠪᠢᠳᠡ ᠵᠠᠰᠠᠯᠲᠠ ᠶᠢᠨ ᠰᠢᠨ᠎ᠡ ᠶᠢ ᠡᠭᠦᠳᠴᠦ᠂ ᠬᠠᠮᠲᠤ ᠪᠠᠷ ᠵᠠᠰᠠᠵᠤ ᠬᠠᠮᠲᠤ ᠪᠠᠷ | ᠡᠳ᠋ᠯᠡᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠤᠯᠵᠠᠢ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ︽ᠠᠮᠤᠷ ᠠᠮᠤᠭᠤᠯᠠᠩ ᠷᠠᠰᠢᠶᠠᠨ︾ | ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠪᠡ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠪᠠᠳᠠᠷᠠᠭᠤᠯᠵᠤ᠂ ︽135︾ ᠴᠠᠭᠳᠠᠭᠠᠨ ᠤ ᠬᠦᠷᠢᠶ᠎ᠡ ᠠᠴᠠ ᠭᠠᠷᠬᠤ | ᠠᠵᠢᠯ ᠤᠨ ᠲᠣᠭᠲᠠᠴᠠ ᠶᠢ ᠠᠬᠢᠭᠤᠯᠵᠤ᠂ ᠡᠷᠡᠭᠦᠦ ᠶᠢᠨ ᠬᠡᠷᠡᠭ ᠤᠨ ᠠᠮᠢᠨ ᠬᠡᠷᠡᠭ ᠢ ᠵᠠᠪᠠᠯ ᠢᠯᠡᠷᠡᠭᠦᠯᠬᠦ ᠶᠢ | ᠪᠡᠶᠡᠯᠡᠭᠦᠯᠵᠦ᠂ ᠵᠠᠰᠠᠭ ᠵᠠᠬᠢᠷᠭᠠᠨ ᠤ ᠬᠡᠷᠡᠭ ᠠᠳᠠᠯᠢ ᠬᠤᠭᠤᠴᠠᠭᠠᠨ ᠤ ᠬᠢ ᠠᠴᠠ 35 % ᠪᠠᠷ ᠪᠠᠭᠤᠷᠠᠵᠤ᠂ ︽ | ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠥᠪᠡᠷᠲᠡᠭᠡᠨ ᠵᠠᠰᠠᠬᠤ ᠣᠷᠣᠨ ᠤ ︽ᠠᠷᠪᠠᠨ ᠶᠡᠭᠡ | ᠬᠠᠤᠯᠢᠵᠢᠯ ᠤᠨ ᠬᠡᠷᠡᠭ︾ ᠢ ᠢᠷᠠᠭᠤ ᠠᠯᠳᠠᠷᠲᠠᠶ ᠪᠠᠷ ᠭᠥᠷᠳᠡᠪᠡ᠃ ᠵᠠᠮ ᠬᠠᠷᠢᠯᠴᠠᠭᠠᠨ ᠤ ᠠᠮᠤᠷ ᠲᠦᠪᠰᠢᠨ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠵᠠᠮ ᠬᠠᠷᠢᠯᠴᠠᠭᠠᠨ ᠤ | ᠡ᠊ᠨᠳᠡᠯ ᠠᠳᠠᠯᠢ ᠬᠤᠭᠤᠴᠠᠭᠠᠨ ᠤ ᠬᠢ ᠠᠴᠠ 26 % ᠪᠠᠷ ᠪᠠᠭᠤᠷᠠᠪᠠ᠃ 105 ᠰᠠᠭᠤᠷᠢ ᠠᠰᠠᠷ᠂ 6091 ᠡᠷᠦᠬᠡ | ᠭᠡᠷ ᠪᠠᠶᠢᠰᠢᠩ ᠤᠨ ᠥᠮᠴᠢᠯᠡᠬᠦ ᠡᠷᠬᠡ ᠶᠢ ᠭᠦᠢᠴᠡᠳᠬᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠢᠳᠡᠭᠡᠨ ᠪᠠ | ᠡᠮ ᠤᠨ ᠵᠦᠢᠯᠡᠰ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠳᠠᠢ ᠥᠷᠨᠢᠭᠦᠯᠪᠡ᠃ | ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠤᠨ︾ ᠤ ᠲᠤᠰᠬᠠᠶ ᠠᠵᠢᠯᠯᠠᠭ᠎ᠠ ᠢᠯᠡᠳᠲᠡ | ᠦᠷ᠎ᠡ ᠪᠦᠲᠦᠮᠵᠢ ᠣᠯᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠦᠨᠡᠨ ᠬᠦ ᠬᠠᠮᠠᠭᠠᠯᠠᠪᠠ᠃ | ᠨᠢᠭᠡ ᠵᠢᠯ ᠤᠨ ᠲᠤᠷᠰᠢ᠂ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠵᠤ᠂ ᠠᠷᠢᠭᠤᠨ ᠴᠢᠬᠡᠴᠢ ᠪᠠᠷ | ᠨᠡᠶᠢᠲᠡ ᠶᠢᠨ ᠲᠥᠯᠥᠭᠡ ᠵᠢᠳᠬᠦᠵᠦ᠂ ᠠᠷᠠᠳᠴᠢᠯᠠᠯ ᠪᠠ ᠬᠠᠤᠯᠢ ᠪᠠᠷ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠪᠠ | ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠬᠤᠶᠠᠷ ᠢ ᠰᠤᠷᠤᠯᠴᠠᠵᠤ ᠨᠢᠬᠡᠨ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ | ᠭᠦᠨᠵᠡᠭᠡᠶ ᠠᠬᠢᠭᠤᠯᠵᠤ᠂ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠪᠥᠬᠦ ᠶᠠᠪᠤᠴᠠ ᠳᠤ ᠨᠠᠶᠢᠳᠠᠪᠤᠷᠢᠵᠢᠭᠤᠯᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠪᠣᠯᠤᠨ ᠣᠷᠣᠨ᠂ ᠠᠶᠢᠮᠠᠭ᠂ ᠬᠤᠲᠠ ᠶᠢᠨ ᠪᠦᠷᠢᠨ ᠲᠥᠬᠦᠷ ᠲᠣᠭᠲᠠᠭᠠᠯ ᠢ | ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ | ᠵᠠᠰᠠᠵᠤ᠂ ᠡᠯ᠎ᠡ ᠲᠥᠷᠥᠯ ᠤᠨ ᠬᠤᠷᠠᠯ ᠢ 15 % ᠪᠠᠷ ᠴᠣᠮᠬᠠᠳᠬᠠᠪᠠ᠃ ︽ᠭᠤᠷᠪᠠᠨ ᠵᠦᠢᠯ ᠤᠨ ᠠᠯᠪᠠᠨ ᠵᠠᠷᠤᠳᠠᠯ | ︾ ᠤᠨ ᠵᠠᠷᠤᠯᠭ᠎ᠠ ᠶᠢ 45 % ᠪᠠᠷ ᠪᠠᠭᠤᠷᠠᠭᠤᠯᠵᠤ᠂ ᠠᠯᠪᠠᠨ ᠲᠡᠷᠭᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠢ ᠲᠦᠷᠢᠮᠵᠢᠬᠦᠯᠦᠨ ᠬᠠᠮᠢᠶᠠᠷᠬᠤ᠂ ᠠᠷᠪᠢᠯᠠᠨ ᠭᠠᠮᠨᠠᠬᠤ | ᠬᠡᠯᠪᠡᠷᠢ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠶᠢ ᠪᠠᠷᠢᠮᠵᠢᠶ᠎ᠠ ᠳᠤ ᠬᠦᠷᠭᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠬᠦᠢᠴᠡᠳᠭᠡᠭᠰᠡᠨ ᠪᠠ ᠬᠠᠷᠢᠭᠤ ᠥᠭᠭᠦᠭᠰᠡᠨ ᠨᠣᠷᠮ᠎ᠠ 100 % ᠳᠤ ᠬᠥᠷᠪᠡ᠃ ᠳᠣᠯᠣᠳᠤᠭᠠᠷ | ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠬᠦ ᠨᠤᠷᠮ᠎ᠠ 100 % ᠳᠤ ᠬᠦᠷᠴᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠳᠦᠷᠢᠮ ᠲᠠᠰᠤᠷᠠᠯᠲᠠ ᠦᠭᠡᠢ ᠲᠡᠭᠦᠯᠳᠡᠷᠵᠢᠵᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦ ᠬᠥᠯᠥᠰᠥ ᠪᠠᠨ ᠤᠷᠤᠰᠬᠠᠨ | ᠢᠯᠭᠤᠬᠰᠠᠨ ᠠᠮᠵᠢᠯᠳᠠ ᠤᠯᠵᠦ᠂ ᠡᠷᠡᠯᠬᠡᠭᠯᠡᠨ ᠤᠷᠤᠭᠰᠢᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠴᠣ᠋ | ᠰᠢᠨ᠎ᠡ ᠰᠢᠪᠲᠤᠯᠤᠯᠲᠠ ᠲᠠᠢ ᠪᠣᠯᠪᠠ ᠃ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠪᠣᠯᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ︽ ᠲᠦᠷᠪᠡᠳᠦᠬᠡᠷ ᠤᠳᠠᠭᠠᠨ ᠤ ᠪᠦᠬᠦ ᠤᠯᠤᠰ | ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ︾ ᠶᠢᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠪᠡ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠠᠵᠢᠯ ᠢ ᠤᠷᠤᠭᠰᠢᠲᠠᠢ ᠥᠷᠨᠢᠭᠦᠯᠵᠦ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠵᠡᠮᠳᠡᠭᠴᠦᠳ ᠵᠢᠴᠢ | ᠬᠦᠴᠢᠷᠳᠡᠯ ᠲᠠᠢ ᠬᠦᠮᠦᠰ ᠤᠨ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠳᠤᠭᠤᠯᠬᠤ᠂ ᠨᠡᠶᠢᠭᠡᠮ ᠤᠨ ᠰᠢᠨᠵᠢᠯᠡᠬᠦ ᠤᠬᠠᠭᠠᠨ᠂ ᠠᠷᠠᠳ ᠤᠨ ᠠᠭᠠᠷ ᠤᠨ ᠰᠡᠷᠭᠡᠶᠢᠯᠡᠯᠲᠡ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠯᠲᠠ᠂ ᠴᠠᠭ ᠠᠭᠤᠷ ᠭᠠᠵᠠᠷ ᠬᠥᠳᠡᠯᠦᠯᠲᠡ᠂ ᠲᠡᠦᠬᠡ | ᠣᠶᠢᠯᠠᠯᠭ᠎ᠠ ᠶᠢᠨ ᠲᠠᠩᠰᠠ ᠡᠪᠬᠡᠮᠡᠯ ᠵᠡᠷᠭᠡ ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃ | ᠲᠥᠯᠥᠭᠡᠯᠡᠭᠴᠢᠳ ᠡ︕ 2020 ᠣᠨ ᠤ ᠣᠨᠴᠠᠭᠠᠶ ᠥᠩᠭᠡᠷᠡᠯᠲᠡ ᠨᠢ ᠷᠠᠰᠢᠶᠠᠨ ᠤ ᠬᠥᠭᠵᠢᠯᠲᠡ ᠶᠢᠨ | ᠠᠬᠢᠴᠠ ᠳᠤ ᠥᠩᠭᠡ ᠢᠯᠭᠠᠷᠠᠮ᠎ᠠ ᠬᠠᠭᠤᠳᠠᠰᠤ ᠶᠢ ᠪᠢᠴᠢᠭᠯᠡᠪᠡ ᠃ ︽ᠠᠷᠪᠠᠨ ᠭᠤᠷᠪᠠᠳᠤᠭᠠᠷ ᠲᠠᠪᠤᠨ ᠵᠢᠯ︾ ᠳᠤ | ᠪᠢᠳᠡ ᠰᠠᠯᠬᠢ ᠪᠣᠷᠣᠭᠠᠨ ᠢ ᠰᠦᠷᠦᠨ ᠤᠷᠤᠭᠰᠢᠯᠠᠵᠤ᠂ ᠠᠮᠵᠢᠯᠲᠠ ᠳᠦᠭᠦᠷᠡᠩ ᠴᠠᠭ ᠦᠶ᠎ᠡ ᠶᠢᠨ ᠬᠠᠷᠢᠭᠤᠯᠲᠠ ᠶᠢᠨ | ᠬᠠᠭᠤᠳᠠᠰᠤ ᠶᠢ ᠪᠢᠴᠢᠭᠯᠡᠪᠡ᠃ ᠲᠠᠪᠤᠨ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ᠂ ᠷᠠᠰᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠬᠠᠷᠠᠯᠲᠠ ᠡᠭᠦᠷᠭᠡ ᠪᠠᠷ ᠭᠤᠣᠯᠳᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ | ᠢᠯᠠᠯᠲᠠ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ︽ᠲᠢᠶᠠᠨ ᠽᠢ ᠨᠡᠷᠡᠮᠵᠢᠲᠦ︾ | ᠢᠨᠵᠧᠨᠧᠷᠢᠩ ᠤᠨ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠳᠤ ᠬᠦᠴᠦ ᠪᠠᠨ | ᠲᠥᠪᠯᠡᠷᠡᠭᠦᠯᠦᠨ ᠴᠠᠯᠠᠭᠠᠶᠢᠷᠠᠬᠤ ᠦᠭᠡᠢ ᠪᠠᠶᠢᠵᠤ᠂ ︽ᠠᠷᠠᠳ ᠤᠨ ᠠᠮᠢᠳᠤᠷᠠᠯ ᠤᠨ ᠦᠨᠳᠦᠰᠦ︾ ᠶᠢ ᠪᠠᠬᠢᠵᠢᠭᠦᠯᠵᠦ᠂ | ︽ᠤᠭ ᠰᠠᠨᠠᠭ᠎ᠠ ᠶᠢᠨ ᠠᠶᠠᠯᠠᠯ︾ ᠢ ᠪᠣᠳᠠᠲᠠᠶᠢᠵᠢᠭᠤᠯᠵᠤ᠂ ︽ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ | ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠥᠩᠭᠡᠷᠡᠭᠰᠡᠨ ᠲᠠᠪᠤᠨ ᠵᠢᠯ ᠳᠤ᠂ ᠪᠢᠳᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ | ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠬᠥᠭᠵᠢᠯᠲᠡ ᠶᠢᠨ ᠶᠠᠰᠤ ᠴᠢᠨᠠᠷ ᠢᠯᠡᠳᠲᠡ ᠴᠢᠩᠭᠠᠷᠠᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ ᠪᠠᠷ ᠳᠠᠪᠠᠯᠲᠠ ᠲᠠᠢ ᠪᠣᠯᠪᠠ᠃ ᠤᠯᠤᠰ ᠠᠷᠠᠳ ᠤᠨ ᠠᠵᠤ ᠠᠬᠤᠢ | ᠨᠡᠯᠢᠶᠡᠳ ᠲᠦᠷᠭᠡᠨ ᠬᠥᠭᠵᠢᠯᠲᠡ ᠶᠢ ᠪᠡᠶᠡᠯᠡᠭᠦᠯᠵᠦ᠂ 2020 ᠣᠨ ᠳᠤ ᠪᠦᠬᠦ ᠬᠤᠲᠠ ᠶᠢᠨ ᠣᠷᠣᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 19.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ 1.2 ᠳᠠᠬᠢᠨ ᠪᠣᠯᠪᠠ᠃ ᠠᠷᠪᠠᠨ ᠭᠤᠷᠪᠠᠳᠤᠭᠠᠷ ᠲᠠᠪᠤᠨ ᠵᠢᠯ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠣᠭᠲᠠᠮᠠᠯ ᠬᠥᠷᠥᠩᠭᠡ ᠶᠢᠨ ᠣᠷᠣᠭᠤᠯᠤᠯᠲᠠ 45.7 | ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ 1.6 ᠳᠠᠬᠢᠨ ᠪᠣᠯᠪᠠ᠃ ᠬᠤᠲᠠ ᠪᠠᠯᠭᠠᠰᠤ ᠪᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠲᠣᠰ ᠲᠣᠰ 30987 | ᠲᠥᠭᠦᠷᠢᠭ᠂ 12612 ᠲᠥᠭᠦᠷᠢᠭ ᠲᠤ ᠬᠦᠷᠴᠦ᠂ ᠲᠣᠰ ᠲᠣᠰ ᠠᠷᠪᠠᠨ ᠬᠤᠶᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ 1.4 ᠳᠠᠬᠢᠨ᠂ 1.6 ᠳᠠᠬᠢᠨ ᠪᠣᠯᠪᠠ᠃ ᠣᠷᠴᠢᠨ ᠠᠬᠤᠢ ᠶᠢ | ᠬᠠᠮᠠᠭᠠᠯᠠᠬᠤ ᠬᠡᠯᠪᠡᠷᠢ ᠶᠢᠨ ᠠᠵᠤ ᠦᠢᠯᠡᠳᠪᠦᠷᠢ ᠲᠣᠭᠲᠠᠭᠤᠨ ᠢᠶᠠᠷ ᠬᠥᠭᠵᠢᠵᠦ᠂ ᠤᠰᠤᠨ ᠭᠠᠷᠤᠯᠲᠠ ᠶᠢᠨ | ᠦᠢᠯᠡᠰ ᠤᠨ ᠦᠢᠯᠡᠳᠬᠦᠨ ᠤ ᠪᠦᠬᠦ ᠦᠷᠲᠡᠭ 2 ᠳ᠋ᠦᠩᠰᠢᠭᠤᠷ ᠲᠥᠭᠦᠷᠢᠭ ᠢ ᠳᠠᠪᠠᠪᠠ᠃ ᠣᠨᠴᠠᠯᠢᠭᠲᠤ ᠲᠠᠷᠢᠵᠤ | ᠲᠡᠵᠢᠭᠡᠬᠦ ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠵᠤ᠂ 8 ᠲᠠᠷᠢᠶᠠᠯᠠᠩ ᠤᠨ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠢ ᠣᠯᠵᠤ᠂ ︽ᠥᠪᠡᠷᠲᠡᠭᠡᠨ ᠵᠠᠰᠠᠬᠤ | ᠣᠷᠣᠨ ᠤ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠬᠢᠭᠡᠳ ᠬᠥᠳᠡᠭᠡ ᠲᠣᠰᠬᠤᠨ ᠮᠠᠯᠵᠢᠬᠤ ᠣᠷᠣᠨ ᠤ | ᠵᠤᠭᠠᠴᠠᠯ ᠤᠨ ᠵᠢᠱᠢᠶ᠎ᠡ ᠦᠵᠡᠭᠦᠯᠬᠦ ᠬᠤᠰᠢᠭᠤ ︵ᠰᠢᠶᠠᠨ︶︾ ᠪᠠᠷ ᠦᠨᠡᠯᠡᠭᠳᠡᠪᠡ᠃ ᠵᠤᠭᠠᠴᠠᠯ ᠤᠨ ᠠᠵᠤ | ᠦᠢᠯᠡᠰ ᠤᠨ ᠶᠠᠰᠤ ᠴᠢᠨᠠᠷ ᠦᠷ᠎ᠡ ᠠᠰᠢᠭ ᠵᠡᠷᠭᠡᠪᠡᠷ ᠨᠡᠮᠡᠭᠳᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠪᠦᠬᠦ ᠬᠤᠲᠠ ᠶᠢᠨ ᠵᠤᠭᠠᠴᠠᠯ ᠤᠨ ᠬᠥᠮᠦᠨ ᠤ ᠲᠤᠭ᠎ᠠ᠂ ᠵᠤᠭᠠᠴᠠᠯ ᠤᠨ ᠣᠷᠣᠯᠭ᠎ᠠ ︽ᠠᠷᠪᠠᠨ | ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ ᠠᠴᠠ ᠲᠣᠰᠪᠣᠷᠢ 3.5 ᠪᠤᠯᠤᠨ 3.2 ᠳᠠᠬᠢᠨ ᠢᠶᠠᠷ | ᠨᠡᠮᠡᠭᠳᠡᠵᠡᠢ᠃ ᠤᠷᠢᠳ ᠬᠤᠵᠢᠳ ︽ᠤᠯᠤᠰ ᠤᠨ ᠠᠮᠢ ᠠᠬᠤᠶ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ︾᠂ | ︽ᠠᠮᠢ ᠠᠬᠤᠶ ᠶᠢᠨ ᠰᠢᠰᠲ᠋ᠧᠮ ᠤᠨ ᠲᠣᠭᠠᠴᠠᠭ᠎ᠠ ᠬᠢᠬᠦ ᠰᠢᠶᠠᠨ ᠤ ᠲᠠᠰ ᠤᠨ ᠬᠤᠲᠠ︾᠂ ︽ᠤᠯᠤᠰ ᠤᠨ | ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠠᠨ︾᠂ ︽ᠬᠤᠲᠠ ᠶᠢᠨ ᠬᠤᠤᠰ ᠵᠠᠰᠠᠯᠲᠠ︾ ᠶᠢᠨ ᠲᠤᠷᠰᠢᠯᠲᠠ ᠶᠢᠨ ᠴᠡᠭ ᠤᠨ ᠬᠤᠲᠠ᠂ | ᠳᠤᠮᠳᠠᠳᠤ ᠹᠢᠨᠯᠠᠨᠳ᠋ ᠤᠨ ᠳᠤᠤᠷ᠎ᠠ ᠨᠡᠭᠦᠷᠡᠰᠦᠲᠥ᠋ᠷᠥᠭᠴᠢᠲᠦ ᠠᠮᠢ ᠠᠬᠤᠶ ᠶᠢᠨ ᠬᠤᠲᠠ ᠶᠢᠨ ᠵᠢᠱᠢᠶ᠎ᠡ ᠦᠵᠡᠭᠦᠯᠬᠦ | ᠬᠤᠲᠠ ᠶᠢᠨ ᠡᠩᠨᠡᠭᠡᠨ ᠳᠤ ᠣᠷᠣᠪᠠ ᠃ ︽ᠨᠢᠭᠡ ᠪᠦᠰᠡ ᠨᠢᠭᠡ ᠵᠠᠮ ᠤᠨ ᠣᠯᠠᠨ ᠤᠯᠤᠰ ᠠᠴᠠ ᠡᠷᠡᠭᠦᠯ ᠮᠡᠨᠳᠦ ᠶᠢᠨ | ᠵᠤᠭᠠᠴᠠᠯ ᠤᠨ ᠵᠣᠷᠢᠭᠰᠠᠨ ᠭᠠᠵᠠᠷ︾᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠬᠤᠶᠠᠷ ᠢ ᠬᠦᠷᠢᠶᠡᠯᠡᠬᠦ︾ | ᠵᠢᠱᠢᠶᠡᠴᠢ ᠬᠤᠲᠠ ᠪᠠᠷ ᠵᠥᠪᠰᠢᠶᠡᠷᠡᠭᠳᠡᠪᠡ ᠃ ᠤᠷᠢᠳ ᠬᠤᠵᠢᠳ ︽ᠳᠤᠮᠳᠠᠳᠤ ᠤᠯᠤᠰ ᠤᠨ ᠠᠭᠤᠷ ᠠᠮᠢᠰᠬᠤᠯ ᠤᠨ | ᠠᠮᠢ ᠠᠬᠤᠶ ᠶᠢᠨ ᠬᠤᠲᠠ︾᠂ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢᠲᠦ ᠪᠠᠭᠠᠷ︾᠂ ︽ | ᠮᠥᠰᠥ ᠴᠠᠰᠤᠨ ᠤ ᠵᠤᠭᠠᠴᠠᠯ ᠤᠨ ᠠᠷᠪᠠᠨ ᠬᠦᠴᠦᠷᠬᠡᠭ ᠰᠢᠶᠠᠨ︾᠂ ︽ᠳᠤᠮᠳᠠᠳᠤ ᠤᠯᠤᠰ ᠤᠨ ᠬᠤᠷᠠᠯ | ᠦᠵᠡᠰᠬᠦᠯᠡᠩ ᠤᠨ ᠦᠢᠯᠡᠰ ᠤᠨ ᠠᠯᠲᠠᠨ ᠮᠠᠯᠤᠷ ᠥᠲᠡᠭᠡ ᠱᠠᠩᠨᠠᠯ︾ ᠵᠡᠷᠭᠡ ᠢᠷᠠᠭᠤ ᠠᠯᠳᠠᠷ ᠢ ᠭᠥᠷᠳᠡᠪᠡ᠃ | ᠥᠩᠭᠡᠷᠡᠭᠰᠡᠨ ᠲᠠᠪᠤᠨ ᠵᠢᠯ ᠳᠤ᠂ ᠪᠢᠳᠡ ᠥᠷᠯᠥᠭᠡ ᠦᠳᠡᠰᠢ ᠶᠢ ᠲᠡᠮᠡᠴᠡᠨ᠂ ᠨᠡᠶᠢᠲᠡ ᠶᠢᠨ ᠲᠥᠯᠥᠭᠡ | ᠵᠢᠳᠬᠦᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠬᠥᠭᠵᠢᠯᠲᠡ ᠶᠢᠨ ᠰᠠᠭᠤᠷᠢ ᠶᠢ ᠨᠠᠩ ᠪᠠᠲᠤᠳᠬᠠᠪᠠ᠃ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ | ᠲᠣᠭᠲᠠᠭᠤᠨ ᠢᠶᠠᠷ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠳᠥᠯᠥᠪᠡ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠨᠡᠶᠢᠳᠡ 3.26 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠲᠡᠢ | ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠵᠤ᠂ ᠶᠠᠳᠠᠭᠤ ᠬᠦᠴᠢᠷᠳᠡᠯᠲᠡᠢ ᠰᠤᠷᠤᠭᠴᠢᠳ ᠤᠨ ᠰᠤᠷᠭᠠᠭᠤᠯᠢ ᠳᠤ | ᠰᠠᠭᠤᠬᠤ ᠳᠤ ᠬᠦᠴᠢᠷ ᠪᠠᠶᠢᠬᠤ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠣᠷᠣᠨ ᠰᠠᠭᠤᠴᠠ ᠤᠤᠭᠤᠬᠤ | ᠤᠰᠤᠨ ᠤ ᠠᠮᠤᠷ ᠲᠦᠪᠰᠢᠨ ᠢ ᠪᠦᠬᠦ ᠲᠠᠯ᠎ᠠ ᠪᠠᠷ ᠪᠠᠲᠤᠯᠠᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠪᠤᠷᠢ ᠶᠢ ᠪᠦᠬᠦᠨ ᠢ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠪᠦᠬᠦᠨ ᠢ ᠠᠪᠤᠷᠠᠨ | ᠲᠤᠰᠠᠯᠠᠪᠠ᠃ ︽ ᠶᠠᠳᠠᠭᠤᠷᠠᠬᠤ ᠠᠴᠠ ᠰᠡᠷᠭᠡᠶᠢᠯᠡᠬᠦ ᠪᠠᠲᠤᠯᠠᠭ᠎ᠠ︾᠂ ︽ᠶᠠᠳᠠᠭᠤ ᠬᠦᠴᠢᠷᠳᠡᠯᠲᠡᠢ ᠬᠥᠮᠦᠨ ᠠᠮᠠ ᠶᠢ | ᠪᠠᠭᠠᠰᠬᠠᠨ ᠲᠠᠷᠢᠶᠠᠴᠢᠳ ᠲᠤ ᠠᠰᠢᠭ ᠬᠦᠷᠲᠡᠭᠡᠬᠦ ᠪᠠᠲᠤᠯᠠᠭ᠎ᠠ︾ ᠶᠢᠨ ᠦᠢᠯᠡᠳᠦᠯ ᠮᠡᠳᠡᠭᠳᠡᠮ᠎ᠡ ᠪᠠᠶᠢᠵᠤ᠂ | ᠬᠥᠳᠡᠯᠮᠦᠷᠢᠯᠡᠬᠦ ᠴᠢᠳᠠᠪᠤᠷᠢ ᠦᠭᠡᠢ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠶᠢ ᠪᠦᠬᠦᠨ ᠢ ᠪᠦᠷᠬᠦᠭᠦᠯᠪᠡ᠃ ︽ | ᠪᠦᠬᠦ ᠣᠷᠣᠨ ᠪᠦᠰᠡ ᠶᠢᠨ ᠵᠤᠭᠠᠴᠠᠯ + ᠲᠠᠪᠤᠨ ᠵᠢᠵᠢᠭ ᠠᠵᠤ ᠠᠬᠤᠢ︾᠂ ︽ᠡᠮᠦᠨ᠎ᠡ ᠨᠢ ᠵᠢᠭᠡᠯᠡᠵᠦ ᠬᠤᠶᠢᠨ᠎ᠠ ᠨᠢ | ᠱᠠᠩᠨᠠᠬᠤ︾ ᠵᠡᠷᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠲᠤ ᠰᠢᠨ᠎ᠡ ᠶᠢ ᠡᠭᠦᠳᠴᠦ᠂ ᠬᠥᠳᠡᠯᠮᠦᠷᠢᠯᠡᠬᠦ | ᠴᠢᠳᠠᠪᠤᠷᠢ ᠲᠠᠢ ᠬᠥᠮᠦᠰ ᠤᠨ ᠠᠵᠤ ᠦᠢᠯᠡᠰ ᠢ ᠡᠷᠦᠬᠡ ᠳᠤ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠶᠠᠳᠠᠭᠤ | ᠬᠦᠴᠢᠷᠳᠡᠯᠲᠡᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ 1.3 ᠲᠦᠮᠡᠨ ᠲᠥᠭᠦᠷᠢᠭ ᠠᠴᠠ | ᠳᠡᠭᠡᠭᠰᠢ ᠳᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠠᠵᠢᠯ ᠤᠨ ᠶᠡᠷᠦᠩᠬᠡᠶ ᠠᠩᠭᠢ ᠴᠡᠭ ᠲᠤ ᠰᠠᠭᠤᠵᠤ ᠵᠢᠭᠠᠨ ᠵᠢᠯᠣᠭᠤᠳᠴᠤ᠂ ᠤᠯᠤᠰ ᠤᠨ ᠰᠣᠶᠣᠯ ᠵᠤᠭᠠᠴᠠᠯ ᠤᠨ | ᠶᠠᠮᠤᠨ᠂ ᠪᠡᠭᠡᠵᠢᠩ ᠤᠨ ᠳ᠋ᠦᠩ ᠴᠧᠩ ᠲᠣᠭᠤᠷᠢᠭ ᠵᠡᠷᠭᠡ ᠨᠢ ᠪᠥᠬᠦ ᠬᠦᠴᠦᠨ ᠢᠶᠠᠷ ᠢᠶᠠᠨ ᠬᠤᠪᠢ ᠨᠡᠮᠡᠷᠢ | ᠦᠵᠡᠭᠦᠯᠵᠦ᠂ ᠲᠠᠩᠰᠠ ᠺᠠᠷᠲ ᠲᠠᠢ 580 ᠶᠠᠳᠠᠭᠤ ᠬᠦᠴᠢᠷᠳᠡᠯᠲᠡᠶ ᠡᠷᠦᠬᠡ᠂ 1421 ᠬᠥᠮᠦᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠲᠣᠰᠬᠤᠨ ᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠤᠯᠤᠰ ᠤᠨ ᠶᠠᠳᠠᠭᠤ ᠬᠦᠴᠢᠷᠳᠡᠯᠲᠡᠶ ᠰᠢᠶᠠᠨ ᠤ ᠮᠠᠯᠠᠭᠠᠶ ᠶᠢ ᠲᠡᠦᠬᠡᠲᠦ ᠴᠢᠨᠠᠷᠲᠠᠶ ᠪᠠᠷ | ᠲᠠᠶᠠᠭᠳᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ | ᠬᠡᠪᠴᠢᠶᠡᠨ ᠤ 88.06 % ᠲᠠᠯᠠᠪᠠᠢ ᠶᠢᠨ ᠠᠮᠢ ᠠᠬᠤᠢ ᠶᠢᠨ ᠬᠤᠷᠢᠭ᠎ᠠ ᠱᠤᠭᠤᠮ ᠤᠨ ᠬᠠᠮᠠᠭᠠᠯᠠᠯᠲᠠ ᠶᠢᠨ | ᠬᠡᠪᠴᠢᠶᠡᠨ ᠳᠤ ᠣᠷᠣᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ 39 ᠲᠥᠷᠦᠯ ᠵᠦᠢᠯ ᠢ ᠪᠡᠶᠡᠯᠡᠭᠦᠯᠵᠦ᠂ ᠪᠦᠬᠦ | ᠬᠤᠲᠠ ᠶᠢᠨ ᠣᠷᠴᠢᠨ ᠲᠣᠭᠤᠷᠢᠨ ᠤ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 99.7% ᠠᠴᠠ | ᠳᠡᠭᠡᠭᠰᠢ ᠳᠤ ᠬᠦᠷᠴᠦ᠂ ᠭᠠᠵᠠᠷ ᠳᠡᠭᠡᠷᠡᠬᠢ ᠤᠰᠤᠨ ᠤ ᠴᠢᠨᠠᠷ ᠨᠢ ᠤᠯᠤᠰ ᠤᠨ ᠲᠥᠷᠥᠯ ᠤᠨ ᠪᠠᠷᠢᠮᠵᠢᠶ᠎ᠠ ᠳᠤ | ᠬᠦᠷᠴᠦ᠂ ᠳᠥᠷᠪᠡᠨ ᠪᠠᠯᠭᠠᠰᠤ ᠪᠦᠬᠦᠨ ᠢᠶᠠᠷ ᠢᠶᠠᠨ ︽ᠤᠯᠤᠰ ᠤᠨ ᠲᠡᠰ ᠤᠨ ᠠᠮᠢ ᠠᠬᠤᠢ ᠶᠢᠨ ᠰᠢᠶᠠᠩ ᠪᠠᠯᠭᠠᠰᠤ︾ | ᠶᠢᠨ ᠢᠷᠠᠭᠤ ᠠᠯᠳᠠᠷ ᠢ ᠬᠦᠷᠲᠡᠪᠡ᠃ | ᠥᠩᠭᠡᠷᠡᠭᠰᠡᠨ ᠲᠠᠪᠤᠨ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠣᠳᠠᠲᠠᠢ ᠶᠢ ᠡᠷᠬᠢᠮᠯᠡᠨ ᠪᠠᠲᠤᠲᠠᠢ ᠦᠢᠯᠡᠳᠦᠯᠭᠡᠵᠢᠭᠦᠯᠵᠦ᠂ ︽ ᠲᠢᠶᠠᠨ ᠽᠢ ᠨᠡᠷᠡᠮᠵᠢᠲᠦ︾ ᠢᠨ᠋ᠧᠵᠧᠨᠧᠷᠢᠩ ᠤᠨ | ᠦᠷ᠎ᠡ ᠪᠦᠲᠦᠭᠡᠯ ᠡᠯᠪᠡᠭ ᠳᠡᠯᠪᠡᠭ ᠪᠠᠶᠢᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠪᠡ᠃ ︽ ᠲᠢᠶᠠᠨ ᠽᠢ ᠨᠡᠷᠡᠮᠵᠢᠲᠦ︾ ᠢᠨᠵᠧᠨᠧᠷᠢᠩ ᠲᠡᠭᠦᠰ ᠠᠮᠵᠢᠯᠲᠠ ᠣᠯᠵᠤ᠂ ᠨᠡᠶᠢᠲᠡ 42 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 10400 ᠡᠷᠦᠬᠡ ᠬᠤᠲᠠ ᠶᠢᠨ ᠳᠥᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠨᠤᠷᠠᠭᠠᠵᠤ ᠨᠡᠭᠦᠯᠭᠡᠬᠦ ᠲᠠᠯᠠᠪᠠᠢ 66 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2658 ᠡᠷᠦᠬᠡ 265 ᠲᠦᠮᠡᠨ ᠲᠡᠭᠰᠢ ᠳᠥᠷᠪᠡᠯᠵᠢᠨ | ᠮᠧᠲᠷ ᠤᠨ ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ ᠪᠠᠶᠢᠰᠢᠩ᠂ 21 ᠲᠦᠮᠡᠨ ᠲᠡᠭᠰᠢ ᠳᠥᠷᠪᠡᠯᠵᠢᠨ ᠮᠧᠲᠷ ᠤᠨ | ᠣᠷᠣᠨ ᠰᠠᠭᠤᠴᠠ ᠪᠡᠯᠡᠳᠬᠡᠵᠦ᠂ ᠱᠧᠩ ᠴᠢᠤᠸᠠᠨ ᠰᠠᠭᠤᠭᠠᠯᠢ ᠲᠣᠭᠤᠷᠢᠭ ᠨᠢ ᠳᠤᠮᠳᠠᠳᠤ ᠤᠯᠤᠰ ᠤᠨ ᠬᠥᠮᠦᠨ | ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠦᠯᠢᠭᠡᠷ ᠵᠢᠱᠢᠶ᠎ᠡ ᠶᠢᠨ ᠱᠠᠩᠨᠠᠯ ᠢ ᠬᠦᠷᠲᠡᠪᠡ᠃ ︽ | ᠲᠢᠶᠠᠨ ᠽᠢ ᠨᠡᠷᠡᠮᠵᠢᠲᠦ︾ ᠠᠵᠤ ᠦᠢᠯᠡᠰ ᠥᠷᠨᠢᠨ ᠬᠥᠭᠵᠢᠵᠦ᠂ ᠷᠠᠰᠢᠶᠠᠨ ᠤ ᠤᠯᠤᠰ ᠤᠨ ᠣᠶ ᠰᠢᠭᠤᠶ ᠶᠢᠨ | ᠴᠡᠴᠡᠷᠯᠢᠭ ᠢ 5 A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠭᠠᠨ ᠲᠠᠰ ᠳᠡᠪᠰᠢᠭᠦᠯᠵᠦ᠂ ᠷᠠᠰᠢᠶᠠᠨ ᠤ | ᠭᠠᠯᠲᠤ ᠠᠭᠤᠯᠠ ᠶᠢᠨ ᠬᠠᠯᠠᠭᠤᠨ ᠷᠠᠰᠢᠶᠠᠨ ᠤ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠳᠡᠯᠡᠬᠡᠶ ᠶᠢᠨ | ᠭᠠᠵᠠᠷ ᠰᠢᠨᠵᠢᠯᠡᠭᠡᠨ ᠤ ᠴᠡᠴᠡᠷᠯᠢᠭ ᠪᠣᠯᠭᠠᠨ ᠲᠠᠰ ᠳᠡᠪᠰᠢᠭᠦᠯᠵᠦ᠂ ᠤᠯᠠᠨ ᠪᠤᠷᠬᠠᠨ 4A ᠲᠠᠰ ᠤᠨ ᠵᠤᠭᠠᠴᠠᠯ ᠤᠨ | ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠣᠭᠤᠮᠲᠠ ᠶᠢᠨ ᠦᠵᠡᠮᠵᠢ ᠶᠢᠨ ᠣᠷᠣᠨ᠂ ᠪᠠᠶ | ᠯᠠᠩ ᠣᠷᠭᠢᠯ ᠤᠨ ᠦᠵᠡᠮᠵᠢ ᠶᠢᠨ ᠣᠷᠣᠨ ᠵᠡᠷᠭᠡ ᠭᠤᠤᠯ ᠦᠵᠡᠮᠵᠢ ᠶᠢᠨ ᠣᠷᠣᠨ ᠪᠦᠬᠦᠨ ᠢ A ᠲᠠᠰ ᠤᠨ | ᠦᠵᠡᠮᠵᠢ ᠶᠢᠨ ᠣᠷᠣᠨ ᠤ ᠡᠩᠨᠡᠭᠡᠨ ᠳᠤ ᠣᠷᠣᠭᠤᠯᠪᠠ᠃ ᠷᠠᠰᠢᠶᠠᠨ ᠤ ᠶᠠᠷᠢᠶᠠᠨ ᠤ ᠲᠠᠪᠴᠠᠩ ᠢ ᠠᠮᠵᠢᠯᠲᠠ ᠲᠠᠢ | ᠪᠠᠶᠢᠭᠤᠯᠪᠠ᠃ ᠬᠤᠷᠴᠠ ᠤᠯᠠᠭᠠᠨ ᠴᠡᠴᠡᠭ ᠤᠨ ᠪᠠᠶᠠᠷ᠂ ᠠᠷᠢᠭᠤᠨ ᠤᠰᠤᠨ ᠤ ᠪᠠᠶᠠᠷ᠂ ᠮᠥᠰᠥ ᠴᠠᠰᠤᠨ ᠤ ᠪᠠᠶᠠᠷ | ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠪᠠᠶᠢᠩᠭᠤ ᠶᠢᠨ ᠴᠢᠨᠠᠷᠳᠠᠢ ᠡᠷᠭᠢᠯᠡᠵᠦ᠂ ᠪᠠᠶᠠᠷ ᠳᠤᠷᠠᠰᠬᠠᠯ ᠤᠨ | ᠴᠤᠭᠯᠠᠭᠠᠨ ᠦᠵᠡᠰᠬᠦᠯᠡᠩ ᠤᠨ ᠠᠵᠤ ᠠᠬᠤᠶ ᠨᠢ ᠵᠤᠭᠠᠴᠠᠯ ᠤᠨ ᠬᠥᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ | ᠪᠣᠯᠪᠠ᠃ ︽ ᠲᠢᠶᠠᠨ ᠽᠢ ᠨᠡᠷᠡᠮᠵᠢᠲᠦ︾ ᠶᠢᠨ ᠡᠭᠦᠷᠭᠡ ᠳᠤ ᠥᠩᠭᠡ ᠪᠤᠳᠤᠭ ᠨᠡᠮᠡᠷᠢᠯᠡᠵᠦ᠂ ᠭᠤᠷᠪᠠᠨ | ᠤᠮᠠᠷᠠᠲᠤ ᠶᠢᠨ 1.6 ᠲᠦᠮᠡᠨ ᠮᠥ ᠬᠠᠯᠬᠠᠪᠴᠢ ᠣᠶ ᠶᠢ ᠪᠡᠶᠡᠯᠡᠭᠦᠯᠦᠨ᠂ 10.5 ᠲᠦᠮᠡᠨ ᠮᠥ ᠠᠭᠤᠯᠠ ᠶᠢ | ᠪᠢᠲᠡᠭᠦᠮᠵᠢᠯᠡᠨ ᠣᠶᠢᠵᠢᠭᠤᠯᠵᠤ᠂ 21 ᠲᠦᠮᠡᠨ ᠮᠥ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠯᠲᠠ᠂ 8 | ᠲᠦᠮᠡᠨ ᠮᠥ ᠪᠠᠶᠢᠭᠠᠯᠢ ᠶᠢᠨ ᠲᠠᠸᠠᠷ ᠤᠨ ᠣᠶ ᠶᠢᠨ ᠬᠠᠮᠢᠶᠠᠷᠤᠯᠲᠠ ᠬᠠᠮᠠᠭᠠᠯᠠᠯᠲᠠ᠂ 10.7 ᠲᠦᠮᠡᠨ ᠮᠥ ᠣᠶ ᠰᠢᠭᠤᠶ | ᠠᠷᠠᠴᠢᠯᠠᠨ ᠤᠶᠢᠵᠢᠭᠤᠯᠵᠠᠢ᠃ ᠪᠦᠬᠦ ᠬᠤᠲᠠ ᠶᠢᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 81.2% ᠲᠤ | ᠬᠦᠷᠴᠦ᠂ ᠨᠣᠭᠤᠭᠠᠨ ᠤᠷᠭᠤᠮᠠᠯ ᠤᠨ ᠪᠦᠷᠬᠦᠴᠡ ᠶᠢᠨ ᠨᠣᠷᠮ᠎ᠠ 95% ᠳᠤ ᠬᠦᠷᠴᠦ᠂ ᠬᠥᠮᠦᠨ ᠳᠤᠮᠳᠠᠴᠢ ᠶᠢᠨ | ᠨᠣᠭᠤᠭᠠᠨ ᠬᠥᠷᠥᠰᠥ ᠶᠢᠨ ᠲᠠᠯᠠᠪᠠᠢ 23.3 ᠲᠡᠭᠰᠢ ᠳᠥᠷᠪᠡᠯᠵᠢᠨ ᠮᠧᠲᠷ ᠲᠤ ᠬᠦᠷᠴᠦ᠂ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾᠂ ︽ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠬᠤᠲᠠ︾ ᠪᠠᠷ ᠦᠨᠡᠯᠡᠭᠳᠡᠪᠡ᠃ | ᠥᠩᠭᠡᠷᠡᠭᠰᠡᠨ ᠲᠠᠪᠤᠨ ᠵᠢᠯ ᠳᠤ᠂ ᠪᠢᠳᠠ ᠬᠦᠴᠦᠨ ᠢᠶᠠᠨ ᠲᠥᠪᠯᠡᠷᠡᠭᠦᠯᠦᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠳᠣᠲᠣᠭᠠᠳᠤ ᠳᠠᠭᠠᠨ ᠣᠷᠣᠭᠤᠯᠤᠨ ᠠᠪᠴᠢᠷᠠᠵᠤ ᠭᠠᠳᠠᠭᠰᠢ ᠪᠠᠨ ᠬᠤᠯᠪᠣᠭᠠᠯᠠᠵᠤ᠂ | ᠥᠭᠡᠷᠡᠴᠢᠯᠡᠯᠲᠡ ᠨᠡᠭᠡᠭᠡᠯᠲᠡ ᠲᠦᠷᠭᠡᠨ ᠪᠥᠭᠡᠳ ᠯᠠᠪᠳᠠᠭᠤᠨ ᠶᠠᠪᠤᠭᠳᠠᠵᠤ᠂ ᠬᠥᠭᠵᠢᠯᠲᠡ ᠶᠢᠨ ᠠᠮᠢᠵᠢᠷᠠᠯ ᠤᠨ | ᠬᠦᠴᠦᠨ ᠦᠷᠭᠦᠯᠵᠢᠯᠡᠨ ᠪᠠᠳᠠᠷᠠᠪᠠ᠃ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ | ᠤᠯᠤᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ︽ ᠲᠠᠯᠪᠢᠵᠦ ᠬᠠᠮᠢᠶᠠᠷᠬᠤ ᠦᠢᠯᠡᠴᠢᠯᠡᠬᠦ︾᠂ | ᠬᠤᠳᠠᠯᠳᠤᠭᠠᠨ ᠤ ᠶᠠᠪᠤᠳᠠᠯ ᠤᠨ ᠲᠦᠷᠢᠮ᠂ ᠡᠳ᠋ ᠤᠨ ᠵᠠᠰᠠᠭ ᠭᠠᠶᠢᠯᠢ ᠶᠢᠨ ᠲᠦᠷᠢᠮ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠪᠡ᠃ ᠨᠠᠷᠢᠯᠢᠭ ᠣᠨᠣᠴᠠᠲᠠᠶ ᠪᠠᠷ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠲᠡ 112 | ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 266 ᠳ᠋ᠦᠩᠰᠢᠭᠤᠷ | ᠲᠥᠭᠦᠷᠢᠭ ᠲᠤ ᠬᠦᠷᠴᠦ᠂ ᠬᠤᠳᠠᠯᠳᠤᠭᠠᠴᠢᠨ ᠤᠷᠢᠬᠤ 82 ᠲᠥᠷᠥᠯ ᠵᠦᠢᠯ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ 63 ᠳ᠋ᠦᠩᠰᠢᠭᠤᠷ ᠲᠥᠭᠦᠷᠢᠭ ᠢ ᠨᠠᠶᠢᠳᠠᠪᠤᠷᠢᠵᠢᠭᠤᠯᠵᠤ᠂ ᠢᠯᠢ ᠪᠦᠯᠦᠭᠯᠡᠯ᠂ ᠱᠠᠨᠳᠦ᠋ᠩ ᠤᠨ ᠱᠦᠶ ᠹᠠ | ᠪᠦᠯᠦᠭᠯᠡᠯ ᠵᠡᠷᠭᠡ ᠲᠣᠮᠣ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠠᠯᠠ ᠣᠷᠣᠭᠤᠯᠤᠨ ᠦᠢᠯᠡᠰ ᠢᠶᠠᠨ | ᠬᠥᠭᠵᠢᠭᠦᠯᠵᠦ᠂ ᠪᠠᠶᠢᠭᠠᠯᠢ ᠶᠢᠨ ᠷᠠᠰᠢᠶᠠᠨ ᠤᠮᠳᠠᠭᠠᠨ᠂ ᠤᠰᠤᠨ ᠲᠡᠭᠡᠭᠡᠪᠦᠷᠢ ᠶᠢᠨ ᠪᠣᠭᠤᠮᠲᠠ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠠᠨᠳᠤᠰᠢ ᠤᠯᠠᠮ ᠴᠢᠩᠭᠠᠷᠠᠪᠠ᠃ | ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠥᠬᠡᠶ ᠴᠢᠩᠭᠠᠷᠠᠵᠤ᠂ ᠮᠣᠩᠭᠤᠯ ᠤᠯᠤᠰ ᠤᠨ | ᠥᠪᠥᠷ ᠬᠠᠩᠭᠠᠶ ᠠᠶᠢᠮᠠᠭ ᠲᠠᠢ ᠨᠥᠬᠦᠷᠰᠡᠭ ᠢᠶᠠᠷ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ︽ᠳᠤᠮᠳᠠᠳᠤ ᠣᠷᠣᠰ ᠮᠣᠩᠭᠤᠯ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ | ᠲᠠᠪᠴᠠᠩ︾ ᠵᠡᠷᠭᠡ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠪᠣᠭᠤᠮᠲᠠ ᠶᠢᠨ ᠵᠢᠯ | ᠲᠤᠷᠰᠢ ᠶᠢᠨ ᠨᠡᠭᠡᠭᠡᠯᠲᠡ ᠬᠢᠬᠦ ᠶᠢ ᠤᠯᠤᠰ ᠠᠴᠠ ᠵᠦᠪᠰᠢᠶᠡᠷᠡᠪᠡ᠃ ᠥᠪᠥᠷ ᠮᠣᠩᠭᠤᠯ ᠤᠨ ᠵᠡᠭᠦᠨ ᠬᠡᠰᠡᠭ ᠤᠨ | ᠭᠠᠵᠠᠷ ᠣᠷᠣᠨ ᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠯᠭᠠᠨ | ᠪᠠᠶᠢᠴᠠᠭᠠᠬᠤ ᠲᠥᠪ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠢᠩᠬᠢᠮ ᠢ ᠠᠰᠢᠭᠯᠠᠯᠲᠠ ᠳᠤ | ᠤᠷᠤᠭᠤᠯᠪᠠ᠃ ᠪᠥᠬᠦ ᠣᠷᠣᠨ ᠳᠤ ATA ᠬᠠᠭᠤᠳᠠᠰᠤ ᠦᠨᠡᠮᠯᠡᠯ ᠤᠨ ᠳᠡᠪᠲᠡᠷ ᠪᠠ ᠸᠢᠰᠠ ᠵᠢᠴᠢ ᠳᠤᠮᠳᠠᠳᠤ | ᠮᠣᠩᠭᠤᠯ ᠤᠨ ᠬᠢᠯᠢ ᠠᠯᠤᠰᠯᠠᠭᠰᠠᠨ ᠵᠤᠭᠠᠴᠠᠯ ᠤᠨ ᠰᠠᠭᠤᠷᠢᠰᠢᠬᠤ ᠸᠢᠰᠠ ᠶᠢᠨ ᠦᠢᠯᠡᠴᠢᠯᠡᠭᠡ ᠶᠢ ᠡᠩ ᠲᠡᠷᠢᠭᠦᠨ ᠳᠤ | ᠨᠡᠪᠲᠡᠷᠡᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠪᠠᠭ᠎ᠠ ᠲᠣᠭᠠᠨ ᠤ ᠠᠷᠠᠯᠵᠢᠶᠠᠨ ᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠡᠩ ᠤᠨ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠠᠯᠬᠤᠴᠠ ᠶᠢ | ᠲᠠᠰᠤᠷᠠᠯᠲᠠ ᠥᠬᠡᠶ ᠲᠦᠷᠭᠡᠳᠬᠡᠪᠡ᠃ | ᠥᠩᠭᠡᠷᠡᠭᠰᠡᠨ ᠲᠠᠪᠤᠨ ᠵᠢᠯ ᠳᠤ᠂ ᠪᠢᠳᠡ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠨ᠂ ᠬᠤᠲᠠ ᠪᠠᠯᠭᠠᠰᠤᠨ ᠤ ᠳᠦᠷᠢ ᠲᠥᠷᠬᠦ ᠡᠳᠦᠷ ᠠᠴᠠ ᠡᠳᠦᠷ ᠰᠢᠨᠡᠳᠴᠦ᠂ | ᠠᠷᠠᠳ ᠤᠨ ᠠᠮᠢᠳᠤᠷᠠᠯ ᠨᠡᠩ ᠵᠤᠯ ᠵᠢᠷᠭᠠᠯ ᠲᠠᠢ ᠪᠣᠯᠪᠠ᠃ ᠨᠡᠶᠢᠲᠡ 25.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠯᠢᠨ ᠬᠠᠢ ᠵᠡᠭᠡᠯᠢ ᠭᠤᠳᠤᠮᠵᠢ ᠶᠢᠨ ᠵᠠᠮ ᠢ ᠥᠭᠡᠷᠡᠴᠢᠯᠡᠨ ᠵᠠᠰᠠᠬᠤ᠂ ᠸᠧᠨᠴᠢᠤᠸᠠᠨ ᠵᠡᠭᠡᠯᠢ ᠶᠢᠨ | ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ107 ᠲᠥᠷᠦᠯ ᠵᠦᠢᠯ ᠢ ᠬᠡᠷᠡᠭᠵᠢᠭᠦᠯᠵᠦ᠂ | 65.3 ᠺᠢᠯᠤᠮᠧᠲᠷ ᠭᠠᠵᠠᠷ ᠳᠣᠣᠷᠠᠬᠢ ᠬᠤᠭᠤᠯᠠᠢ ᠲᠤᠤᠷ ᠪᠠᠶᠢᠭᠤᠯᠵᠤ᠂ 42 ᠲᠦᠮᠡᠨ ᠲᠡᠭᠰᠢ ᠳᠥᠷᠪᠡᠯᠵᠢᠨ | ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠪᠠ ᠃ ᠥᠪᠡᠷᠲᠡᠭᠡᠨ ᠵᠠᠰᠠᠬᠤ ᠣᠷᠣᠨ ᠤ ᠲᠡᠰ ᠤᠨ | ᠴᠡᠴᠡᠷᠯᠢᠭᠵᠢᠭᠰᠡᠨ ᠬᠤᠲᠠ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠯᠳᠠᠷᠲᠤ ᠦᠵᠡᠮᠵᠢ ᠶᠢᠨ ᠣᠷᠣᠨ᠂ ᠪᠠᠢ | ᠯᠠᠩ ᠪᠠᠯᠭᠠᠰᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠪᠦᠬᠦ ᠤᠯᠤᠰ ᠠᠴᠠ ᠬᠤᠶᠠᠳᠤᠭᠠᠷ ᠪᠦᠯᠦᠭ | ᠣᠨᠴᠠᠯᠢᠭᠲᠤ ᠵᠢᠵᠢᠭ ᠪᠠᠯᠭᠠᠰᠤ ᠪᠠᠷ ᠵᠥᠪᠰᠢᠶᠡᠷᠡᠭᠳᠡᠪᠡ᠃ ᠨᠡᠶᠢᠲᠡ 10.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 11 ᠵᠤᠷᠪᠤᠰ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠤᠷᠲᠤ ᠨᠢ 375 | ᠺᠢᠯᠤᠮᠧᠲᠷ ᠃ ᠢᠮᠢᠨ ᠪᠠᠯᠭᠠᠰᠦ ᠠᠴᠠ ᠢᠷᠪᠢᠰ ᠬᠦᠷᠬᠦ ᠲᠡᠮᠦᠷ ᠵᠠᠮ ᠤᠨ ᠠᠶᠠᠨᠴᠢᠳ ᠪᠠ ᠪᠠᠷᠠᠭ᠎ᠠ ᠶᠢᠨ | ᠲᠡᠭᠡᠭᠡᠪᠦᠷᠢ ᠤᠷᠤᠭᠰᠢᠲᠠᠢ ᠨᠡᠪᠲᠡᠷᠡᠵᠦ᠂ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠮᠵᠢ ᠪᠠᠨ | ᠥᠷᠭᠡᠳᠬᠡᠵᠦ ᠬᠤᠷᠳᠤᠴᠠ ᠪᠠᠨ ᠲᠦᠷᠭᠡᠳᠬᠡᠬᠦ ᠶᠢ ᠤᠷᠤᠭᠰᠢᠲᠠᠢ ᠠᠬᠢᠭᠤᠯᠵᠤ᠂ ᠷᠠᠰᠢᠶᠠᠨ ᠤ ᠨᠢᠰᠬᠡᠯ ᠤᠨ | ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠦ᠋ ᠴᠠ ᠭᠸᠤ ᠶᠢᠨ ᠨᠡᠶᠢᠳᠡ ᠶᠢᠨ ᠬᠡᠷᠡᠭᠯᠡᠬᠡᠨ ᠤ | ᠨᠢᠰᠬᠡᠯ ᠤᠨ ᠪᠠᠭᠤᠳᠠᠯ ᠤᠨ ᠲᠥᠷᠥᠯ ᠵᠦᠢᠯ ᠵᠢᠩᠬᠢᠨᠢ ᠪᠠᠷ ᠡᠬᠢᠯᠡᠪᠡ᠃ ᠷᠠᠰᠢᠶᠠᠨ ᠬᠤᠲᠠ ᠶᠢᠨ ᠡᠮᠨᠡᠯᠭᠡ ᠶᠢᠨ | ᠬᠤᠷᠢᠶ᠎ᠠ ᠶᠢ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠨᠠᠶᠢᠳᠠᠨ ᠬᠠᠮᠢᠶᠠᠷᠤᠭᠤᠯᠵᠤ᠂ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠨ᠎ᠡ ᠰᠠᠭᠤᠴᠠ ᠶᠢ ᠠᠰᠢᠭᠯᠠᠯᠲᠠ ᠳᠤ ᠣᠷᠣᠭᠤᠯᠤᠨ᠂ ᠪᠡᠭᠡᠵᠢᠩ ᠤᠨ ᠬᠥ᠋ | ᠯᠧᠦ ᠬᠢᠲᠠᠳ ᠡᠮᠨᠡᠯᠭᠡ ᠶᠢᠨ ᠬᠤᠷᠢᠶ᠎ᠠ ᠶᠢᠨ ᠷᠠᠰᠢᠶᠠᠨ ᠳᠠᠬᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ | ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠪᠠᠷ ᠵᠥᠪᠰᠢᠶᠡᠷᠡᠭᠦᠯᠪᠡ᠃ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠦ ᠰᠢᠶᠠᠨ ᠤ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠪᠡ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠣᠯᠤᠨ ᠪᠡᠭᠡᠵᠢᠩ ᠤᠨ ᠳ᠋ᠦᠩ ᠴᠧᠩ | ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠤᠤᠰᠯᠠᠭᠰᠠᠨ ᠬᠠᠷᠢᠴᠠᠭ᠎ᠠ ᠪᠠᠶᠢᠭᠤᠯᠵᠤ᠂ ᠪᠡᠭᠡᠵᠢᠩ ᠤᠨ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠠᠰᠢᠶᠠᠨ ᠳᠠᠬᠢ ᠬᠤᠪᠢᠶᠠᠷᠢ ᠰᠤᠷᠭᠠᠭᠤᠯᠢ᠂ ᠪᠡᠭᠡᠵᠢᠩ ᠬᠤᠲᠠ ᠶᠢᠨ | ᠳ᠋ᠦᠩ ᠴᠧᠩ ᠲᠣᠭᠤᠷᠢᠭ ᠤᠨ ᠪᠠᠭᠰᠢ ᠶᠢᠨ ᠰᠤᠳᠤᠯᠤᠨ ᠰᠤᠷᠤᠯᠴᠠᠬᠤ ᠲᠥᠪ ᠤᠨ ᠷᠠᠰᠢᠶᠠᠨ ᠳᠠᠬᠢ ᠰᠠᠭᠤᠷᠢᠨ ᠭᠠᠵᠠᠷ | ᠪᠠᠶᠢᠭᠤᠯᠤᠭᠳᠠᠪᠠ᠃ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠢ | ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ᠃ ᠥᠪᠥᠷ ᠮᠣᠩᠭᠤᠯ ᠤᠨ ᠨᠣᠮ ᠤᠨ ᠰᠠᠩ ᠤᠨ ᠷᠠᠰᠢᠶᠠᠨ ᠳᠠᠬᠢ ᠬᠤᠪᠢᠶᠠᠷᠢ | ᠣᠷᠳᠣᠨ ᠢ ᠵᠢᠩᠬᠢᠨᠢ ᠪᠠᠷ ᠨᠡᠭᠡᠭᠡᠪᠡ ᠃ ᠷᠠᠰᠢᠶᠠᠨ ᠤ ᠤᠯᠠᠭᠠᠨᠮᠥ᠋ᠴᠢᠷ ᠢ ᠰᠡᠷᠭᠦᠭᠡᠨ ᠪᠠᠶᠢᠭᠤᠯᠪᠠ᠃ ᠪᠦᠬᠦ ᠤᠯᠤᠰ ᠤᠨ | ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠠᠭᠠᠷ ᠤᠨ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ᠂ | ᠳᠤᠮᠳᠠᠳᠤ ᠤᠯᠤᠰ ᠤᠨ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠤ ᠷᠠᠰᠢᠶᠠᠨ ᠥᠷᠲᠡᠭᠡ ᠵᠡᠷᠭᠡ ᠪᠡᠶ᠎ᠡ ᠶᠢᠨ | ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠬᠢᠯᠡᠪᠡ᠃ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ | ᠲᠣᠭᠲᠠᠭᠤᠨ ᠪᠠᠶᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠡᠭᠦᠰ | ᠠᠮᠵᠢᠯᠲᠠ ᠲᠠᠢ ᠰᠡᠭᠦᠯ ᠬᠤᠷᠢᠶᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠶ ᠲᠣᠭᠲᠠᠭᠤᠨ ᠪᠤᠯᠵᠠᠢ᠃ | ᠲᠥᠯᠥᠭᠡᠯᠡᠭᠴᠢᠳ ᠡ︕ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠪᠣᠯᠤᠨ | ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠴᠠᠭ ᠢᠮᠠᠭᠲᠠ ᠪᠢᠳᠠᠨ ᠢ ᠵᠣᠷᠢᠭᠵᠢᠭᠤᠯᠵᠤ᠂ ᠷᠠᠰᠢᠶᠠᠨ ᠢ ᠬᠦᠳᠦᠯᠥᠨ | ᠳᠠᠭᠠᠭᠤᠯᠵᠤ ᠰᠢᠨ᠎ᠡ ᠲᠡᠦᠬᠡᠨ ᠱᠠᠳᠤ ᠦᠶ᠎ᠡ ᠳᠤ ᠣᠷᠣᠵᠤ᠂ ᠰᠢᠨ᠎ᠡ ᠬᠦᠰᠡᠯ ᠵᠡᠭᠦᠳᠦ ᠪᠠᠨ ᠲᠡᠷᠭᠡᠯᠰᠢᠭᠦᠯᠬᠦ | ᠠᠶᠠᠨ ᠳᠤ ᠮᠣᠷᠳᠠᠭᠤᠯᠵᠠᠢ᠃ ᠲᠠᠪᠤᠨ ᠵᠢᠯ ᠤᠨ ᠲᠤᠷᠰᠢ᠂ ᠪᠢᠳᠡ ᠠᠮᠵᠢᠯᠲᠠ ᠳᠤ ᠬᠦᠷᠦᠭᠰᠡᠨ ᠣᠮᠤᠭ ᠪᠠᠭ᠋ᠠᠳᠤᠯᠳᠤ | ᠰᠡᠳᠬᠢᠯᠭᠡ ᠪᠠᠨ ᠰᠠᠶᠢᠨ ᠰᠠᠶᠢᠬᠠᠨ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠪᠣᠯᠭᠠᠨ ᠬᠤᠪᠢᠷᠠᠭᠤᠯᠵᠤ᠂ ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠨᠢ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ︽ᠰᠠᠶᠢᠨ︾ ᠪᠣᠯᠭᠠᠵᠤ᠂ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠶᠢ ᠭᠦᠨᠵᠡᠭᠡᠢ ᠰᠦᠪᠡᠭᠴᠢᠯᠡᠵᠦ᠂ ᠤᠯᠠᠨ ᠲᠦᠮᠡᠨ ᠤ ᠠᠮᠢᠳᠤᠷᠠᠯ ᠢ ︽ᠴᠢᠨᠡᠭᠡᠯᠢᠭ︾ ᠪᠣᠯᠭᠠᠵᠤ᠂ ᠠᠮᠢ | ᠠᠬᠤᠢ ᠣᠷᠴᠢᠨ ᠲᠣᠭᠤᠷᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ ᠬᠥᠬᠡᠮᠳᠦᠭ ᠨᠣᠭᠤᠭᠠᠨ ᠠᠭᠤᠯᠠ ᠤᠰᠤ ᠶᠢ | ︽ᠭᠤᠶᠤ︾ ᠪᠣᠯᠭᠠᠵᠤ᠂ ᠪᠣᠳᠠᠲᠠᠢ ᠠᠵᠢᠯᠯᠠᠬᠤ ᠡᠭᠦᠷᠭᠡᠯᠡᠯ ᠢᠶᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠭᠡᠷᠡᠴᠢᠯᠡᠵᠦ᠂ ᠡᠷᠡᠮᠡᠬᠡᠶᠢᠯᠡᠨ ᠲᠡᠮᠡᠴᠡᠬᠦ ᠪᠠᠷ ᠳᠠᠮᠵᠢᠨ ᠭᠦᠨ ᠬᠦᠰᠡᠯ ᠡᠷᠡᠮᠡᠯᠵᠡᠯ ᠳᠡᠭᠡᠨ ᠣᠰᠣᠯᠳᠠᠯ ᠦᠭᠡᠢ ᠲᠡᠮᠡᠴᠡᠪᠡ | ᠃ ᠲᠠᠪᠤᠨ ᠵᠢᠯ ᠤᠨ ᠲᠤᠷᠰᠢ᠂ ᠪᠢᠳᠡ ᠡᠷᠲᠡᠯᠡᠵᠦ ᠣᠷᠦ᠋ᠢᠯᠠᠭᠰᠠᠨ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ | ᠲᠡᠮᠡᠴᠡᠬᠦ ᠡᠭᠦᠷᠭᠡᠲᠦ ᠪᠤᠳᠤᠯ ᠪᠣᠯᠭᠠᠨ ᠬᠤᠪᠢᠷᠠᠭᠤᠯᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ︽ | ᠬᠥᠭᠵᠢᠯᠲᠡ ᠶᠢ ᠠᠬᠢᠭᠤᠯᠵᠤ︾᠂ ᠡᠷᠡᠰ ᠭᠤᠶᠢᠪᠢᠰᠢ ᠦᠭᠡᠢ ᠪᠠᠷ ︽ᠶᠠᠳᠠᠭᠤ ᠬᠦᠴᠢᠷᠳᠡᠯ ᠤᠨ ᠳᠠᠶᠢᠯᠠᠯᠳᠤᠭᠠᠨ︾ | ᠬᠢᠵᠦ᠂ ᠲᠦᠮᠡᠨ ᠤᠯᠠᠨ ᠢᠶᠠᠷ ᠢᠶᠠᠨ ᠲᠡᠮᠤᠷ ᠬᠡᠷᠡᠮ ᠮᠡᠲᠦ ᠨᠢᠭᠲᠠᠷᠠᠨ ᠪᠦᠯᠬᠦᠮᠳᠡᠵᠦ ︽ᠬᠢᠵᠢᠭ ᠲᠠᠢ ᠲᠡᠮᠡᠴᠡᠨ︾᠂ | ᠡᠷᠴᠢ ᠵᠣᠷᠢᠭ ᠢᠶᠠᠨ ᠬᠥᠪᠴᠢᠯᠡᠨ ᠬᠠᠲᠠᠭᠤ ᠴᠢᠩᠭ᠎ᠠ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠡᠮᠦᠨ᠎ᠡ ᠤᠮᠠᠷ᠎ᠠ ᠶᠢᠨ | ᠳᠠᠶᠢᠯᠠᠯᠳᠤᠭᠠᠨ ᠢᠶᠠᠷ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠪᠠᠨ ᠢᠯᠡᠷᠡᠭᠦᠯᠪᠡ᠃ ᠲᠠᠪᠤᠨ ᠵᠢᠯ ᠤᠨ | ᠲᠤᠷᠰᠢ᠂ ᠪᠢᠳᠡ ᠪᠣᠳᠠᠲᠠᠢ ᠶᠢ ᠡᠷᠬᠢᠮᠯᠡᠨ ᠰᠢᠷᠭᠠᠭᠤ ᠠᠵᠢᠯᠯᠠᠭᠰᠠᠨ ᠠᠮᠵᠢᠯᠲᠠ ᠪᠦᠲᠦᠮᠵᠢ ᠶᠢᠨ ᠲᠥᠷᠥᠭᠳᠡᠯ ᠢᠶᠠᠨ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠷᠢᠶᠠᠯᠠᠭᠳᠠᠬᠤ ᠲᠥᠷᠥᠭᠳᠡᠯ ᠪᠣᠯᠭᠠᠨ ᠬᠤᠪᠢᠷᠠᠭᠤᠯᠵᠤ᠂ | ᠵᠤᠭᠠᠴᠠᠯ ᠤᠨ ᠬᠦᠭᠵᠢᠶᠡᠨᠳᠡᠢ ᠭᠠᠵᠠᠷ ᠢ ᠤᠷᠲᠤ ᠬᠤᠭᠤᠴᠠᠭ᠎ᠠ ᠪᠠᠷ ᠬᠦᠴᠦᠯᠡᠨ ᠪᠠᠶᠢᠭᠤᠯᠵᠤ᠂ ᠰᠠᠶᠢᠳᠦᠷ ᠠᠵᠢᠯᠯᠠᠨ | ᠴᠢᠳᠠᠮᠠᠭᠠᠢ ᠬᠢᠵᠦ ᠠᠮᠢ ᠠᠬᠤᠢ ᠶᠢᠨ ᠡᠷᠳᠡᠨᠢ ᠶᠢᠨ ᠭᠠᠵᠠᠷ ᠪᠣᠯᠭᠠᠨ ᠪᠠᠶᠢᠭᠤᠯᠵᠤ᠂ ᠳᠡᠭᠡᠳᠦ ᠳᠣᠣᠷᠠᠳᠤ | ᠱᠠᠲᠤ ᠪᠠᠷ ᠢᠶᠠᠨ ᠰᠡᠳᠬᠢᠯ ᠨᠢᠭᠡᠳᠦᠨ ᠡᠶ᠎ᠡ ᠵᠣᠬᠢᠴᠠᠯ ᠲᠠᠢ ᠵᠣᠯ ᠵᠢᠷᠭᠠᠯᠲᠤ ᠭᠠᠵᠠᠷ ᠢ ᠪᠠᠶᠢᠭᠤᠯᠵᠤ᠂ ᠨᠠᠮ ᠪᠠ ᠣᠯᠠᠨ | ᠲᠦᠮᠡᠨ ᠰᠡᠳᠬᠢᠯ ᠨᠢᠭᠡᠳᠦᠨ ᠬᠦᠴᠦᠷᠬᠡᠭ ᠶᠡᠭᠡ ᠬᠠᠮᠳᠦᠷᠠᠯ ᠬᠦᠴᠦᠨ ᠢ ᠨᠢᠭᠲᠠᠷᠠᠭᠤᠯᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠴᠣᠭᠴᠠᠯᠠᠪᠠ᠃ ᠡᠨᠡ ᠪᠣᠯ | ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠵᠥᠪ ᠣᠨᠣᠪᠴᠢᠲᠠᠢ | ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠪᠦᠬᠦ ᠬᠦᠴᠦᠨ ᠢᠶᠠᠷ ᠢᠶᠠᠨ ᠳᠡᠮᠵᠢᠭᠰᠡᠨ ᠤ ᠦᠷ᠎ᠡ | ᠳ᠋ᠦᠩ ᠮᠥᠨ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠪᠦᠬᠦ ᠬᠤᠲᠠ ᠶᠢᠨ ᠡᠯ᠎ᠡ ᠹᠷᠣᠨᠲ ᠤᠨ ᠺᠠᠳ᠋ᠷ ᠣᠯᠠᠨ ᠲᠦᠮᠡᠨ᠂ | ᠵᠠᠰᠠᠭ ᠤᠨ ᠣᠷᠳᠣᠨ ᠤ ᠠᠵᠢᠯ ᠢ ᠶᠡᠬᠡᠪᠡᠷ ᠳᠠᠮᠵᠢᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠂ ᠠᠵᠢᠯ ᠠᠴᠠ ᠪᠠᠨ ᠠᠮᠠᠷᠠᠵᠤ | ᠠᠵᠢᠯ ᠠᠴᠠ ᠪᠠᠨ ᠪᠠᠭᠤᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠳᠤ᠂ ᠷᠠᠰᠢᠶᠠᠨ ᠳᠤ | ᠰᠠᠭᠤᠭ᠎ᠠ ᠴᠡᠷᠢᠭ ᠠᠩᠬᠢ᠂ ᠷᠠᠰᠢᠶᠠᠨ ᠤ ᠪᠦᠲᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠡᠯ᠎ᠡ ᠰᠠᠭᠤᠭ᠎ᠠ | ᠨᠢᠬᠡᠴᠢ᠂ ᠠᠵᠤ ᠠᠬᠤᠶᠢᠯᠠᠯ ᠪᠠ ᠬᠤᠲᠠ ᠶᠢᠨ ᠳᠣᠲᠣᠨ᠎ᠠ ᠭᠠᠳᠠᠨᠠᠬᠢ ᠡᠯ᠎ᠡ ᠡᠲᠡᠭᠡᠳ ᠤᠨ ᠬᠥᠮᠦᠰ ᠲᠤ ᠡᠷᠬᠢᠮ | ᠲᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ | ᠣᠯᠪᠠ᠃ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠭᠵᠢᠯᠲᠡ ᠶᠢᠨ ᠴᠢᠨᠠᠷ ᠴᠢᠨᠰᠠᠭ᠎ᠠ | ᠥᠨᠳᠥᠷ ᠪᠢᠰᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ᠂ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠬᠦ ᠴᠢᠬᠤᠯᠠᠲᠠᠢ᠂ ᠳᠠᠪᠠᠭᠤᠯᠢᠭ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ | ᠴᠢᠬᠤᠯᠠᠲᠠᠢ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠴᠢᠩᠭᠠᠳᠬᠠᠬᠤ ᠴᠢᠬᠤᠯᠠᠲᠠᠢ᠂ ᠰᠢᠨ᠎ᠡ ᠶᠢ ᠡᠭᠦᠳᠬᠦ | ᠴᠢᠳᠠᠪᠤᠷᠢᠲᠠᠨ ᠤ ᠲᠤᠯᠭᠠᠭᠤᠷᠢᠯᠠᠯ ᠬᠦᠷᠦᠯᠴᠡᠬᠦ ᠦᠭᠡᠢ ᠪᠠᠶᠢᠨ᠎ᠠ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠰᠢᠯᠢᠳᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ | ᠪᠠᠶᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ | ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠴᠥᠭᠡᠨ ᠪᠤᠰᠤ | ᠳᠤᠲᠠᠭᠤᠳᠠᠯ ᠣᠷᠣᠰᠢᠵᠤ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠯᠦᠭᠡ ᠪᠠᠰᠠ | ᠵᠣᠬᠢᠬᠤ ᠵᠦᠷᠢᠶ᠎ᠡ ᠲᠠᠢ ᠪᠠᠶᠢᠨ᠎ᠠ᠃ ᠡᠭᠦᠨ ᠳᠤ᠂ ᠪᠢᠳᠡ ᠯᠠᠪᠲᠠᠶ ᠣᠯᠠᠨ ᠲᠦᠮᠡᠨ ᠤ ᠬᠦᠰᠡᠯ ᠡᠷᠡᠮᠡᠯᠵᠡᠯ ᠢ ᠲᠡᠮᠡᠴᠡᠬᠦ | ᠬᠠᠷᠠᠯᠲᠠ ᠪᠠᠨ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠰᠠᠭᠤᠳᠠᠯ ᠳᠤ ᠰᠢᠭᠤᠳ ᠬᠠᠨᠳᠤᠵᠤ᠂ | ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠴᠢᠬᠤᠯᠠᠳᠠᠢ᠃ | ᠬᠤᠶᠠᠷ᠂ ︽ᠠᠷᠪᠠᠨ ᠲᠦᠷᠪᠡᠳᠦᠭᠡᠷ ᠲᠠᠪᠦᠨ︾ ᠵᠢᠯ ᠤᠨ ᠬᠤᠭᠤᠴᠠᠭᠠᠨ ᠳᠠᠬᠢ ᠭᠤᠤᠯ ᠬᠠᠷᠠᠯᠳᠠ ᠡᠬᠦᠷᠭᠡ | ᠲᠥᠯᠥᠭᠡᠯᠡᠭᠴᠢᠳ ᠡ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ᠂ ᠭᠤᠤᠯ | ᠵᠢᠱᠢᠭᠰᠡᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠦᠨᠳᠦᠰᠦᠯᠡᠨ᠂ ᠪᠢᠳᠡ ︽ᠷᠠᠰᠢᠶᠠᠨ ᠬᠤᠲᠠ ᠶᠢᠨ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠵᠢᠴᠢ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ | ᠨᠠᠶᠢᠷᠠᠭᠤᠯᠤᠨ ᠵᠣᠬᠢᠶᠠᠵᠤ᠂ ᠲᠣᠰ ᠤᠳᠠᠭ᠎ᠠ ᠶᠢᠨ ᠶᠡᠭᠡ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ᠂ | ᠬᠤᠤᠰ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠠᠭᠤᠯᠵᠠᠷ ᠬᠤᠭᠤᠴᠠᠭ᠎ᠠ ᠪᠣᠯᠤᠨ᠎ᠠ᠃ ᠪᠢᠳᠡ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ | ᠷᠠᠰᠢᠶᠠᠨ ᠢ ᠰᠢᠨᠵᠢᠯᠡᠨ ᠪᠠᠶᠢᠴᠠᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠦᠨᠳᠦᠰᠦᠨ ᠵᠣᠷᠢᠯᠭ᠎ᠠ | ᠪᠤᠯᠭᠠᠨ᠂ ᠢᠮᠠᠭᠲᠠ ︽ᠬᠤᠶᠠᠷ ᠶᠡᠭᠡ ᠲᠠᠯ᠎ᠠ︾ ᠶᠢ ᠪᠤᠳᠤᠯᠬᠢᠯᠠᠵᠦ᠂ ︽ ᠲᠦᠷᠦ ᠬᠦᠷᠦᠨ ᠤ ᠶᠡᠭᠡ ᠶᠠᠪᠤᠳᠠᠯ︾ | ᠲᠠᠢ ᠰᠡᠳᠬᠢᠯ ᠵᠢᠷᠦᠬᠡ ᠪᠠᠨ ᠬᠤᠯᠪᠤᠵᠦ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠰᠢᠨᠵᠢᠯᠡᠬᠦ ᠤᠬᠠᠭᠠᠨᠴᠢ ᠪᠠᠷ | ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠭᠤᠰᠢᠯᠠᠭᠤᠯᠵᠦ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠂ | ᠴᠢᠨᠠᠷ ᠰᠠᠶᠢᠲᠠᠶ ᠠᠮᠢᠳᠤᠷᠠᠯ ᠢ ᠴᠤᠬᠴᠠᠯᠠᠵᠦ᠂ ᠥᠨᠳᠥᠷ ᠪᠦᠲᠦᠮᠵᠢᠲᠡᠶ ᠵᠠᠰᠠᠯᠲᠠ ᠶᠢ ᠪᠡᠶᠡᠯᠡᠬᠦᠯᠦᠨ᠂ ᠡᠬᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠤᠮᠠᠷᠠᠲᠤ ᠬᠢᠯᠢ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠤᠬᠴᠠᠯᠠᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢ ᠴᠣᠭᠴᠠᠯᠠᠵᠤ ᠳᠠᠬᠢᠨ ᠰᠢᠨ᠎ᠡ ᠭᠠᠪᠢᠶ᠎ᠠ ᠪᠠᠶᠢᠭᠤᠯᠵᠦ᠂ ᠷᠠᠰᠢᠶᠠᠨ ᠤ ᠣᠨᠴᠠᠯᠢᠭ ᠢ | ᠬᠠᠷᠠᠭᠤᠯᠤᠭᠰᠠᠨ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ︾ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃ | — — ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠎ᠠ᠃ ᠢᠮᠠᠭᠲᠠ ᠬᠥᠭᠵᠢᠯᠲᠡ ᠶᠢᠨ ᠵᠣᠷᠢᠯᠲᠠ ᠪᠣᠯᠤᠨ | ᠲᠤᠰᠤᠯᠳᠠ ᠶᠢ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ | ᠳᠡᠭᠡᠷ᠎ᠡ ᠲᠠᠯᠪᠢᠵᠤ᠂ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠬᠢᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ᠂ ᠰᠢᠯᠢᠳᠡᠭᠵᠢᠭᠦᠯᠬᠦ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ | ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ | — — ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠪᠣᠬᠢᠷᠲᠤᠯ ᠥᠬᠡᠶ ᠪᠠᠶᠢᠬᠤ ᠶᠢ | ᠢᠮᠠᠭᠲᠠ ᠴᠢᠨᠠᠷ ᠰᠠᠶᠢᠲᠠᠶ ᠬᠥᠭᠵᠢᠯᠲᠡ ᠶᠢᠨ ᠬᠠᠮᠤᠭ ᠤᠨ ᠭᠤᠶᠣ ᠳᠡᠪᠢᠰᠬᠡᠷ ᠥᠩᠭᠡ ᠪᠣᠯᠭᠠᠵᠤ᠂ ᠠᠮᠢ ᠠᠬᠤᠶ ᠶᠢ | ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠣᠮᠢᠨ | ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠴᠥᠬᠦᠷᠡᠰᠢ ᠥᠬᠡᠶ ᠰᠠᠶᠢᠲᠤᠷ ᠰᠠᠬᠢᠨ ᠬᠠᠮᠠᠭᠠᠯᠠᠨ᠎ᠠ᠃ ︽ | ᠴᠤᠶᠢᠪᠠᠯᠰᠠᠩ ᠬᠤᠳᠠ ᠪᠤᠯᠤᠨ ᠷᠠᠰᠢᠶᠠᠨ ᠬᠤᠳᠠ︾ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠬᠡᠵᠢᠬᠦᠯᠵᠦ᠂ | ᠨᠠᠩ ᠣᠯᠠᠨ ︽ᠪᠣᠬᠢᠷᠲᠤᠯ ᠥᠬᠡᠶ ᠠᠰᠠᠷᠠᠮᠵᠢ︾ ᠶᠢ ᠡᠭᠦᠳᠴᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠨᠠᠩ | ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠠᠯᠳᠠ ᠮᠥᠩᠭᠦᠨ ᠠᠭᠤᠯᠠ ᠶᠢ | ᠨᠠᠩ ᠶᠡᠭᠡ ᠪᠠᠷ ᠬᠢᠵᠦ᠂ ᠨᠣᠮᠢᠨ ᠨᠣᠭᠤᠭᠠᠨ ᠥᠩᠭᠡ ᠶᠢ ᠷᠠᠰᠢᠶᠠᠨ ᠤ ᠬᠥᠭᠵᠢᠯᠲᠡ ᠶᠢᠨ ᠬᠠᠮᠤᠭ ᠤᠨ ᠰᠡᠳᠬᠢᠯ | ᠬᠥᠳᠡᠯᠭᠡᠮ᠎ᠡ ᠥᠩᠭᠡ ᠪᠤᠳᠤᠭ ᠪᠣᠯᠭᠠᠨ᠎ᠠ᠃ | — — ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠪᠠᠷᠢᠮᠲᠠᠯᠠᠨ᠎ᠠ᠃ ᠴᠢᠨᠠᠷ ᠰᠠᠶᠢᠲᠠᠶ | ᠬᠥᠭᠵᠢᠯᠲᠡ ᠶᠢᠨ ᠭᠤᠤᠯ ᠰᠡᠳᠦᠪ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ | ᠭᠤᠤᠯ ᠰᠢᠵᠢᠮ ᠢ ᠢᠮᠠᠭᠲᠠ ᠪᠠᠲᠤ ᠡᠵᠡᠮᠳᠡᠵᠦ᠂ ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠬᠤ᠂ | ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ | ᠵᠤᠭᠠᠴᠠᠯ ᠤᠨ ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠪᠠᠷ ᠭᠤᠤᠯ ᠤᠳᠤᠷᠢᠳᠤᠮᠵᠢ ᠪᠣᠯᠭᠠᠭᠰᠠᠨ᠂ ᠠᠵᠤ | ᠦᠢᠯᠡᠳᠪᠦᠷᠢ ᠲᠠᠷᠢᠶᠠᠯᠠᠩ ᠢᠶᠠᠷ ᠬᠤᠤᠰ ᠬᠥᠳᠡᠯᠭᠡᠭᠦᠷ ᠪᠣᠯᠭᠠᠭᠰᠠᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠮᠠᠨᠳᠤᠭᠰᠠᠨ ᠠᠵᠤ ᠦᠢᠯᠡᠰ ᠢᠶᠠᠷ ᠬᠦᠴᠦᠲᠡᠶ ᠲᠤᠯᠭᠠᠭᠤᠷᠢᠯᠠᠯ ᠪᠣᠯᠭᠠᠭᠰᠠᠨ ᠬᠥᠭᠵᠢᠯᠲᠡ ᠶᠢᠨ | ᠪᠠᠶᠢᠷᠢᠰᠢᠯ ᠢ ᠶᠡᠭᠡ ᠪᠠᠷ ᠪᠠᠶᠢᠭᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠡᠯ᠎ᠡ | ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠶᠠᠰᠤ ᠴᠢᠨᠠᠷ ᠪᠠ ᠬᠤᠷᠳᠤᠴᠠ᠂ | ᠦᠷ᠎ᠡ ᠠᠰᠢᠭ ᠪᠠ ᠠᠮᠤᠷ ᠲᠦᠪᠰᠢᠨ ᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ᠃ | — — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠭᠦᠨ ᠳᠠᠪᠬᠤᠷᠭ᠎ᠠ ᠶᠢᠨ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠣᠷᠣᠨ ᠨᠤᠲᠤᠭ ᠠᠵᠤ ᠠᠬᠤᠶᠢᠯᠠᠯ ᠢ | ᠨᠢᠭᠡ ᠴᠤᠬᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠥᠨᠳᠥᠷ ᠲᠦᠪᠰᠢᠨ ᠪᠥᠬᠦᠶ ᠭᠠᠳᠠᠭᠠᠳᠤ | ᠨᠡᠭᠡᠭᠡᠯᠲᠡ ᠶᠢ ᠪᠠᠷᠢᠮᠲᠠᠯᠠᠨ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠦᠨ᠂ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠤᠰ ᠣᠷᠴᠢᠯ ᠳᠤ ᠨᠠᠩ ᠰᠠᠶᠢᠨ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠴᠣᠭᠴᠠᠯᠠᠨ᠎ᠠ᠃ | ᠭᠤᠷᠪᠠ ᠂ 2021 ᠤᠨ ᠤ ᠠᠵᠢᠯ ᠤᠨ ᠪᠠᠶᠢᠷᠢᠯᠠᠭᠤᠯᠤᠯᠳᠠ | 2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠃ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠂ ᠲᠥᠪ | ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠪᠠ ᠠᠶᠢᠮᠠᠭ ᠤᠨ ᠨᠠᠮ ᠤᠨ ᠬᠤᠷᠢᠶᠠᠨ ᠤ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠠᠬᠢᠭᠤᠯᠬᠤ᠂ | ᠪᠣᠬᠢᠷᠲᠤᠯ ᠦᠭᠡᠢ ᠬᠥᠭᠵᠢᠯᠲᠡ ᠪᠠᠷ ᠭᠤᠤᠯ ᠰᠡᠳᠦᠪ ᠪᠤᠯᠭᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠤᠯᠭᠠᠵᠦ᠂ ᠰᠢᠰᠲ᠋ᠧᠮᠳᠤ ᠦᠵᠡᠯᠲᠡ ᠶᠢ ᠪᠠᠷᠢᠮᠲᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠬᠦ ᠬᠡᠷᠡᠭᠳᠡᠢ᠃ ᠬᠥᠭᠵᠢᠯᠲᠡ | ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠬᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠦᠷᠭᠦᠯᠵᠢᠯᠡᠨ ᠰᠠᠭᠤᠷᠢ ᠪᠠᠨ ᠪᠠᠲᠤᠳᠬᠠᠬᠤ ᠠᠵᠤ ᠦᠢᠯᠡᠰ ᠢ ᠪᠤᠶᠢᠵᠢᠭᠤᠯᠬᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠶᠢ ᠲᠦᠷᠭᠡᠳᠬᠡᠬᠦ︾ ᠶᠡᠷᠦᠩᠬᠡᠶ ᠰᠡᠳᠬᠢᠴᠡ᠂ ᠠᠮᠢ | ᠠᠬᠤᠶ ᠳᠤ ᠰᠠᠭᠤᠷᠢᠯᠠᠨ ᠬᠥᠭᠵᠢᠯᠲᠡ ᠶᠢ ᠡᠷᠢᠯᠬᠢᠯᠡᠬᠦ᠂ ᠵᠤᠭᠠᠴᠠᠯ ᠤᠨ ᠦᠢᠯᠡᠰ ᠢ ᠬᠦᠭᠵᠢᠬᠦᠯᠬᠦ ᠪᠠᠷ ᠠᠵᠦ | ᠦᠢᠯᠡᠰ ᠢ ᠠᠳᠬᠤᠵᠦ᠂ ᠣᠨᠴᠠᠯᠢᠭ ᠢᠶᠠᠨ ᠳᠣᠪᠤᠶᠢᠯᠭᠠᠵᠤ ᠨᠠᠷᠠᠲᠤ ᠲᠡᠮᠳᠡᠭᠲᠦ ᠶᠢ ᠡᠬᠦᠳᠴᠦ ᠂ ᠰᠢᠨ᠎ᠡ ᠶᠢ | ᠡᠭᠦᠳᠬᠦ ᠬᠥᠭᠵᠢᠯᠲᠡ ᠪᠠᠷ ᠳᠡᠭᠡᠭᠰᠢᠯᠡᠯᠲᠡ ᠶᠢ ᠠᠬᠢᠭᠤᠯᠵᠦ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠭᠡᠷᠡᠴᠢᠯᠡᠯᠲᠡ ᠨᠡᠭᠡᠭᠡᠯᠲᠡ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠬᠤᠳᠠ ᠶᠢᠨ ᠪᠦᠳᠦᠭᠡᠠ ᠪᠠᠶᠢᠭᠤᠯᠤᠯᠲᠠ᠂ ᠠᠮᠤᠷ ᠲᠦᠪᠰᠢᠨ ᠲᠣᠭᠲᠠᠭᠤᠨ | ᠳᠣᠯᠣᠭᠠᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠰᠠᠶᠢᠳᠦᠷ ᠠᠳᠬᠤᠬᠤ ᠲᠤᠭᠤᠷᠢᠨ ᠳᠤ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠦ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠰᠠᠶᠢᠨ ᠡᠬᠢᠯᠡᠯᠲᠡ ᠶᠢ ᠪᠠᠳᠦᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠶ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ | ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5 % ᠠᠴᠠ ᠳᠡᠭᠡᠭᠰᠢ ᠨᠡᠮᠡᠭᠳᠡᠭᠦᠯᠦᠨ᠎ᠡ᠃ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 6 % ᠣᠷᠴᠢᠮ ᠳᠤ ᠬᠦᠷᠦᠭᠦᠯᠦᠨ᠎ᠡ᠃ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠣᠷᠴᠢᠮ ᠪᠠᠶᠢᠯᠭᠠᠨ᠎ᠠ᠃ | ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ᠃ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠣᠷᠣᠨ ᠨᠤᠳᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠭᠳᠠᠭᠤᠯᠭ᠎ᠠ 3.2 % ᠢᠶᠠᠷ ᠪᠠᠭᠤᠷᠠᠵᠤ᠂ | ᠭᠤᠤᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠬᠡᠳᠦᠨ ᠵᠦᠢᠯ ᠤᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠳᠤ ᠰᠠᠭᠤᠷᠢᠯᠠᠨ᠂ ᠠᠵᠤ ᠠᠬᠤᠶ ᠶᠢᠨ ᠣᠷᠴᠢᠯ ᠤᠨ | ᠳᠣᠲᠣᠷ᠎ᠠ ᠭᠠᠳᠠᠨᠠᠬᠢ ᠲᠠᠢ ᠬᠠᠮᠲᠤᠷᠠᠨ ᠬᠥᠳᠡᠯᠦᠯᠴᠡᠬᠦ ᠶᠢ ᠲᠦᠯᠬᠢᠨ ᠠᠬᠢᠭᠤᠯᠤᠨ᠎ᠠ᠃ | ᠵᠠᠰᠠᠭ ᠤᠨ ᠤᠷᠳᠤᠨ ᠠᠵᠤ ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ︽ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠤᠨ︾ ᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ | ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ᠬᠥᠭᠵᠢᠯᠲᠡ ᠶᠢᠨ ᠰᠠᠷ᠎ᠠ ᠶᠢᠨ ᠮᠡᠳᠡᠭᠦᠯᠦᠯᠲᠡ ᠶᠢᠨ | ᠲᠦᠷᠢᠮ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠳ᠋ | ᠪᠠᠷᠠᠭᠠᠨ ᠤ ᠭᠦᠢᠯᠭᠡᠭᠡ ᠵᠡᠷᠭᠡ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ᠎ᠡ᠃ ︽ᠵᠢᠷᠭᠤᠭ᠎ᠠ ᠶᠢ | ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠠᠵᠤ ᠠᠬᠤᠶᠢᠯᠠᠯ ᠤᠨ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ᠂ ᠬᠦᠦ ᠲᠦᠷᠢᠶᠡᠰᠦ ᠶᠢ | ᠬᠥᠩᠭᠡᠯᠡᠬᠦ᠂ ᠪᠡᠯᠡ ᠬᠤᠷᠠᠮᠳᠤᠭᠤᠯᠬᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠵᠢᠱᠢᠯᠲᠡ ᠪᠠᠷ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ | 4000 ᠲᠦᠮᠡᠨ ᠲᠥᠭᠦᠷᠢᠭ ᠠᠴᠠ ᠳᠠᠪᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠦᠨ᠎ᠡ | ᠃ ᠮᠥᠩᠭᠦᠨ ᠬᠦᠢᠯᠬᠡᠬᠡᠨ ᠤ ᠳᠡᠮᠵᠢᠯᠭᠡ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠤᠷᠳᠤᠨ ᠪᠠᠩᠬᠢ ᠠᠵᠤ | ᠠᠬᠤᠶᠢᠯᠠᠯ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠲᠦᠭᠡᠮᠡᠯ ᠬᠠᠷᠠᠭᠠᠯᠵᠠᠯᠲᠤ | ᠮᠥᠩᠭᠦᠨ ᠬᠦᠢᠯᠬᠡᠬᠡᠨ᠂ ᠵᠦᠶ ᠶᠣᠰᠣᠨ ᠤ ᠮᠥᠩᠭᠦᠨ ᠬᠦᠢᠯᠬᠡᠬᠡᠨ ᠢ ᠵᠣᠷᠢᠭᠵᠢᠭᠤᠯᠤᠨ ᠬᠥᠭᠵᠢᠭᠦᠯᠵᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠵᠢᠭᠡᠯᠡᠯᠭᠡ ᠶᠢᠨ ᠲᠡᠮᠳᠡᠭᠲᠦ ᠶᠢᠨ ᠪᠠᠯᠠ ᠲᠣᠬᠢᠷᠠᠭᠤᠯᠭ᠎ᠠ ᠶᠢ | ᠥᠷᠭᠡᠳᠬᠡᠬᠦ ᠶᠢ ᠳᠡᠮᠵᠢᠵᠦ᠂ ᠠᠵᠤ ᠠᠬᠤᠶᠢᠯᠠᠯ ᠤᠨ ᠭᠠᠳᠠᠭᠰᠢ ᠵᠠᠬ᠎ᠠ ᠳᠡᠯᠭᠡᠭᠦᠷ ᠢᠶᠠᠨ ᠥᠷᠭᠡᠳᠬᠡᠬᠦ᠂ ᠬᠠᠮ | ᠦᠵᠡᠰᠬᠦᠯᠡᠩ ᠢᠶᠠᠷ ᠵᠠᠬ᠎ᠠ ᠲᠡᠯᠬᠡᠬᠦᠷ ᠢᠶᠠᠨ ᠦᠷᠭᠡᠳᠬᠡᠬᠦ᠂ ᠡᠯᠧᠺᠲᠷᠤᠨ ᠬᠤᠳᠠᠯᠳᠤᠭ᠎ᠠ ᠪᠠᠷ ᠵᠠᠬ᠎ᠠ ᠲᠡᠯᠬᠡᠬᠦᠷ ᠢᠶᠠᠨ | ᠦᠷᠭᠡᠳᠭᠡᠨ᠎ᠡ᠃ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠢ ᠰᠠᠨᠠᠭᠠᠴᠢᠯᠠᠭ᠎ᠠ ᠠᠴᠠ ᠪᠠᠨ | ᠠᠬᠢᠭᠤᠯᠵᠤ᠂ ᠰᠠᠭᠤᠭ᠎ᠠ ᠠᠵᠤ ᠠᠬᠤᠶᠢᠯᠠᠯ ᠲᠠᠢ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠠᠮᠲᠤᠷᠠᠯᠴᠠᠭᠠᠨ ᠤ | ᠲᠣᠭᠲᠠᠴᠠ ᠶᠢ ᠪᠠᠶᠢᠭᠤᠯᠤᠨ᠎ᠠ᠃ | ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠪᠣᠳᠠᠲᠠᠢ ᠠᠳᠬᠤᠨ᠎ᠠ᠃ ᠴᠢᠬᠤᠯᠠ ᠶᠡᠭᠡ ᠲᠥᠷᠦ ᠶᠢᠨ | ᠪᠣᠳᠣᠯᠭ᠎ᠠ ᠶᠢᠨ ᠤᠳᠤᠷᠢᠳᠤᠮᠵᠢ᠂ ᠪᠡᠯᠡ ᠮᠥᠩᠭᠦᠨ ᠤ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠰᠢᠨ᠎ᠠ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ᠂ ᠰᠢᠨ᠎ᠠ ᠬᠡᠯᠪᠡᠷᠢ ᠶᠢᠨ ᠬᠤᠳᠠ | ᠪᠠᠯᠭᠠᠰᠦᠵᠢᠯᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠷᠢᠴᠠᠭ᠎ᠠ᠂ ᠤᠰᠤᠨ ᠠᠰᠢᠬᠯᠠᠯᠳᠠ ᠵᠡᠷᠭᠡ ᠴᠢᠬᠤᠯᠠ ᠶᠡᠭᠡ | ᠢᠨᠵᠧᠨᠧᠷᠢᠩ ᠤᠨ ᠪᠠᠶᠢᠭᠤᠯᠤᠯᠳᠠ︾ ᠵᠡᠷᠭᠡ ᠭᠤᠣᠯᠳᠠᠯᠭ᠎ᠠ ᠲᠠᠢ ᠴᠢᠭᠯᠡᠯ ᠢ ᠴᠢᠩᠭ᠎ᠠ ᠠᠩᠬᠠᠷᠴᠤ᠂ ᠪᠦᠬᠦ ᠬᠤᠲᠠ ᠶᠢᠨ | ᠬᠥᠳᠡᠯᠦᠩᠭᠦᠢ ᠲᠥᠷᠦᠯ ᠵᠦᠢᠯ ᠤᠨ ᠬᠥᠮᠥᠷᠭᠡ ᠳᠤ ᠨᠥᠭᠡᠴᠡᠯᠡᠬᠦ ᠡᠮᠦᠨᠡᠬᠢ ᠬᠤᠭᠤᠴᠠᠭᠠᠨ ᠤ ᠲᠥᠷᠦᠯ ᠵᠦᠢᠯ ᠢ | 100 ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠢᠷᠪᠢᠰ ᠤᠨ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ | ᠂ ᠡᠦ ᠴᠠ ᠭᠸᠦ ᠠᠴᠠ ᠮᠢᠩ ᠱᠦᠢ ᠾᠧ ᠬᠦᠷᠬᠦ ᠵᠠᠰᠠᠮᠠᠯ ᠵᠠᠮ ᠵᠡᠷᠭᠡ 68 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ 14.3 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ | ᠪᠡᠶᠡᠯᠡᠭᠦᠯᠦᠨ᠎ᠡ᠃ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠲᠥᠷᠦᠯ ᠵᠦᠢᠯ ᠢ | ᠳᠠᠭᠠᠭᠠᠴᠢᠯᠠᠨ ᠬᠤᠯᠪᠣᠭᠠᠯᠠᠬᠤ᠂ ᠮᠥᠷᠳᠡᠨ ᠬᠢᠨᠠᠨ ᠪᠠᠶᠢᠴᠠᠭᠠᠬᠤ ᠪᠠ ᠴᠡᠭ ᠠᠴᠠ ᠴᠡᠭ ᠲᠤ ᠦᠢᠯᠡᠴᠢᠯᠡᠬᠦ ᠵᠡᠷᠭᠡ | ᠳᠦᠷᠢᠮ ᠢ ᠨᠠᠶᠢᠳᠠᠪᠦᠷᠢᠵᠢᠭᠤᠯᠵᠦ᠂ ᠲᠥᠯᠥᠪᠵᠢᠭᠦᠯᠬᠦ᠂ ᠬᠢᠨᠠᠨ ᠬᠠᠷᠭᠤᠭᠤᠯᠬᠤ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢᠨ ᠲᠣᠭᠤᠷᠢᠨ ᠳᠤ᠂ ᠱᠠᠲᠤ ᠲᠡᠰ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠦᠯ ᠵᠦᠢᠯ ᠤᠨ ᠪᠠᠷᠢᠮᠵᠢᠶ᠎ᠠ ᠠᠴᠠ ᠬᠡᠲᠦᠷᠡᠬᠦ᠂ ᠲᠦᠢᠮᠣ ᠲᠥᠰᠦᠪ ᠠᠴᠠ | ᠬᠡᠲᠦᠷᠡᠬᠦ᠂ ᠠᠵᠢᠯ ᠤᠨ ᠬᠤᠭᠤᠴᠠᠭ᠎ᠠ ᠠᠴᠠ ᠬᠡᠲᠦᠷᠡᠬᠦ ᠶᠢ ᠴᠢᠩᠭ᠎ᠠ ᠬᠢᠵᠠᠭᠠᠷᠯᠠᠨ᠎ᠠ᠃ ᠬᠤᠳᠠᠯᠳᠤᠭᠠᠴᠢᠨ ᠤᠷᠢᠬᠤ | ᠪᠣᠯ ︽ᠲᠡᠷᠢᠭᠦᠨ ᠴᠢᠬᠤᠯᠠ ᠶᠠᠪᠤᠳᠠᠯ︾ ᠪᠣᠯᠬᠤ ᠶᠢ ᠪᠠᠷᠢᠮᠲᠠᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ︽ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠣᠭᠲᠠᠭᠠᠨ ᠨᠡᠶᠢᠲᠡᠯᠡᠵᠦ᠂ ᠭᠠᠳᠠᠭᠠᠳᠤ ᠳᠤ ᠰᠠᠭᠤᠭ᠎ᠠ | ᠬᠤᠳᠠᠯᠳᠤᠭᠠᠴᠢᠨ ᠤᠷᠢᠬᠤ ᠡᠯᠴᠢᠨ ᠰᠠᠶᠢᠳ ᠪᠣᠯᠤᠨ ︽ᠠᠵᠤ ᠦᠢᠯᠡᠰ ᠤᠨ ᠲᠠᠨᠢᠯᠴᠠᠭᠤᠯᠤᠭᠴᠢ︾ ᠶᠢᠨ | ᠦᠢᠯᠡᠳᠦᠯ ᠢ ᠪᠠᠳᠠᠷᠠᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠢ ᠪᠣᠳᠠᠲᠠᠶᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠯᠡ ᠮᠥᠩᠭᠦ ᠶᠢ ᠪᠣᠳᠠᠲᠠᠶᠢᠵᠢᠭᠤᠯᠬᠤ ᠶᠢ | 15 % ᠠᠴᠠ ᠳᠡᠭᠡᠭᠰᠢ ᠪᠠᠷ ᠨᠡᠮᠡᠭᠳᠡᠭᠦᠯᠦᠨ᠎ᠡ᠃ | ᠬᠡᠷᠡᠭᠯᠡᠭᠡ ᠶᠢᠨ ᠳᠠᠶᠢᠴᠢᠯᠠᠯᠲᠠ ᠶᠢ ᠠᠬᠢᠭᠤᠯᠤᠨ᠎ᠠ᠃ ᠪᠣᠳᠠᠲᠤ ᠴᠣᠭᠴᠠ ᠶᠢᠨ ᠬᠤᠳᠠᠯᠳᠤᠭᠠᠨ ᠤ | ᠬᠥᠭᠵᠢᠯᠲᠡ ᠶᠢ ᠵᠣᠷᠢᠭᠵᠢᠭᠤᠯᠵᠤ᠂ ᠬᠤᠲᠠ ᠪᠠᠯᠭᠠᠰᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ | ᠸᠧᠨᠴᠢᠤᠸᠠᠨ ᠬᠤᠳᠠᠯᠳᠤᠭᠠᠨ ᠤ ᠠᠰᠠᠷ᠂ ᠢᠷᠪᠢᠰ ᠶᠠᠪᠠᠭᠠᠨ ᠵᠡᠭᠡᠯᠢ ᠵᠡᠷᠭᠡ ᠬᠤᠳᠠᠯᠳᠤᠭᠠᠨ ᠤ ᠲᠥᠷᠥᠯ ᠵᠦᠢᠯ ᠢ | ᠠᠮᠢᠳᠤᠯᠢᠭ ᠪᠣᠯᠭᠠᠬᠤ ᠶᠢ ᠲᠦᠷᠭᠡᠳᠬᠡᠵᠦ᠂ ︽ᠳᠡᠯᠭᠡᠭᠡ ᠮᠠᠶᠢᠮᠠᠶ ᠶᠢᠨ ᠠᠵᠤ ᠠᠬᠤᠶ︾ ᠶᠢ ᠵᠦᠢ ᠵᠣᠬᠢᠰᠲᠠᠶ | ᠲᠦᠷᠢᠮᠵᠢᠬᠦᠯᠵᠦ᠂ ᠣᠷᠣᠨ ᠪᠦᠰᠡ ᠶᠢᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠪᠠᠯᠭᠠᠰᠤ ᠲᠣᠰᠬᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ | ᠥᠭᠡᠷᠡᠴᠢᠯᠡᠯᠲᠡ ᠶᠢ ᠠᠬᠢᠭᠤᠯᠵᠤ᠂ ᠪᠠᠷᠠᠭᠤᠨ ᠪᠣᠭᠤᠮᠲᠠ ᠶᠢᠨ ᠴᠤᠭᠯᠠᠭ᠎ᠠ ᠮᠠᠶᠢᠮᠠᠶ ᠳᠤ ᠣᠴᠢᠬᠤ᠂ ᠲᠤᠩᠭᠠᠯᠠᠭ ᠤᠰᠤ | ᠭᠦᠢᠯᠡᠰᠦᠨ ᠪᠠᠶᠠᠷ ᠤᠨ ᠡᠳᠦᠷ᠂ ᠪᠠᠶ ᠯᠠᠩ ᠮᠥᠰᠥᠨ ᠲᠡᠭᠡᠷ᠎ᠡ ᠭᠤᠯᠭᠤᠬᠤ ᠪᠠᠶᠠᠷ ᠤᠨ ᠡᠳᠦᠷ ᠵᠡᠷᠭᠡ ᠪᠠᠶᠠᠷ | ᠳᠤᠷᠠᠰᠬᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠎ᠠ᠃ ᠠᠷᠠᠳ ᠲᠤ ᠳᠥᠭᠦᠮ | ᠦᠵᠡᠭᠦᠯᠬᠦ ᠠᠮᠢᠳᠤᠷᠠᠯ ᠤᠨ ᠦᠢᠯᠡᠴᠢᠯᠡᠬᠡᠨ ᠤ ᠲᠣᠭᠤᠷᠢᠭ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠬᠡᠨ ᠤ ᠲᠤᠤᠷ ᠴᠡᠭ ᠢ ᠲᠥᠯᠥᠪᠵᠢᠭᠦᠯᠵᠦ᠂ ᠪᠠᠷᠠᠭ᠎ᠠ ᠶᠢᠨ ᠬᠦᠢᠯᠬᠡᠬᠡᠨ ᠤ | ᠲᠤᠬᠢᠷᠠᠭᠤᠯᠤᠨ ᠬᠦᠷᠭᠡᠬᠦ ᠶᠢ ᠰᠢᠯᠢᠳᠡᠭᠵᠢᠭᠦᠯᠦᠨ᠂ ᠪᠠᠷᠠᠭ᠎ᠠ ᠶᠢᠨ ᠬᠦᠢᠯᠬᠡᠬᠡᠨ ᠤ ᠥᠪᠡᠷ ᠤᠨ ᠥᠷᠲᠡᠭ ᠢ | ᠪᠠᠭᠤᠷᠠᠭᠤᠯᠵᠤ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠶᠢ ᠲᠠᠶᠢᠴᠢᠯᠠᠬᠤ᠂ ᠰᠦᠯᠵᠢᠶᠡᠨ ᠳᠡᠭᠡᠷ᠎ᠡ ᠬᠠᠮᠲᠤ ᠪᠠᠷ ᠬᠤᠳᠠᠯᠳᠤᠨ ᠠᠪᠬᠤ ᠵᠡᠷᠭᠡ | ᠰᠢᠨ᠎ᠡ ᠬᠡᠷᠡᠭᠯᠡᠭᠡ ᠶᠢᠨ ᠵᠠᠭᠪᠤᠷ ᠢ ᠳᠠᠮᠵᠢᠵᠤ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠵᠢᠱᠢᠶ᠎ᠡ | ᠦᠵᠡᠭᠦᠯᠬᠦ ᠰᠢᠶᠠᠨ ᠤ ᠳᠡᠰ ᠳᠡᠪᠰᠢᠭᠰᠡᠨ ᠬᠡᠪ ᠢ ᠢᠳᠡᠪᠬᠢᠲᠡᠶ ᠪᠠᠷ ᠪᠠᠶᠢᠭᠤᠯᠤᠨ᠎ᠠ᠃ ᠨᠡᠷᠡᠲᠦ ᠲᠡᠮᠳᠡᠭᠲᠦ ᠶᠢᠨ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠲᠠᠸᠠᠷ ᠤᠨ | ᠲᠡᠮᠳᠡᠭ ᠢ ᠳᠠᠩᠰᠠᠯᠠᠭᠤᠯᠤᠨ ᠮᠡᠳᠡᠭᠦᠯᠵᠦ᠂ ᠲᠤᠰ ᠭᠠᠵᠠᠷ ᠤᠨ ᠠᠵᠤ ᠠᠬᠤᠶᠢᠯᠠᠯ ᠤᠨ ᠠᠯᠳᠠᠷᠰᠢᠯ ᠢ | ᠲᠡᠭᠡᠭᠰᠢᠯᠡᠬᠦᠯᠦᠨ᠎ᠡ᠃ | ᠰᠢᠨ᠎ᠡ ᠶᠢ ᠡᠭᠦᠳᠬᠦ ᠠᠵᠢᠯ ᠣᠯᠭᠤᠯᠲᠠ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ︽ᠰᠠᠭᠠᠳ | ᠥᠬᠡᠶ ᠨᠡᠪᠲᠡᠷᠡᠬᠦ ᠵᠠᠮ︾ ᠵᠡᠷᠭᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ ᠢ ᠬᠡᠷᠡᠭᠵᠢᠭᠦᠯᠵᠦ᠂ | ᠮᠡᠷᠭᠡᠵᠢᠯ ᠤᠨ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠵᠠᠮ ᠮᠥᠷ ᠢ ᠥᠷᠭᠡᠳᠬᠡᠨ᠎ᠡ᠃ | ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠨᠠᠷᠠᠲᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ | ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰᠬᠠᠶ ᠮᠡᠷᠭᠡᠵᠢᠯᠲᠡᠨ ᠠᠺᠠᠳᠧᠮᠢᠴᠢ᠂ ᠶᠡᠭᠡ ᠳᠡᠭᠡᠳᠦ | ᠰᠤᠷᠭᠠᠭᠤᠯᠢ᠂ ᠳᠠᠭᠠᠭᠤᠯᠤᠭᠴᠢ ᠠᠵᠤ ᠠᠬᠤᠶᠢᠯᠠᠯ ᠤᠨ ᠮᠠᠨ ᠤ ᠬᠤᠲᠠ ᠶᠢᠨ ︽ᠥᠷᠲᠡᠭᠡ ᠪᠠᠶᠢᠭᠤᠯᠬᠤ ᠴᠡᠭ︾ ᠳᠤ | ᠬᠥᠷᠬᠦ ᠶᠢ ᠵᠣᠷᠢᠭᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠬᠤ᠂ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ | ᠡᠭᠦᠳᠬᠦ ᠶᠢ ᠭᠦᠨᠵᠡᠭᠡᠢ ᠠᠬᠢᠭᠤᠯᠤᠨ᠂ ᠠᠶᠢᠮᠠᠭ ᠤᠨ ᠲᠡᠰ ᠠᠴᠠ ᠳᠡᠭᠡᠭᠰᠢᠬᠢ ᠦᠢᠯᠡᠰ ᠪᠣᠰᠬᠠᠬᠤ ᠰᠠᠭᠤᠷᠢᠨ ᠭᠠᠵᠠᠷ ᠢ | ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠰ ᠪᠤᠰᠬᠠᠬᠤ | ᠦᠢᠯᠡᠴᠢᠯᠡᠭᠡᠨ ᠤ ᠲᠠᠪᠴᠠᠩ ᠢ ᠪᠦᠬᠦ ᠨᠡᠶᠢᠭᠡᠮ ᠲᠣᠭᠤᠷᠢᠭ ᠲᠤ ᠪᠦᠷᠬᠦᠭᠦᠯᠬᠦ ᠶᠢ ᠬᠦᠴᠦᠯᠡᠨ ᠠᠬᠢᠭᠤᠯᠤᠨ᠎ᠠ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠦᠢᠯᠡᠰ | ᠪᠤᠰᠬᠠᠬᠤ ᠲᠠᠭᠠᠭᠠᠯᠳᠠᠳᠤ ᠵᠢᠭᠡᠯᠡᠯᠭᠡ ᠶᠢ 1000 ᠲᠦᠮᠡᠨ ᠲᠥᠭᠦᠷᠢᠭ ᠲᠠᠷᠬᠠᠭᠠᠵᠤ᠂ ᠦᠢᠯᠡᠰ ᠪᠤᠰᠬᠠᠵᠦ ᠠᠵᠢᠯ | ᠤᠯᠬᠤ ᠶᠢ ᠶᠡᠬᠡᠪᠡᠷ ᠠᠬᠢᠭᠤᠯᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | 4 % ᠶᠢᠨ ᠳᠣᠲᠣᠷ᠎ᠠ ᠬᠢᠵᠠᠭᠠᠷᠯᠠᠵᠤ᠂ ᠠᠵᠢᠯ ᠦᠬᠡᠢ ᠬᠡᠷ ᠪᠦᠯᠢ ᠶᠢ ᠠᠵᠢᠯ ᠲᠠᠢ ᠪᠤᠯᠭᠠᠬᠤ ᠶᠢ ᠪᠠᠳᠦᠯᠠᠨ᠎ᠠ᠃ | ︵ᠬᠤᠶᠠᠷ︶ ᠬᠦᠴᠦ ᠪᠠᠨ ᠲᠥᠪᠯᠡᠷᠡᠭᠦᠯᠦᠨ ᠠᠵᠤ ᠦᠢᠯᠡᠰ ᠢ ᠳᠡᠰ ᠳᠡᠪᠰᠢᠭᠦᠯᠵᠦ᠂ ᠬᠥᠭᠵᠢᠯᠲᠡ ᠶᠢᠨ ᠶᠠᠰᠤ | ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠵᠤᠭᠠᠴᠠᠯ ᠤᠨ ᠦᠢᠯᠡᠰ ᠤᠨ ᠴᠢᠨᠠᠷᠵᠢᠯᠲᠠ ᠶᠢ ᠳᠣᠪᠤᠶᠢᠯᠭᠠᠨ᠎ᠠ᠃ ︽ᠲᠠᠪᠤᠨ ᠶᠡᠭᠡ ᠭᠤᠤᠯ ᠰᠡᠳᠦᠪ︾ ᠤᠨ | ᠲᠣᠭᠤᠷᠢᠨ ᠳᠤ᠂ ︽ᠵᠢᠷᠭᠤᠭᠠᠨ ᠵᠦᠢᠯ ᠤᠨ ᠡᠯᠧᠮᠧᠨ᠋ᠲ︾ ᠢ ᠠᠭᠤᠳᠠᠯᠵᠤ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ᠃ ᠰᠣᠶᠣᠯ | ᠵᠤᠭᠠᠴᠠᠯ ᠤᠨ ᠪᠦᠲᠦᠭᠡᠭᠳᠡᠬᠦᠨ ᠢ ᠭᠦᠨᠵᠡᠭᠡᠶ ᠰᠤᠳᠤᠯᠤᠨ ᠨᠡᠭᠡᠭᠡᠨ᠎ᠡ︔ ︽ᠦᠬᠠᠶ ᠷᠠᠰᠢᠶᠠᠨ ᠬᠠᠶᠢᠯᠠᠷ ᠮᠠᠨᠵᠤᠤᠷ︾᠂ | ᠬᠥᠳᠡᠭᠡ ᠲᠣᠰᠬᠤᠨ ᠤ ᠵᠤᠭᠠᠴᠠᠯ ᠂ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠵᠡᠷᠭᠡ ᠰᠣᠳᠣᠨ | ᠵᠤᠭᠠᠴᠠᠯ ᠤᠨ ᠵᠠᠮ ᠱᠤᠭᠤᠮ ᠢ ᠢᠳᠡᠪᠬᠢᠲᠡᠶ ᠪᠠᠷ ᠪᠤᠢ ᠪᠣᠯᠭᠠᠨ᠎ᠠ᠃ ᠪᠣᠭᠤᠮᠲᠠ ᠶᠢᠨ ᠦᠵᠡᠮᠵᠢ ᠶᠢᠨ ᠣᠷᠣᠨ ᠤ ᠪᠥᠬᠦ | ᠲᠠᠯ᠎ᠠ ᠪᠠᠷ ᠨᠡᠭᠡᠭᠡᠯᠲᠡ ᠬᠢᠬᠦ ᠶᠢ ᠪᠡᠶᠡᠯᠡᠭᠦᠯᠵᠦ᠂ ᠤᠯᠤᠰ ᠤᠨ ᠪᠥᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ | ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠪᠥᠬᠦ ᠣᠷᠣᠨ ᠪᠦᠰᠡ ᠶᠢᠨ | ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠲᠥᠪ᠂ ᠭᠤᠷᠪᠠᠨ | ᠨᠦᠮᠦᠷᠬᠡ ᠶᠢᠨ ᠠᠭᠤᠯᠠ ᠶᠢᠨ ᠭᠠᠷᠠᠮ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠣᠭᠤᠷᠢᠭ ᠵᠢᠴᠢ ᠳᠠᠪᠠᠭᠠᠨ | ᠡᠮᠦᠨᠡᠬᠢ ᠭᠤᠷᠪᠠᠨ ᠪᠠᠯᠭᠠᠰᠤᠨ ᠤ ᠵᠤᠭᠠᠴᠠᠭᠰᠠᠳ ᠢ ᠲᠥᠪᠯᠡᠷᠡᠭᠦᠯᠵᠦ ᠲᠠᠷᠬᠠᠭᠠᠬᠤ ᠦᠢᠯᠡᠴᠢᠯᠡᠬᠡᠨ ᠤ ᠴᠡᠭ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ︔ 2021 ᠣᠨ ᠤ ᠳᠡᠯᠡᠬᠡᠶ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠳᠤᠮᠳᠠ ᠬᠤᠭᠤᠴᠠᠭᠠᠨ ᠤ ᠦᠨᠡᠯᠡᠨ ᠵᠢᠱᠢᠵᠦ ᠰᠢᠯᠭᠠᠨ ᠪᠠᠶᠢᠴᠠᠭᠠᠬᠤ ᠶᠢ ᠤᠭᠲᠤᠬᠤ | ᠠᠵᠢᠯ ᠢ ᠰᠠᠶᠢᠲᠤᠷ ᠬᠢᠨ᠎ᠠ᠃ ︽ᠭᠤᠷᠪᠠᠨ ᠲᠣᠭᠤᠷᠢᠭ︾ ᠤᠨ ᠥᠭᠡᠷᠡᠴᠢᠯᠡᠯᠲᠡ᠂ ᠪᠠᠶ ᠯᠠᠩ ᠤᠨᠴᠠᠯᠢᠭᠳᠤ ᠵᠢᠵᠢᠭ | ᠪᠠᠯᠭᠠᠰᠤ᠂ ᠲᠠᠢ ᠶᠠᠩ ᠬᠥ᠋ ᠳᠡᠭᠡᠳᠦ ᠲᠠᠰ ᠤᠨ ᠵᠤᠭᠠᠴᠠᠯ ᠤᠨ ᠣᠷᠣᠨ᠂ ᠪᠠᠶ ᠯᠠᠩ ᠤᠨ ᠬᠢᠳᠠᠨ ᠠᠭᠤᠶ᠂ | ᠳᠥᠷᠪᠡᠯᠡᠭᠰᠡᠨ ᠬᠦᠷᠢᠶ᠎ᠡ ᠶᠢᠨ ᠬᠠᠲᠠᠨ ᠵᠢᠷᠤᠭ ᠢ ᠬᠠᠮᠠᠭᠠᠯᠠᠬᠤ ᠴᠢᠨᠠᠷᠲᠠᠶ ᠪᠠᠷ ᠨᠡᠭᠡᠭᠡᠨ ᠬᠥᠭᠵᠢᠭᠦᠯᠬᠦ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠨᠴᠠᠯᠢᠭᠳᠤ ᠠᠷᠠᠳ ᠤᠨ ᠰᠠᠭᠤᠴᠠ᠂ ᠥᠪᠡᠰᠦᠪᠡᠨ | ᠲᠡᠷᠭᠡ ᠵᠢᠯᠣᠭᠤᠳᠴᠤ ᠡᠵᠡᠩᠨᠡᠬᠦ ᠭᠠᠵᠠᠷ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ︽ | ᠴᠡᠴᠡᠭᠯᠡᠨ ᠵᠢᠮᠢᠰᠯᠡᠬᠦ︾ ᠶᠢ ᠲᠦᠯᠬᠢᠨ ᠠᠬᠢᠭᠤᠯᠵᠤ᠂ ᠪᠦᠬᠦ ᠦᠵᠡᠮᠵᠢ ᠶᠢ ᠬᠠᠮᠤᠷᠬᠤ ᠶᠢ ᠪᠡᠶᠡᠯᠡᠭᠦᠯᠦᠨ᠎ᠡ᠃ ᠱᠸᠦ | ᠯᠢᠤᠢ᠂ ᠵᠦᠸᠧ ᠡᠯ ᠵᠡᠷᠭᠡ ᠵᠤᠭᠠᠴᠠᠯ ᠤᠨ ᠲᠠᠭᠠᠭᠤᠯᠤᠬᠴᠢ ᠠᠵᠤ ᠠᠬᠤᠶᠢᠯᠠᠯ ᠯᠤᠭ᠎ᠠ ᠬᠠᠮᠲᠤᠷᠠᠨ ᠬᠠᠮᠵᠢᠯᠴᠠᠬᠤ ᠶᠢ | ᠭᠦᠨᠵᠡᠭᠡᠶᠢᠷᠡᠭᠦᠯᠵᠦ᠂ ︽ᠬᠠᠮᠢᠶᠠᠷᠬᠤ᠂ ᠪᠣᠷᠣᠯᠠᠭᠤᠯᠬᠤ᠂ ᠦᠢᠯᠡᠴᠢᠯᠡᠬᠦ︾ ᠵᠡᠷᠭᠡ ᠲᠤᠰᠬᠠᠶ ᠮᠡᠷᠭᠡᠵᠢᠯ ᠤᠨ ᠮᠡᠷᠭᠡᠵᠢᠯ | ᠴᠢᠳᠠᠪᠤᠷᠢ ᠶᠢᠨ ᠪᠤᠯᠪᠠᠰᠦᠷᠠᠯ ᠢ ᠴᠢᠩᠭᠠᠷᠠᠭᠤᠯᠤᠨ᠎ᠠ᠃ ᠡᠪᠦᠯ ᠤᠨ ᠤᠯᠠᠷᠢᠯ ᠤᠨ ᠵᠤᠭᠠᠴᠠᠯ ᠤᠨ ᠲᠥᠷᠥᠯ ᠵᠦᠢᠯ ᠢ | ᠭᠦᠨᠵᠡᠭᠡᠶ ᠲᠥᠯᠥᠪᠵᠢᠭᠦᠯᠵᠦ᠂ ︽3 ᠳ᠋ᠦᠩᠰᠢᠭᠤᠷ ᠬᠥᠮᠦᠨ ᠮᠥᠰᠥ ᠴᠠᠰᠤᠨ ᠳᠤ ᠭᠤᠯᠭᠤᠬᠤ︾ ᠶᠢ | ᠨᠠᠶᠢᠳᠠᠪᠤᠷᠢᠵᠢᠭᠤᠯᠵᠤ᠂ ᠮᠥᠰᠥ ᠴᠠᠰᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠷᠰᠢᠯᠲᠠ ᠶᠢᠨ | ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠷᠴᠠ ᠤᠯᠠᠭᠠᠨ ᠴᠡᠴᠡᠭ ᠤᠨ ᠪᠠᠶᠠᠷ᠂ ᠠᠷᠢᠭᠤᠨ | ᠤᠰᠤᠨ ᠤ ᠪᠠᠶᠠᠷ᠂ ᠬᠡᠷᠡᠯ ᠵᠢᠷᠤᠭ ᠤᠨ ᠪᠠᠶᠠᠷ᠂ ᠮᠥᠰᠥ ᠴᠠᠰᠤᠨ ᠤ ᠪᠠᠶᠠᠷ ︽ᠳᠥᠷᠪᠡᠨ ᠤᠯᠠᠷᠢᠯ ᠤᠨ ᠪᠡᠯᠭᠡᠯᠡᠬᠦ | ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠪᠥᠬᠦ ᠴᠠᠭ ᠤᠨ ᠪᠣᠷᠣᠯᠠᠭᠤᠯᠭ᠎ᠠ ᠪᠠᠷ ᠪᠥᠬᠦ ᠤᠯᠠᠷᠢᠯ ᠤᠨ | ᠨᠠᠷᠠᠲᠤ ᠲᠥᠷᠥᠯ ᠲᠡᠮᠳᠡᠭᠲᠦ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠪᠠ ᠬᠥᠰᠢᠭᠦᠷᠭᠡ ᠶᠢᠨ | ᠦᠢᠯᠡᠳᠦᠯ ᠢ ᠠᠰᠢᠭᠯᠠᠨ᠂ ᠰᠣᠶᠣᠯ ᠵᠤᠭᠠᠴᠠᠯ ᠤᠨ ᠠᠵᠤ ᠦᠢᠯᠡᠰ ᠤᠨ ᠺᠣᠮᠫᠠᠨᠢ ᠶᠢᠨ ᠬᠥᠭᠵᠢᠨ ᠪᠤᠵᠠᠭᠠᠶᠢᠷᠬᠠᠤ ᠶᠢ | ᠠᠬᠢᠭᠤᠯᠵᠤ᠂ ᠵᠤᠭᠠᠴᠠᠯ ᠤᠨ ᠦᠢᠯᠡᠰ ᠤᠨ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ | ᠤᠶᠤᠨᠲᠤ ᠵᠤᠭᠠᠴᠠᠯ︾ ᠢ ᠶᠡᠬᠡᠪᠡᠷ ᠬᠡᠷᠡᠭᠵᠢᠭᠦᠯᠵᠦ᠂ ᠲᠣᠮᠣ ᠳ᠋ᠠᠶᠢᠲ᠋ᠠ ᠶᠢᠨ ᠲᠥᠪ ᠪᠠ ᠤᠶᠤᠨᠲᠤ ᠵᠤᠭᠠᠴᠠᠯ ᠤᠨ | ᠵᠢᠵᠢᠭ ᠫᠷᠤᠭ᠍ᠷᠠᠮ ᠢ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠤ᠂ ᠵᠤᠭᠠᠴᠠᠯ ᠤᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠤᠨ᠎ᠠ ᠃ ᠵᠤᠭᠠᠴᠠᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠯᠲᠠ ᠪᠠ | ᠦᠵᠡᠮᠵᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ᠵᠤᠭᠠᠴᠠᠯ ᠤᠨ | ᠦᠢᠯᠡᠴᠢᠯᠡᠬᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠵᠢᠯᠲᠠ ᠶᠢ ᠠᠬᠢᠭᠤᠯᠤᠨ᠎ᠠ᠃ ᠰᠣᠶᠣᠯ ᠵᠤᠭᠠᠴᠠᠯ ᠤᠨ ᠠᠵᠤ | ᠦᠢᠯᠡᠰ ᠤᠨ ᠬᠦᠷᠢᠶᠡᠯᠡᠩ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠸᠠ ᠬᠠᠢ ᠯᠧ ᠲᠦ᠋ ᠵᠡᠷᠭᠡ | ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠦᠵᠡᠮᠦᠷᠢ ᠶᠢᠨ ᠴᠡᠭ ᠢ ᠲᠡᠭᠦᠯᠳᠡᠷᠵᠢᠭᠦᠯᠵᠦ᠂ ᠡᠪᠡᠰᠦᠨ ᠤ | ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠬᠢᠲᠠᠳ ᠡᠪᠡᠰᠦᠨ ᠡᠮ᠂ ᠢᠳᠡᠰᠢᠨ ᠮᠦᠬᠦ | ᠵᠡᠷᠭᠡ ᠪᠠᠷ ᠤᠳᠤᠷᠢᠳᠤᠮᠵᠢ ᠪᠣᠯᠭᠠᠭᠰᠠᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠭᠦᠨᠵᠡᠭᠡᠢ ᠬᠥᠭᠵᠢᠭᠦᠯᠵᠦ᠂ | ᠬᠠᠬᠢᠷ ᠬᠦᠢᠲᠡᠨ ᠴᠢᠨᠠᠷ ᠰᠠᠶᠢᠳᠠᠢ ᠪᠡᠯᠴᠢᠭᠡᠷ ᠡᠪᠡᠰᠦ ᠶᠢ 2 ᠲᠦᠮᠡᠨ ᠮᠦ ᠨᠡᠮᠡᠭᠳᠡᠭᠦᠯᠵᠦ᠂ 5 ᠲᠦᠮᠡᠨ ᠮᠦ ᠬᠠᠷ᠎ᠠ | ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠪᠦᠳᠦᠭᠡᠭᠳᠡᠬᠦᠨ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠨᠴᠠ ᠰᠢᠯᠢᠳᠡᠭ ᠲᠣᠭᠤᠷᠢᠭ ᠢ ᠡᠭᠦᠳᠦᠨ ᠪᠠᠶᠢᠭᠤᠯᠤᠨ᠎ᠠ᠃ ᠤᠤᠯ ᠤᠨ ᠲᠥᠮᠥᠰᠥ᠂ ᠨᠢᠭᠡᠳᠦᠭᠡᠷ | ᠦᠶ᠎ᠡ ᠶᠢᠨ ᠲᠥᠮᠥᠰᠥ ᠲᠠᠷᠢᠬᠤ ᠪᠠ ᠪᠦ᠋ ᠯᠢᠤ ᠺᠧ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ ᠪᠦᠲᠦᠭᠡᠨ ᠪᠠᠶᠢᠭᠤᠯᠵᠤ᠂ ᠲᠢᠶᠠᠨ ᡂᠢ ᠪᠠᠯᠭᠠᠰᠤᠨ ᠤ ᠷᠠᠰᠢᠶᠠᠨ ᠢᠳᠡᠰᠢᠨ ᠨᠣᠭᠤᠭ᠎ᠠ ᠶᠢᠨ ᠰᠠᠷᠠᠪᠴᠢ | ᠶᠢᠨ ᠬᠦᠷᠢᠶᠡᠯᠡᠩ ᠲᠣᠭᠤᠷᠢᠭ ᠢ ᠠᠮᠢᠯᠠᠭᠤᠯᠵᠤ᠂ ᠪᠦ᠋ ᠯᠢᠤ ᠺᠧ ᠠᠵᠤ ᠦᠢᠯᠡᠰᠵᠢᠭᠰᠡᠨ ᠬᠥᠭᠵᠢᠯᠲᠡ ᠶᠢ | ᠦᠷᠭᠦᠯᠵᠢᠯᠡᠨ ᠠᠬᠢᠭᠤᠯᠤᠨ᠎ᠠ᠃ ᠲᠢᠶᠠᠨ ᡂᠢ ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠴᠡᠴᠡᠭ | ᠬᠤᠸᠠᠷ ᠴᠢᠬᠢ ᠮᠣᠳᠣ ᠪᠤᠶᠢᠵᠢᠭᠤᠯᠬᠤ ᠲᠥᠷᠥᠯ ᠵᠦᠢᠯ᠂ ᠪᠠᠶ ᠯᠠᠩ ᠪᠠᠯᠭᠠᠰᠤ ᠶᠢᠨ ᠣᠨᠴᠠᠯᠢᠭᠲᠤ ᠲᠡᠵᠢᠭᠡᠨ | ᠦᠷᠡᠵᠢᠭᠦᠯᠬᠦ ᠲᠥᠷᠥᠯ ᠵᠦᠢᠯ᠂ ᠡᠤ ᠴᠠ ᠭᠸᠦ ᠪᠠᠯᠭᠠᠰᠤ ᠶᠢᠨ ᠶᠠᠳᠠᠭᠤ ᠶᠢ ᠲᠡᠳᠬᠦᠬᠦ ᠦᠢᠯᠡᠳᠪᠦᠷᠢ ᠶᠢᠨ | ᠲᠠᠰᠤᠭ ᠤᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ ᠮᠢᠩ ᠱᠦᠶ ᠾᠧ ᠪᠠᠯᠭᠠᠰᠤ ᠶᠢᠨ ︽ᠤᠳᠠᠭᠠᠨ | ᠲᠠᠷᠢᠵᠤ ᠤᠳᠠᠭᠠᠨ ᠲᠡᠵᠢᠭᠡᠬᠦ︾ ᠣᠨᠴᠠᠯᠢᠭᠲᠤ ᠲᠠᠷᠠᠬᠠᠶ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠢ ᠦᠨᠡᠨ ᠬᠦ ᠥᠷᠢᠰᠥᠯᠳᠦᠭᠡᠨ ᠤ ᠳᠠᠪᠠᠭᠤᠯᠢᠭ ᠪᠣᠯᠭᠠᠨ | ᠬᠤᠪᠢᠷᠠᠭᠤᠯᠤᠨ᠎ᠠ᠃ | ᠪᠣᠬᠢᠷᠲᠤᠯ ᠦᠭᠡᠢ ᠠᠵᠤ ᠦᠢᠯᠡᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠤᠯᠠᠮᠵᠢᠯᠠᠯᠲᠤ ᠠᠵᠤ | ᠦᠢᠯᠡᠰ ᠤᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠶᠢᠵᠢᠯᠳᠡ ᠶᠢᠨ ᠥᠭᠡᠷᠡᠴᠢᠯᠡᠯᠲᠡ ᠶᠢ | ᠲᠦᠷᠭᠡᠳᠬᠡᠵᠦ᠂ ᠢᠯᠢ ᠪᠠᠶᠢᠭᠠᠯᠢ ᠶᠢᠨ ᠷᠠᠰᠢᠶᠠᠨ ᠤᠮᠳᠠᠭᠠᠨ ᠤ ᠺᠣᠮᠫᠠᠨᠢ᠂ ᠯᠠᠨ ᠬᠠᠢ ᠷᠠᠰᠢᠶᠠᠨ ᠤᠰᠤᠨ ᠤ ᠺᠣᠮᠫᠠᠨᠢ᠂ | ᠷᠦᠨ ᠰᠢᠩ ᠠᠭᠤᠷᠬᠠᠢ ᠶᠢᠨ ᠦᠢᠯᠡᠰ ᠵᠡᠷᠭᠡ ᠮᠡᠷᠭᠡᠵᠢᠯ ᠤᠨ ᠲᠡᠰ ᠳᠡᠪᠰᠢᠬᠦ ᠪᠠ ᠪᠦᠳᠦᠭᠡᠭᠳᠡᠬᠦᠨ ᠤ | ᠰᠠᠶᠢᠵᠢᠷᠠᠯᠳᠠ ᠶᠢ ᠬᠦᠳᠦᠯᠦᠨ ᠵᠢᠯᠣᠭᠤᠳᠤᠨ᠎ᠠ᠃ ᠬᠡᠪᠴᠢᠶᠡᠵᠢᠯ ᠠᠴᠠ ᠳᠡᠭᠡᠭᠰᠢᠬᠢ 1 ᠠᠵᠤ ᠠᠬᠤᠶᠢᠯᠠᠯ ᠢ | ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠡᠮᠵᠢᠶ᠎ᠡ ᠶᠢ 20 % ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ︽ | ᠬᠤᠷᠠᠯ ᠶᠠᠷᠢᠶᠠᠨ ᠤ ᠲᠠᠪᠴᠠᠩ ᠤᠨ ᠱᠠᠩᠨᠠᠵᠤ ᠨᠥᠬᠦᠪᠥᠷᠢᠯᠡᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠷᠠᠰᠢᠶᠠᠨ ᠤ | ᠶᠠᠷᠢᠶᠠᠨ ᠤ ᠲᠠᠪᠴᠠᠩ ᠵᠡᠷᠭᠡ ᠡᠯ᠎ᠡ ᠲᠥᠷᠥᠯ ᠤᠨ ᠶᠠᠷᠢᠶᠠᠨ ᠤ ᠲᠠᠪᠴᠠᠩ ᠤᠨ ᠬᠤᠷᠠᠯ ᠦᠵᠡᠰᠬᠦᠯᠡᠩ ᠢ ᠰᠠᠶᠢᠲᠤᠷ | ᠡᠷᠭᠢᠯᠡᠬᠦ ᠶᠢ ᠲᠥᠯᠥᠪᠯᠡᠵᠦ᠂ ᠬᠤᠷᠠᠯ ᠦᠵᠡᠰᠬᠦᠯᠡᠩ ᠤᠨ ᠠᠵᠤ ᠠᠬᠤᠶ ᠶᠢ ᠲᠦᠷᠭᠡᠳᠬᠡᠨ ᠬᠥᠭᠵᠢᠭᠦᠯᠦᠨ᠎ᠡ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ | ᠠᠮᠢᠵᠢᠷᠠᠯ ᠤᠨ ᠬᠦᠴᠦᠨ ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶᠢᠷᠡᠭᠦᠯᠦᠨ᠎ᠡ᠃ ᠲᠤᠬᠳᠠᠮᠠᠯ ᠬᠥᠷᠥᠩᠭᠡ ᠶᠢ ᠪᠠᠷᠢᠴᠠᠭᠠᠯᠠᠨ | ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠬᠦ ᠶᠢ ᠪᠡᠶᠡᠯᠡᠭᠦᠯᠵᠦ᠂ ᠠᠷᠠᠳ ᠤᠨ | ᠠᠮᠢᠳᠤᠷᠠᠯ ᠪᠠ ᠠᠵᠤ ᠠᠬᠤᠶᠢᠯᠠᠯ ᠤᠨ ᠵᠦᠢᠯᠡᠰ ᠢ ︽ᠨᠢᠭᠡ ᠯᠡ ᠤᠳᠠᠭ᠎ᠠ ᠳᠤ ᠬᠦᠢᠴᠡᠳᠬᠡᠵᠦ ᠳᠠᠭᠤᠰᠬᠠᠬᠤ︾ | ᠬᠠᠷᠢᠴᠠᠯ ᠢ 90 % ᠠᠴᠠ ᠳᠡᠭᠡᠭᠰᠢ ᠳᠤ ᠬᠦᠷᠦᠭᠦᠯᠵᠦ᠂ ︽ᠮᠧᠩ ᠰᠤ᠋ ᠲᠦᠷᠭᠡᠨ ᠰᠢᠢᠳᠪᠦᠷᠢᠯᠡᠬᠦ︾ APP ᠶᠢᠨ | ᠬᠡᠷᠡᠭᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ︽ᠬᠤᠶᠠᠷ ᠢ ᠲᠠᠰᠢᠷᠠᠮ ᠢᠶᠠᠷ ᠰᠣᠩᠭᠤᠬᠤ᠂ ᠨᠢᠭᠡ ᠶᠢ ᠢᠯᠡ | ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠵᠤ᠂ ᠭᠤᠣᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠴᠢ ᠬᠢᠨᠠᠯᠲᠠ | ᠬᠠᠮᠢᠶᠠᠷᠤᠯᠲᠠ ᠪᠠᠷ ᠭᠤᠣᠯᠴᠢ ᠥᠷᠢᠰᠥᠯᠳᠦᠭᠡᠨ ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠪᠠ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠲᠤᠬᠳᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠲᠤᠬᠳᠠᠴᠠ | ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠥᠰᠦᠪ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠦᠷᠦᠩᠭᠡ ᠶᠢ ᠬᠠᠮᠢᠶᠠᠷᠬᠤ ᠪᠠᠷ ᠭᠤᠣᠯ | ᠪᠣᠯᠭᠠᠭᠰᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠤᠬᠳᠠᠴᠠ ᠶᠢ | ᠲᠦᠷᠭᠡᠪᠴᠢᠯᠡᠨ ᠪᠠᠶᠢᠭᠤᠯᠤᠨ᠎ᠠ᠃ | ᠪᠣᠭᠤᠮᠲᠠ ᠶᠢᠨ ᠠᠵᠤ ᠠᠬᠤᠢ ᠶᠢ ᠭᠦᠨᠵᠡᠭᠡᠢ ᠬᠥᠭᠵᠢᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠤ ᠪᠠᠬᠢᠯᠡᠯᠲᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠬᠤᠯᠠ ᠶᠡᠭᠡ | ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠷᠠᠰᠢᠶᠠᠨ ᠰᠦᠮᠪᠦᠷ ᠪᠣᠭᠤᠮᠲᠠ ᠶᠢᠨ ᠵᠢᠯ ᠲᠤᠷᠰᠢ | ᠨᠡᠭᠡᠭᠡᠯᠲᠡ ᠬᠢᠬᠦ ᠶᠢ ᠢᠳᠡᠪᠬᠢᠲᠡᠶ ᠠᠬᠢᠭᠤᠯᠤᠨ᠎ᠠ᠃ ᠪᠣᠭᠤᠮᠲᠠ ᠶᠢᠨ ᠰᠠᠭᠤᠷᠢ ᠲᠦᠬᠦᠬᠡᠷᠦᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ᠂ | ᠪᠣᠭᠤᠮᠲᠠ ᠶᠢᠨ ᠣᠯᠠᠨ ᠤᠯᠤᠰ ᠤᠨ ᠶᠡᠷᠦᠩᠬᠡᠶᠢᠯᠡᠭᠰᠡᠨ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠣᠭᠤᠷᠢᠭ | ᠵᠢᠴᠢ ᠢᠵᠢ ᠪᠦᠷᠢᠳᠦᠭᠦᠯᠬᠦ ᠲᠦᠬᠦᠭᠡᠷᠦᠮᠵᠢ᠂ ᠬᠠᠯᠬ᠎ᠠ ᠤᠰᠤᠨ ᠲᠡᠭᠡᠭᠡᠪᠦᠷᠢ ᠵᠢᠴᠢ ᠤᠰᠤᠨ ᠤ ᠠᠮᠢ ᠠᠬᠤᠶ ᠶᠢ | ᠵᠠᠰᠠᠨ ᠰᠡᠷᠭᠦᠭᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠡᠷᠭᠡᠴᠡᠭᠡ | ᠲᠡᠷᠭᠡ ᠶᠢᠨ ᠠᠷᠠᠯᠵᠢᠶ᠎ᠠ᠂ ᠮᠣᠩᠭᠤᠯ ᠦᠵᠡᠮᠦᠷᠢ ᠶᠢᠨ ᠮᠣᠷᠢᠨ ᠤ ᠠᠷᠠᠯᠵᠢᠶ᠎ᠠ᠂ ᠲᠠᠷᠢᠶᠠᠯᠠᠩ ᠤᠨ ᠪᠦᠳᠦᠭᠡᠭᠳᠡᠬᠦᠨ | ᠮᠠᠯ ᠤᠨ ᠠᠰᠢᠭ ᠰᠢᠮ᠎ᠡ ᠶᠢᠨ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠦᠨ᠎ᠡ ᠃ ᠲᠡᠮᠦᠷ ᠤᠨ ᠬᠦᠳᠡᠷ ᠤᠨ | ᠠᠷᠠᠯᠵᠢᠶᠠᠨ ᠤ ᠬᠡᠮᠵᠢᠶ᠎ᠡ ᠶᠢ ᠥᠷᠭᠡᠳᠬᠡᠵᠦ᠂ ᠣᠨ ᠤ ᠪᠠᠷᠠᠭ᠎ᠠ ᠳᠠᠮᠵᠢᠭᠤᠯᠬᠤ ᠪᠠ ᠠᠷᠠᠯᠵᠢᠶᠠᠨ ᠤ ᠰᠢᠨ᠎ᠡ | ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠳᠤᠮᠳᠠᠳᠤ ᠮᠣᠩᠭᠤᠯ ᠬᠤᠶᠠᠷ ᠲᠠᠯ᠎ᠠ ᠶᠢᠨ | ᠵᠤᠭᠠᠴᠠᠯ ᠤᠨ ᠠᠵᠤ ᠠᠬᠤᠶᠢᠯᠠᠯ ᠯᠤᠭ᠎ᠠ ᠢᠳᠡᠪᠬᠢᠲᠡᠶ ᠵᠣᠯᠭᠠᠯᠴᠠᠨ᠂ ᠳᠤᠮᠳᠠᠳᠤ ᠮᠣᠩᠭᠤᠯ ᠤᠨ ᠰᠣᠶᠣᠯ ᠤᠨ | ᠰᠣᠯᠢᠯᠴᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠠᠯᠤᠰᠯᠠᠨ ᠵᠤᠭᠠᠴᠠᠬᠤ᠂ ᠤᠯᠤᠰ ᠠᠯᠤᠰᠯᠠᠨ | ᠬᠤᠳᠠᠯᠳᠤᠨ ᠠᠪᠬᠤ ᠶᠢ ᠪᠡᠶᠡᠯᠡᠭᠦᠯᠦᠨ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢ ᠪᠣᠶ ᠪᠣᠯᠭᠠᠬᠤ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠎ᠡ᠃ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ | ᠦᠯᠦ ᠬᠠᠶᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠤᠤᠯ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ︽ ᠵᠠᠪᠰᠠᠷ ᠤᠨ | ᠡᠷᠦᠬᠡ︾᠂ ︽ᠬᠢᠨᠠᠨ ᠰᠢᠨᠵᠢᠬᠦ ᠡᠷᠦᠬᠡ︾ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢᠨ ᠬᠤᠪᠢᠷᠠᠯᠲᠠ ᠶᠢ | ᠭᠤᠤᠯᠳᠠᠯᠭ᠎ᠠ ᠲᠠᠢ ᠠᠩᠬᠠᠷᠴᠤ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠪᠠᠶᠢᠳᠠᠯ ᠭᠠᠷᠬᠤ ᠥᠬᠡᠶ ᠪᠠᠶᠢᠬᠤ ᠶᠢ | ᠦᠨᠡᠨ ᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠦᠷᠭᠦᠯᠵᠢᠯᠡᠨ ᠪᠤᠶᠢᠵᠢᠭᠤᠯᠬᠤ ᠶᠢ ᠴᠢᠩᠭᠠᠳᠬᠠᠵᠤ | ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠴᠥᠭᠡᠳᠬᠡᠵᠦ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠤᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ | ᠪᠠ ᠲᠥᠪ ᠤᠨ ᠰᠢᠭᠤᠳ ᠬᠠᠷᠢᠶ᠎ᠠ᠂ ᠠᠶᠢᠮᠠᠭ ᠤᠨ ᠰᠢᠭᠤᠳ ᠬᠠᠷᠢᠶ᠎ᠠ ᠨᠢᠭᠡᠴᠢ ᠶᠢᠨ ᠴᠡᠭ ᠲᠣᠭᠲᠠᠭᠠᠨ ᠬᠠᠪᠰᠤᠷᠤᠨ | ᠲᠡᠳᠬᠦᠬᠦ ᠶᠢ ᠭᠦᠨᠵᠡᠭᠡᠶᠢᠷᠡᠭᠦᠯᠵᠦ᠂ ᠲᠠᠷᠠᠭᠠᠴᠢ ᠶᠢᠨ ᠠᠵᠢᠯ ᠢ ᠰᠠᠶᠢᠲᠤᠷ ᠬᠢᠬᠦ ᠶᠢ ᠪᠠᠬᠢᠵᠢᠭᠦᠯᠵᠦ᠂ ᠳᠠᠭᠠᠬᠤ ᠪᠠ | ᠵᠣᠯᠭᠠᠭᠤᠯᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ | ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠪᠠᠯᠭᠠᠰᠤ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠳᠡᠭᠡ ᠲᠣᠰᠬᠤᠨ ᠤ ᠵᠤᠭᠠᠴᠠᠯ ᠢ | ᠳᠡᠮᠵᠢᠨ ᠬᠥᠭᠵᠢᠭᠦᠯᠵᠦ᠂ ᠰᠡᠯᠡᠭᠦᠴᠡᠯ ᠤᠨ ᠲᠠᠷᠢᠶᠠᠯᠠᠩ᠂ ᠵᠤᠭᠠᠴᠠᠯ ᠤᠨ ᠲᠠᠷᠢᠶᠠᠯᠠᠩ᠂ ᠣᠶ ᠶᠢᠨ ᠬᠤᠷᠮᠣᠶ ᠶᠢᠨ | ᠲᠠᠷᠢᠶᠠᠯᠠᠩ ᠤᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ᠎ᠠ᠃ ᠬᠦᠷᠢᠶ᠎ᠡ ᠬᠠᠰᠢᠶᠠᠨ ᠤ ᠠᠵᠤ ᠠᠬᠤᠶ ᠶᠢᠨ | ᠬᠥᠭᠵᠢᠯᠲᠡ ᠶᠢᠨ ᠱᠠᠩᠨᠠᠨ ᠬᠥᠬᠢᠭᠦᠯᠬᠦ ᠠᠷᠭ᠎ᠠ ᠶᠢ ᠰᠦᠪᠡᠭᠴᠢᠯᠡᠨ ᠨᠡᠶᠢᠲᠡᠯᠡᠵᠦ᠂ ᠪᠠᠯᠭᠠᠰᠤ ᠲᠣᠰᠬᠤᠨ ᠤ ︽ | ᠵᠢᠷᠭᠤᠭᠠᠨ ᠵᠢᠵᠢᠭ ᠬᠦᠷᠢᠶ᠎ᠡ ᠬᠠᠰᠢᠶᠠᠨ ᠤ ᠠᠵᠤ ᠠᠬᠤᠶ︾ ᠶᠢ ᠬᠥᠭᠵᠢᠭᠦᠯᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠢ | ᠬᠥᠭᠵᠢᠭᠦᠯᠬᠦ ᠵᠢᠭᠡᠯᠡᠯᠭᠡ ᠪᠠ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢ ᠦᠷᠭᠦᠯᠵᠢᠯᠡᠨ ᠲᠠᠯᠪᠢᠨ᠎ᠠ᠃ ᠣᠯᠠᠨ | ᠵᠦᠢᠯ ᠤᠨ ᠬᠡᠯᠪᠡᠷᠢ ᠪᠠᠷ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ ᠶᠢ ᠠᠬᠢᠭᠤᠯᠵᠤ᠂ ᠲᠠᠷᠢᠶᠠᠴᠢᠳ ᠤᠨ ᠬᠤᠷᠰᠢᠶ᠎ᠠ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠪᠤᠵᠠᠭᠠᠶᠢᠷᠠᠭᠤᠯᠵᠤ᠂ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠤᠷᠰᠢᠶ᠎ᠠ 2᠂ ᠠᠶᠢᠮᠠᠭ ᠤᠨ ᠲᠡᠰ ᠤᠨ ᠵᠢᠱᠢᠶ᠎ᠡ | ᠦᠵᠡᠭᠦᠯᠬᠦ ᠬᠤᠷᠰᠢᠶ᠎ᠠ 4᠂ 28ᠳᠦᠷᠢᠮᠵᠢᠭᠦᠯᠦᠭᠰᠡᠨ ᠬᠤᠷᠰᠢᠶ᠎ᠠ ᠶᠢ ᠳᠦᠷᠢᠮᠵᠢᠭᠦᠯᠦᠨ ᠳᠡᠭᠡᠭᠰᠢᠯᠡᠭᠦᠯᠦᠨ᠎ᠡ᠃ | ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠶᠠᠯᠠᠭ᠎ᠠ ᠶᠢᠨ ᠮᠠᠶ᠋ᠢᠭ ᠤᠨ | ᠪᠣᠷᠣᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠶ ᠣᠷᠣᠭᠤᠯᠵᠤ᠂ ᠪᠠᠯᠭᠠᠰᠤ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠠᠯᠭᠠᠰᠤ | ᠲᠣᠰᠬᠤᠨ ᠤ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ | ᠲᠥᠬᠦᠭᠡᠷᠦᠮᠵᠢ ᠶᠢ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ︔ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠪᠣᠬᠢᠷ ᠤᠰᠤ ᠶᠢ | ᠰᠢᠢᠳᠪᠦᠷᠢᠯᠡᠬᠦ ᠪᠠ ᠲᠠᠷᠢᠮᠠᠯ ᠲᠡᠵᠢᠭᠡᠪᠦᠷᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠠᠬᠢᠭᠤᠯᠵᠤ᠂ ᠪᠠᠯᠭᠠᠰᠤ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠤᠯᠠᠨ | ᠨᠡᠶᠢᠲᠡ ᠶᠢᠨ ᠠᠵᠢᠯ ᠦᠢᠯᠡᠰ ᠤᠨ ᠬᠥᠭᠵᠢᠯᠲᠡ᠂ ᠪᠠᠯᠭᠠᠰᠤᠨ ᠤ ᠳᠦᠷᠰᠦ ᠪᠠᠶᠢᠳᠠᠯ ᠢ ᠰᠢᠯᠢᠳᠡᠭᠵᠢᠭᠦᠯᠬᠦ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠮᠢᠩ ᠱᠦᠶ ᠾᠧ ᠪᠠᠯᠭᠠᠰᠤᠨ ᠤ ᠰᠢ ᠺᠧᠤ ᠲᠣᠰᠬᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠲᠠᠭᠤᠷᠢᠶᠠᠯᠳᠤ ᠲᠣᠰᠬᠤᠨ ᠤ ᠲᠤᠷᠰᠢᠯᠲᠠ ᠶᠢᠨ ᠴᠡᠭ ᠤᠨ | ᠠᠵᠢᠯ ᠢ ᠭᠤᠤᠯᠳᠠᠯᠭ᠎ᠠ ᠲᠠᠢ ᠠᠬᠢᠭᠤᠯᠵᠤ᠂ ᠣᠷᠣᠨ ᠪᠦᠰᠡ ᠶᠢᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ | ᠪᠠᠯᠭᠠᠰᠤ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ︽ᠴᠡᠭ ᠢᠶᠠᠷ ᠨᠡᠶᠢᠳᠡᠮ ᠢ | ᠳᠠᠶᠢᠴᠢᠯᠠᠬᠤ︾ ᠪᠠᠷ ᠳᠠᠮᠵᠢᠭᠤᠯᠤᠨ᠂ ᠲᠤᠷᠰᠢᠯᠲᠠ ᠶᠢᠨ ᠴᠡᠭ ᠤᠨ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠪᠦᠬᠦᠯᠢ ᠴᠣᠭᠴᠠ ᠪᠠᠷ ᠨᠢ ᠴᠣᠭᠴᠠᠯᠠᠨ ᠪᠠᠶᠢᠭᠤᠯᠬᠤ᠂ ᠭᠦᠨᠵᠡᠭᠡᠶ ᠠᠬᠢᠭᠤᠯᠬᠤ ᠶᠢ ᠠᠬᠢᠭᠤᠯᠵᠤ᠂ ᠪᠥᠬᠦ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠳᠠᠶᠢᠴᠢᠯᠠᠨ᠎ᠠ᠃ | ᠬᠥᠳᠡᠭᠡ ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ | ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠵᠤ᠂ ᠤᠯᠤᠰ ᠲᠦᠷᠤ ᠪᠠᠷ ᠬᠦᠳᠦᠯᠤᠨ ᠳᠠᠭᠠᠭᠤᠯᠬᠤ᠂ ᠬᠠᠤᠯᠢᠵᠢᠯ ᠢᠶᠠᠷ ᠪᠠᠲᠤᠯᠠᠬᠤ᠂ | ᠶᠣᠰᠣ ᠰᠤᠷᠲᠠᠬᠤᠨ ᠢᠶᠠᠷ ᠵᠠᠰᠠᠬᠤ ᠬᠥᠮᠦᠵᠢᠯ ᠬᠦᠷᠲᠡᠭᠡᠬᠦ᠂ ᠥᠪᠡᠷᠲᠡᠭᠡᠨ ᠵᠠᠰᠠᠬᠤ ᠪᠠᠷ ᠰᠠᠭᠤᠷᠢ ᠪᠠᠨ ᠪᠠᠬᠢᠵᠢᠭᠦᠯᠬᠦ᠂ | ᠤᠶᠤᠨ ᠤᠬᠠᠭᠠᠨ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠬᠦᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ | ᠪᠣᠷᠣᠭᠵᠢᠭᠤᠨ ᠠᠷᠠᠳ ᠤᠨ ᠰᠤᠷᠲᠠᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠪᠠᠯᠭᠠᠰᠤ ᠲᠣᠰᠬᠤᠨ ᠤ | ᠴᠢᠳᠠᠪᠤᠷᠢᠲᠠᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠵᠡᠷᠭᠡ ᠡᠯ᠎ᠡ ᠲᠥᠷᠥᠯ ᠤᠨ ᠬᠠᠷᠰᠢ ᠰᠠᠭᠠᠳ ᠢ | ᠢᠳᠡᠪᠬᠢᠲᠡᠶ ᠠᠷᠢᠯᠭᠠᠵᠤ᠂ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯᠲᠠᠨ ᠤ ᠪᠤᠯᠪᠠᠰᠦᠷᠠᠯ ᠢ ᠢᠳᠡᠪᠬᠢᠲᠡᠶ ᠥᠷᠨᠢᠭᠦᠯᠦᠨ᠎ᠡ ᠃ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ︽ᠨᠤᠲᠤᠭ ᠤᠨ ᠬᠥᠲᠥᠴᠢ᠂ ᠨᠤᠲᠤᠭ ᠤᠨ ᠤᠷᠠᠯᠢᠭᠴᠢᠨ᠂ | ᠨᠤᠲᠤᠭ ᠤᠨ ᠲᠤᠰᠬᠠᠶ ᠮᠡᠷᠭᠡᠵᠢᠯᠲᠡᠨ︾ ᠵᠡᠷᠭᠡ ᠪᠠᠶᠠᠵᠢᠯ ᠤᠨ ᠳᠠᠭᠠᠭᠤᠯᠤᠭᠴᠢ ᠶᠢ ᠬᠦᠴᠦᠯᠡᠨ ᠬᠥᠮᠦᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠦᠨᠡᠨ ᠬᠦ | ᠨᠢᠭᠲᠠᠷᠠᠭᠤᠯᠤᠨ᠎ᠠ᠃ | ︵ᠲᠠᠪᠤ︶ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠶ ᠦᠢᠯᠡᠰ ᠪᠦᠲᠦᠭᠡᠬᠦ ᠳᠤ ᠲᠤᠰᠠᠲᠠᠶ ᠬᠤᠲᠠ ᠶᠢ ᠪᠥᠲᠥᠭᠡᠨ ᠪᠠᠶᠢᠭᠤᠯᠤᠨ᠎ᠠ᠃ | ᠣᠷᠣᠨ ᠵᠠᠶ ᠶᠢᠨ ᠪᠠᠶᠢᠷᠢᠰᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠰᠦᠪᠯᠡᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠲᠦᠷᠭᠡᠪᠴᠢᠯᠡᠨ ᠠᠬᠢᠭᠤᠯᠤᠨ᠎ᠠ ᠃ 5 G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠱᠣᠩ ᠵᠡᠷᠭᠡ | ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠵᠤ᠂ ᠤᠶᠤᠨᠲᠤ ᠬᠤᠲᠠ᠂ | ᠲᠣᠭᠠᠴᠢᠯᠠᠭᠰᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠱᠠᠲᠤ ᠲᠥᠷᠥᠯ ᠬᠤᠪᠢᠶᠠᠨ ᠠᠬᠢᠭᠤᠯᠤᠨ᠎ᠠ ᠃ | ᠰᠡᠯᠡᠭᠦᠴᠡᠯ ᠤᠨ ᠲᠠᠯᠠᠪᠤᠷ᠂ ᠬᠤᠲᠠ ᠶᠢᠨ ᠨᠣᠭᠤᠭᠠᠨ ᠬᠥᠷᠥᠰᠥ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠤᠢᠭᠡᠢ ᠨᠡᠮᠡᠭᠳᠡᠭᠦᠯᠵᠦ᠂ ᠬᠤᠲᠠ ᠶᠢᠨ ᠣᠷᠣᠨ ᠵᠠᠶ ᠶᠢᠨ ᠪᠠᠶᠢᠷᠢᠰᠢᠭᠤᠯᠤᠯ᠂ ᠠᠵᠤ ᠦᠢᠯᠡᠰ ᠤᠨ ᠪᠠᠶᠢᠷᠢᠰᠢᠭᠤᠯᠤᠯ᠂ | ᠬᠥᠮᠦᠨ ᠠᠮᠠ ᠶᠢᠨ ᠪᠠᠶᠢᠷᠢᠰᠢᠭᠤᠯᠤᠯ ᠢ ᠵᠦᠢ ᠵᠣᠬᠢᠰᠲᠠᠶ ᠲᠤᠬᠳᠠᠭᠠᠨ᠎ᠠ᠃ ᠭᠠᠵᠠᠷ ᠰᠢᠷᠣᠶ ᠶᠢᠨ ᠨᠥᠭᠡᠴᠡᠯᠡᠯ ᠤᠨ | ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠵᠤ᠂ ᠢᠷᠡᠭᠡᠳᠦᠶ ᠶᠢᠨ ᠬᠥᠭᠵᠢᠯᠲᠡ ᠳᠤ ᠬᠦᠢᠴᠡᠳ ᠣᠷᠣᠨ ᠵᠠᠶ | ᠦᠯᠡᠳᠡᠭᠡᠵᠦ ᠥᠭᠭᠦᠨ᠎ᠡ᠃ | ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠴᠢᠨᠠᠷ ᠰᠠᠶᠢᠲᠠᠶ ᠪᠦᠲᠦᠭᠡᠨ ᠪᠠᠢᠭᠤᠯᠤᠨ᠎ᠠ᠃ ︽ᠭᠤᠷᠪᠠᠨ | ᠲᠣᠭᠤᠷᠢᠭ︾ ᠢ ᠥᠭᠡᠷᠡᠴᠢᠯᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠠᠭᠤᠴᠢᠨ ᠰᠠᠭᠤᠭᠠᠯᠢ ᠲᠣᠭᠤᠷᠢᠭ ᠢ | ᠳᠡᠭᠡᠭᠰᠢᠯᠡᠭᠦᠯᠦᠨ ᠥᠭᠡᠷᠡᠴᠢᠯᠡᠬᠦ᠂ ᠰᠠᠭᠤᠭᠠᠯᠢ ᠲᠣᠭᠤᠷᠢᠭ ᠤᠨ ᠭᠤᠳᠤᠮᠵᠢ ᠶᠢ ᠬᠤᠯᠪᠣᠬᠤ ᠵᠡᠷᠭᠡ 19 ᠬᠤᠲᠠ ᠶᠢᠨ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠤᠯᠤᠰ ᠤᠨ | ᠴᠡᠴᠡᠷᠯᠢᠭᠳᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠸᠧᠨᠴᠢᠤᠸᠠᠨ ᠵᠡᠭᠡᠯᠢ᠂ ᠢᠷᠪᠢᠰ ᠭᠠᠵᠠᠷ ᠣᠷᠣᠨ | ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠢᠨ᠎ᠡ᠃ | ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠤᠳᠠ ᠶᠢᠨ ᠦᠯᠡᠳᠡᠭᠳᠡᠯ ᠪᠠᠭᠤᠷᠢ ᠶᠢ ᠰᠡᠯᠪᠢᠨ ᠵᠠᠰᠠᠬᠤ | ᠡᠷᠴᠢᠮ ᠢ ᠴᠢᠩᠭᠠᠷᠠᠭᠤᠯᠤᠨ᠎ᠠ ᠃ ᠲᠠᠪᠤᠳᠤᠭᠠᠷ ᠪᠣᠰᠤᠭ᠎ᠠ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠲᠦᠯᠬᠢᠨ ᠠᠬᠢᠭᠤᠯᠵᠤ᠂ ᠬᠤᠲᠠ ᠶᠢᠨ ᠪᠠᠷᠢᠯᠭ᠎ᠠ ᠶᠢᠨ ᠪᠦᠲᠦᠴᠡ ᠶᠢᠨ ︽ᠪᠢᠴᠢᠯ ᠦᠵᠡᠮᠵᠢ︾ ᠶᠢ ᠠᠰᠢᠭᠯᠠᠨ᠂ | ᠬᠤᠲᠠ ᠶᠢᠨ ᠬᠤᠣᠰ ᠰᠡᠯᠪᠢᠨ ᠵᠠᠰᠠᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠬᠤᠲᠠ ᠶᠢᠨ | ᠦᠵᠡᠮᠵᠢ ᠶᠢᠨ ᠣᠷᠣᠨᠴᠢᠯᠠᠬᠤ ᠥᠭᠡᠷᠡᠴᠢᠯᠡᠯᠲᠡ ᠶᠢ ᠦᠨᠡᠨ ᠬᠦ ᠲᠦᠯᠬᠢᠨ ᠠᠬᠢᠭᠤᠯᠤᠨ᠎ᠠ᠃ | ᠨᠡᠪᠲᠡᠷᠡᠬᠦ ᠵᠠᠮ ᠤᠨ ᠰᠢᠰᠲ᠋ᠧᠮ ᠢ ᠥᠨᠳᠥᠷ ᠲᠦᠪᠰᠢᠨ ᠢᠶᠠᠷ ᠪᠠᠶᠢᠭᠤᠯᠤᠨ᠎ᠠ᠃ ᠵᠠᠰᠠᠮᠠᠯ ᠵᠠᠮ᠂ ᠲᠡᠮᠦᠷ ᠵᠠᠮ᠂ | ᠠᠭᠠᠷ ᠤᠨ ᠠᠶᠠᠯᠠᠯ ᠵᠡᠷᠭᠡ ᠬᠦᠴᠦᠨ ᠵᠦᠢᠯ ᠤᠨ ᠳᠠᠪᠠᠭᠤᠯᠢᠭ ᠢ ᠪᠠᠳᠠᠷᠠᠭᠤᠯᠤᠨ᠂ ᠷᠠᠰᠢᠶᠠᠨ ᠤ ᠨᠢᠰᠬᠡᠯ ᠤᠨ | ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠷᠠᠰᠢᠶᠠᠨ ᠤ ᠭᠠᠯᠲᠤ ᠲᠡᠷᠭᠡᠨ ᠥᠷᠲᠡᠭᠡᠨ ᠤ ᠬᠤᠪᠢᠶᠠᠷᠢ | ᠥᠷᠲᠡᠭᠡ ᠶᠢᠨ ᠭᠡᠷ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠲᠦᠯᠬᠢᠨ | ᠠᠬᠢᠭᠤᠯᠤᠨ᠎ᠠ ᠃ ᠷᠠᠰᠢᠶᠠᠨ ᠲᠤᠯᠠᠷ ᠱᠤᠭᠤᠮ ᠠᠴᠠ ᠹᠧᠩ ᠴᠠᠨ ᠭᠸᠦ ᠬᠦᠷᠬᠦ ᠵᠠᠰᠠᠮᠠᠯ ᠵᠠᠮ᠂ ᠪᠠᠢ ᠯᠠᠩ ᠤᠨ | ᠤᠢ ᠶᠢᠨ ᠢᠷᠭᠡᠳ ᠤᠨ ᠵᠠᠩ ᠠᠭᠠᠯᠢ ᠶᠢᠨ ᠲᠣᠰᠬᠤᠨ ᠠᠴᠠ G 302 ᠬᠦᠷᠬᠦ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠬᠢᠯᠢ ᠶᠢᠨ ᠬᠠᠮᠠᠭᠠᠯᠠᠯᠲᠠ ᠶᠢᠨ ᠭᠠᠯ ᠰᠡᠷᠭᠡᠶᠢᠯᠡᠬᠦ ᠵᠠᠮ ᠤᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠤ ᠴᠠ ᠭᠸᠤ ᠨᠡᠶᠢᠳᠡ ᠶᠢᠨ ᠬᠡᠷᠡᠭᠯᠡᠬᠡᠨ ᠤ ᠨᠢᠰᠬᠡᠯ ᠤᠨ | ᠪᠠᠭᠤᠳᠠᠯ᠂ S 203᠂ S 308 ᠱᠤᠭᠤᠮ᠂ ᠪᠠᠶᠢᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ | ᠤᠯᠠᠭᠠᠨᠬᠤᠲᠠ ᠠᠴᠠ ᠷᠠᠰᠢᠶᠠᠨ ᠬᠦᠷᠬᠦ ᠬᠡᠰᠡᠭ ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠬᠠᠮᠵᠢᠯᠴᠠᠨ | ᠰᠠᠶᠢᠲᠤᠷ ᠬᠢᠨ᠎ᠡ᠃ | ︵ ᠵᠢᠷᠭᠤᠭ᠎ᠠ︶ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠪᠠᠶᠢᠭᠠᠯᠢ ᠶᠢᠨ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠭᠡᠷ ᠣᠷᠣᠨ ᠢ ᠪᠠᠶᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠎ᠡ᠃ ᠬᠥᠬᠡ | ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠵᠦ᠂ 2020 ᠣᠨ ᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠃ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠰᠡᠭᠦᠯ | ᠬᠤᠷᠢᠶᠠᠬᠤ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ | ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠣᠬᠢᠷᠲᠤᠯ ᠶᠡᠬᠡᠲᠡᠶ ᠲᠦᠯᠡᠰᠢ ᠲᠦᠯᠡᠬᠦ ᠶᠢ ᠴᠠᠭᠠᠵᠠᠯᠠᠬᠤ ᠣᠷᠣᠨ ᠢ | ᠬᠤᠪᠢᠶᠠᠷᠢᠯᠠᠨ ᠲᠣᠭᠲᠠᠭᠠᠬᠤ ᠠᠵᠢᠯ ᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠤᠨ ᠰᠠᠶᠢᠨ ᠰᠠᠶᠢᠬᠠᠨ ᠪᠠᠶᠢᠬᠤ ᠶᠢ | ᠦᠨᠡᠨ ᠬᠦ ᠪᠠᠲᠤᠯᠠᠨ᠎ᠠ᠃ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ | ᠬᠡᠪᠴᠢᠶᠡᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ | ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠶ ᠶᠢᠨ ᠪᠠᠶᠢᠴᠠᠭᠠᠯᠲᠠ ᠶᠢᠨ ᠲᠥᠷᠥᠯ ᠵᠦᠢᠯ ᠢ | ᠥᠷᠨᠢᠭᠦᠯᠦᠨ᠂ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ | ᠶᠢ ᠳᠠᠬᠢᠨ ᠪᠠᠶᠢᠴᠠᠭᠠᠬᠤ ᠠᠵᠢᠯ ᠢ ᠰᠠᠶᠢᠲᠤᠷ ᠬᠢᠨ᠎ᠠ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ᠃ ᠴᠢᠬᠤᠯᠠ ᠶᠡᠭᠡ ᠠᠮᠢ ᠠᠬᠤᠢ ᠶᠢ ᠬᠠᠮᠠᠭᠠᠯᠠᠬᠤ | ᠪᠠ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠭᠠᠵᠠᠷ ᠰᠢᠷᠣᠢ ᠶᠢ ᠨᠣᠭᠤᠭᠠᠷᠠᠭᠤᠯᠬᠤ | ᠠᠵᠢᠯᠯᠠᠭ᠎ᠠ ᠶᠢ ᠥᠷᠨᠢᠭᠦᠯᠵᠦ᠂ 3 ᠲᠦᠮᠡᠨ ᠮᠦ ᠣᠢ ᠰᠢᠭᠤᠢ ᠶᠢ ᠠᠷᠠᠴᠢᠯᠠᠨ ᠪᠤᠶᠢᠵᠢᠭᠤᠯᠬᠤ᠂ 1 ᠲᠦᠮᠡᠨ ᠮᠦ | ᠠᠭᠤᠯᠠ ᠶᠢ ᠪᠢᠲᠡᠭᠦᠮᠵᠢᠯᠡᠨ ᠤᠶᠢᠵᠢᠭᠤᠯᠬᠤ᠂ 1 ᠲᠦᠮᠡᠨ ᠮᠦ ᠮᠠᠭᠤᠳᠠᠭᠰᠠᠨ ᠣᠢ ᠰᠢᠭᠤᠢ ᠶᠢ ᠵᠠᠰᠠᠨ ᠰᠡᠷᠭᠦᠭᠡᠬᠦ᠂ | ᠭᠤᠷᠪᠠᠨ ᠤᠮᠠᠷᠠᠲᠤ ᠶᠢᠨ 1 ᠮᠢᠩᠭᠠᠨ ᠮᠦ ᠬᠠᠯᠬᠠᠪᠴᠢ ᠣᠢ ᠶᠢ ᠪᠡᠶᠡᠯᠡᠭᠦᠯᠦᠨ᠎ᠡ᠃ 7 ᠲᠦᠮᠡᠨ ᠮᠦ ᠬᠥᠷᠥᠰᠥ | ᠰᠢᠷᠣᠢ ᠶᠢᠨ ᠢᠳᠡᠭᠳᠡᠯ ᠢ ᠵᠠᠰᠠᠪᠠ᠃ ᠮᠠᠲ᠋ᠧᠷᠢᠶᠠᠯ ᠠᠪᠬᠤ ᠲᠠᠯᠠᠪᠠᠢ ᠶᠢ ᠰᠡᠷᠭᠦᠭᠡᠨ ᠵᠠᠰᠠᠬᠤ ᠠᠵᠢᠯ ᠢ ᠭᠦᠨᠵᠡᠭᠡᠢ | ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠪᠣᠭᠤᠮᠲᠠ ᠶᠢᠨ ᠳᠤᠷᠠᠰᠬᠠᠯ ᠤᠨ ᠣᠶ︾ ᠶᠢᠨ ᠰᠠᠭᠤᠷᠢᠨ ᠭᠠᠵᠠᠷ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠨᠠᠭᠤᠷ ︵ᠴᠦᠬᠦᠷᠦᠮ︶ ᠤᠨ ᠳᠠᠷᠤᠭ᠎ᠠ ᠶᠢᠨ ᠲᠦᠷᠢᠮ᠂ ︽ᠣᠶ ᠶᠢᠨ | ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ᠂ ᠤᠰᠤᠨ ᠴᠣᠭᠴᠠ ᠶᠢᠨ | ᠬᠠᠮᠠᠭᠠᠯᠠᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠭᠦᠯᠦᠨ᠎ᠡ᠃ ᠪᠣᠭᠤᠮᠲᠠ ᠶᠢᠨ ᠭᠠᠵᠠᠷ ᠣᠷᠣᠨ ᠤ | ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠶᠡᠷᠦᠩᠬᠡᠶᠢᠯᠡᠭᠰᠡᠨ ᠪᠣᠯᠪᠠᠰᠤᠷᠠᠯ ᠤᠨ ᠲᠠᠯᠠᠪᠠᠢ ᠵᠢᠴᠢ | ᠦᠵᠡᠮᠵᠢ ᠶᠢᠨ ᠣᠷᠣᠨ ᠤ ᠣᠶᠤᠨᠴᠢ ᠭᠠᠯ ᠰᠡᠷᠭᠡᠶᠢᠯᠡᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ᠎ᠠ᠃ | ᠳᠤᠷ᠎ᠠ ᠪᠠᠷ ᠢᠶᠠᠨ ᠮᠤᠳᠤ ᠴᠠᠪᠴᠢᠵᠤ ᠣᠭᠲᠣᠯᠬᠤ᠂ ᠳᠤᠷ᠎ᠠ ᠪᠠᠷ ᠢᠶᠠᠨ ᠪᠠᠷᠢᠵᠤ ᠠᠩᠨᠠᠬᠤ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ ᠳ᠋ᠤᠫᠯᠤᠷ ᠤᠨ ᠷᠠᠳᠠᠷ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠡᠭᠡᠷ᠎ᠡ ᠵᠢᠴᠢ ᠪᠤᠰᠤᠳ ᠬᠡᠭᠡᠷ᠎ᠡ ᠶᠢᠨ | ᠠᠮᠢᠲᠠᠨ ᠤ ᠨᠡᠪᠲᠡᠷᠡᠬᠦ ᠵᠠᠮ ᠭᠠᠷᠭᠠᠬᠤ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠬᠠᠶᠢᠵᠤ ᠬᠥᠰᠢᠶ᠎ᠡ | ᠪᠣᠰᠬᠠᠬᠤ ᠠᠵᠢᠯ ᠢ ᠪᠡᠶᠡᠯᠡᠭᠦᠯᠦᠨ᠎ᠡ᠃ | ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠮᠢ ᠠᠬᠤᠶ ᠶᠢᠨ ᠰᠣᠶᠣᠯ ᠢ | ᠪᠠᠳᠠᠷᠠᠭᠤᠯᠬᠤ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠦᠢ ᠠᠯᠲᠠ ᠮᠥᠩᠭᠦᠨ | ᠠᠭᠤᠯᠠ ᠮᠦᠨ︾ ᠭᠡᠬᠦ ᠰᠢᠨ᠎ᠡ ᠶᠢ ᠡᠭᠦᠳᠬᠦ ᠦᠢᠯᠡᠳᠦᠯᠬᠡ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠣᠯᠠᠨ ᠠᠷᠭ᠎ᠠ ᠵᠠᠮ ᠢᠶᠠᠷ ᠥᠷᠨᠢᠭᠦᠯᠵᠦ᠂ | ᠪᠣᠬᠢᠷᠲᠤᠯ ᠥᠬᠡᠶ ᠶᠢᠨ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠢ | ᠬᠥᠲᠥᠯᠥᠨ ᠵᠢᠯᠣᠭᠤᠳᠴᠤ ᠪᠠᠶᠢᠭᠠᠳ ᠳᠥᠭᠦᠮ ᠳᠥᠲᠡ ᠲᠣᠬᠢᠷᠠᠮᠵᠢᠲᠠᠶ᠂ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠨ᠎ᠠ᠃ ᠨᠡᠭᠦᠷᠡᠰᠦᠲᠥ᠋ᠷᠥᠭᠴᠢ ᠦᠭᠡᠢ ᠵᠢᠵᠢᠭ | ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ ᠲᠤᠷᠰᠢᠯᠲᠠ᠂ | ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ︔ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠬᠤ ᠶᠢ ᠠᠷᠠᠯᠵᠢᠶᠠᠯᠠᠬᠤ ᠶᠢ ᠢᠳᠡᠪᠬᠢᠲᠡᠶ ᠰᠦᠪᠡᠭᠴᠢᠯᠡᠨ᠂ ᠠᠮᠢ ᠠᠬᠤᠶ ᠶᠢᠨ ᠪᠠᠩᠬᠢ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ | ᠠᠪᠬᠤ ᠶᠢ ᠠᠷᠠᠯᠵᠢᠶᠠᠯᠠᠬᠤ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠴᠢᠷᠮᠠᠶᠢᠨ | ᠣᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠰᠡᠳᠬᠢᠯ ᠲᠠᠯᠪᠢᠨ ᠪᠠᠲᠤᠯᠠᠵᠤ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠎ᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠠᠷᠢᠭᠤᠳᠬᠠᠬᠤ᠂ | ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠪᠣᠯᠤᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ | ᠡᠮᠴᠢᠯᠡᠭᠡᠨ ᠤ ᠬᠦᠴᠦᠨ ᠢ ᠲᠤᠬᠢᠷᠠᠭᠤᠯᠬᠤ ᠪᠠ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ ᠠᠵᠢᠯ ᠢ ᠰᠠᠶᠢᠲᠤᠷ ᠬᠢᠵᠦ | ᠂ ᠬᠤᠳᠠ ᠶᠢᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠦᠷᠦᠭᠡ ᠵᠡᠷᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ | ᠬᠦ ᠳᠡᠭᠡᠭᠰᠢᠯᠡᠭᠦᠯᠦᠨ᠎ᠡ᠃ ᠬᠤᠯᠤᠭᠠᠨ᠎ᠠ ᠶᠢᠨ ᠬᠢᠵᠢᠭ ᠪᠠ ᠬᠠᠪᠤᠷ ᠨᠠᠮᠤᠷ ᠤᠨ ᠤᠯᠠᠷᠢᠯ ᠤᠨ ᠬᠠᠯᠳᠠᠪᠤᠷᠢᠲᠤ | ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦ ᠠᠷᠠᠳ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠦᠨ᠎ᠡ ᠃ ᠸᠠᠺᠼᠢᠨ ᠤ ᠲᠠᠷᠢᠯᠭ᠎ᠠ ᠶᠢᠨ ᠠᠵᠢᠯ ᠢ | ᠯᠠᠪᠳᠠᠭᠤᠨ ᠪᠥᠭᠡᠳ ᠠᠮᠤᠷ ᠲᠦᠪᠰᠢᠨ ᠢᠶᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ | ᠦᠷ᠎ᠡ ᠪᠦᠲᠦᠭᠡᠯ ᠢ ᠯᠠᠪᠳᠠᠭᠤᠨ ᠪᠠᠲᠤᠲᠠᠶ ᠪᠠᠬᠢᠵᠢᠬᠦᠯᠦᠨ᠎ᠡ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠣᠯᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠡᠰ ᠰᠠᠶᠢᠲᠤᠷ ᠬᠢᠨ᠎ᠡ᠃ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠲᠦᠯᠬᠢᠨ ᠠᠬᠢᠭᠤᠯᠵᠤ᠂ ᠨᠢᠭᠡᠳᠦᠭᠡᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠵᠦᠢᠯᠡᠰ ᠢ ᠪᠠᠶᠢᠭᠤᠯᠤᠨ | ᠳᠠᠭᠤᠰᠬᠠᠵᠤ᠂ ᠪᠠᠢ ᠯᠠᠩ ᠪᠠᠭ᠎ᠠ ᠰᠤᠷᠭᠠᠭᠤᠯᠢ ᠶᠢᠨ ᠹᠧᠩ ᠢᠤᠢ ᠬᠢᠴᠢᠶᠡᠯ ᠤᠨ ᠭᠡᠷ᠂ ᠮᠢᠩ ᠱᠦᠢ ᠪᠠᠭ᠎ᠠ | ᠰᠤᠷᠭᠠᠭᠤᠯᠢ ᠶᠢᠨ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ ᠵᠡᠷᠭᠡ ᠵᠦᠢᠯᠡᠰ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠤᠰᠬᠠᠶ ᠱᠤᠭᠤᠮ︾ ᠤᠨ ᠳᠠᠯᠳᠠ ᠬᠦᠴᠦᠨ ᠢ ᠭᠦᠨ | ᠠᠭᠤᠳᠠᠯᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠨ᠎ᠡ ᠃ ᠰᠤᠷᠭᠠᠨ | ᠬᠥᠮᠦᠵᠢᠯ ᠤᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠲᠡᠰ ᠤᠨ ᠰᠤᠳᠤᠯᠤᠨ ᠰᠤᠷᠤᠯᠴᠠᠬᠤ | ᠰᠠᠭᠤᠷᠢᠨ ᠭᠠᠵᠠᠷ ᠤᠨ ᠪᠦᠲᠦᠭᠡᠨ ᠪᠠᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠤᠳᠤᠯᠤᠨ | ᠰᠤᠷᠤᠯᠴᠠᠬᠤ + ᠵᠤᠭᠠᠴᠠᠯ︾ ᠤᠨ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠬᠥᠳᠡᠯᠭᠡᠭᠡᠨ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠪᠦᠬᠦ ᠬᠤᠲᠠ ᠶᠢᠨ ᠳᠤᠮᠳᠠᠳᠤ | ᠪᠠᠭ᠎ᠠ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠢᠷ ᠢ ᠪᠠᠢᠩᠭᠤᠵᠢᠭᠤᠯᠤᠨ ᠡᠷᠬᠢᠯᠡᠬᠦ ᠶᠢ ᠠᠬᠢᠭᠤᠯᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ | ᠷᠠᠰᠢᠶᠠᠨ︾ ᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠲᠠᠰ ᠤᠨ ︽ᠡᠷᠡᠭᠦᠯ | ᠡᠩᠬᠡ ᠪᠠᠷ ᠬᠤᠲᠠ ᠶᠢ ᠠᠬᠢᠭᠤᠯᠬᠤ︾ ᠪᠠ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ | ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ | ᠲᠦᠰᠢᠭᠯᠡᠨ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠬᠢᠲᠠᠳ ᠡᠮᠨᠡᠯᠭᠡ ᠶᠢᠨ | ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢᠨ ᠣᠷᠳᠣ ᠬᠤᠭᠤᠴᠠᠭᠠᠨ ᠤ ᠬᠠᠮᠵᠢᠯᠴᠠᠬᠤ ᠬᠠᠷᠢᠴᠠᠭ᠎ᠠ ᠶᠢ | ᠪᠠᠶᠢᠭᠤᠯᠤᠨ᠂ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ | ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ︽ᠮᠣᠩᠭᠤᠯ ᠬᠢᠲᠠᠳ ᠡᠮᠨᠡᠯᠭᠡ + ᠬᠠᠯᠠᠭᠤᠨ ᠷᠠᠰᠢᠶᠠᠨ + | ᠵᠤᠭᠠᠴᠠᠯ︾ ᠤᠨ ᠰᠤᠪᠢᠯᠠᠯᠲᠠ ᠶᠢᠨ ᠵᠠᠭᠪᠤᠷ ᠢ ᠰᠦᠪᠡᠭᠴᠢᠯᠡᠨ ᠥᠷᠨᠢᠭᠦᠯᠵᠦ᠂ ᠣᠨᠴᠠᠯᠢᠠᠠᠳᠦ ᠡᠮᠴᠢᠯᠡᠭᠡ ᠵᠤᠭᠠᠴᠠᠯ᠂ | ᠡᠮᠴᠢᠯᠡᠭᠡ ᠰᠤᠪᠢᠯᠠᠯᠲᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠸᠧᠨᠴᠢᠤᠸᠠᠨ ᠵᠡᠭᠡᠯᠢ᠂ ᠡᠤ ᠴᠠ ᠭᠸᠦ ᠪᠠᠯᠭᠠᠰᠤᠨ ᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ | ᠤᠮᠠᠷᠠᠲᠤ ᠬᠢᠩᠭᠠᠨ ᠨᠦᠬᠡᠨ ᠵᠠᠮ ᠤᠨ ᠪᠠᠬᠢᠯᠡᠯᠲᠡ ᠪᠣᠯᠤᠨ ᠬᠤᠸᠠ ᠫᠤᠤ ᠲᠠᠢ ᠵᠢᠭᠰᠠᠭᠠᠯ ᠤᠨ ᠭᠠᠵᠠᠷ ᠤᠨ ᠪᠠᠭᠤᠷᠢ ᠶᠢ | ᠰᠡᠯᠪᠢᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ︽ ᠬᠠᠯᠠᠭᠤᠨ ᠷᠠᠰᠢᠶᠠᠨ ᠤ ᠵᠠᠰᠠᠯᠭ᠎ᠠ︾ ᠪᠠ | ᠷᠠᠰᠢᠶᠠᠨ ᠤ ᠠᠷᠢᠭᠤᠨ ᠤᠰᠤᠨ ᠤ ᠪᠠᠶᠠᠷ ᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠳᠤ ᠮᠡᠳᠡᠭᠦᠯᠬᠦ ᠶᠢ ᠠᠬᠢᠭᠤᠯᠤᠨ᠎ᠠ ᠃ | ᠤᠯᠠᠭᠠᠨᠮᠥ᠋ᠴᠢᠷ ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ | ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠎ᠡ᠃ ᠦᠨᠳᠦᠰᠦᠨ ᠨᠠᠰᠤᠵᠢᠯ᠂ | ᠡᠮᠴᠢᠯᠡᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠢᠴᠢ ᠠᠵᠢᠯ ᠠᠯᠳᠠᠯᠲᠠ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ︽ᠭᠤᠷᠪᠠᠨ ᠡᠮᠨᠡᠯᠭᠡ ᠶᠢᠨ ᠬᠤᠯᠪᠣᠭᠠᠯᠠᠨ | ᠬᠥᠳᠡᠯᠦᠯᠴᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠲᠦᠷᠭᠡᠳᠬᠡᠨ ᠨᠠᠶᠢᠳᠠᠪᠤᠷᠢᠵᠢᠭᠤᠯᠤᠨ᠎ᠠ᠃ ᠬᠦᠳᠡᠭᠡ ᠲᠤᠰᠬᠤᠨ | ᠲᠠᠷᠢᠶᠠᠯᠠᠬᠤ ᠮᠠᠯᠵᠢᠬᠤ ᠣᠷᠣᠨ ᠤ ᠬᠦᠨᠳᠦ ᠡᠪᠡᠳᠴᠢᠨ ᠢ ᠠᠪᠤᠷᠠᠨ ᠲᠤᠰᠠᠯᠠᠵᠤ ᠶᠠᠳᠠᠭᠤ ᠶᠢ ᠰᠡᠷᠭᠡᠶᠢᠯᠡᠬᠦ ᠰᠠᠭᠤᠷᠢ | ᠮᠥᠩᠭᠦ᠂ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠺᠠᠳ᠋ᠷ ᠠᠵᠢᠯᠲᠠᠨ ᠠᠵᠢᠯᠴᠢᠨ ᠤ ᠬᠦᠨᠳᠦ | ᠡᠪᠡᠳᠴᠢᠲᠡᠨ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠭᠦᠨᠵᠡᠭᠡᠶ | ᠨᠠᠶᠢᠳᠠᠪᠦᠷᠢᠵᠢᠭᠤᠯᠤᠨ᠎ᠠ᠃ ᠥᠷᠢᠲᠦᠯ ᠢ ᠵᠠᠰᠠᠵᠤ ᠵᠠᠷᠤᠯᠭ᠎ᠠ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ | ᠴᠡᠷᠢᠭ ᠤᠨ ᠠᠯᠪᠠᠨ ᠠᠴᠠ ᠪᠠᠭᠤᠭᠰᠠᠳ ᠤᠨ ᠪᠠᠲᠤᠯᠠᠭ᠎ᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ | ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠨ᠎ᠡ᠃ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠦᠢᠯᠡᠴᠢᠯᠡᠬᠡᠨ ᠤ | ᠲᠥᠪ᠂ ᠣᠷᠣᠰᠢᠭᠤᠯᠭ᠎ᠠ ᠶᠢᠨ ᠭᠠᠵᠠᠷ᠂ ᠠᠮᠢ ᠠᠬᠤᠶ ᠶᠢᠨ ᠨᠡᠶᠢᠲᠡ ᠶᠢᠨ ᠣᠩᠭᠤᠨ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢ ᠶᠠᠩ ᠬᠤᠩ ᠠᠷᠠᠴᠢᠯᠠᠨ ᠬᠠᠮᠠᠭᠠᠯᠠᠬᠤ ᠬᠦᠷᠢᠶᠡᠯᠡᠩ ᠪᠠ | ᠠᠰᠠᠷᠠᠮᠵᠢ ᠶᠢᠨ ᠲᠥᠪ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠣᠯᠠᠨ ᠨᠡᠶᠢᠲᠡ ᠶᠢᠨ | ᠦᠢᠯᠡᠴᠢᠯᠡᠬᠡᠨ ᠤ ᠳᠤᠲᠠᠭᠤᠳᠠᠯ ᠢ ᠦᠨᠡᠨ ᠬᠦ ᠨᠥᠬᠦᠪᠥᠷᠢᠯᠡᠨ᠎ᠡ᠃ | ︵ ᠨᠠᠢᠮᠠ︶ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠠᠮᠤᠷ ᠲᠦᠪᠰᠢᠨ ᠢ ᠪᠠᠲᠤᠯᠠᠵᠤ ᠡᠶ᠎ᠡ ᠵᠣᠬᠢᠴᠠᠯ ᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠨ᠎ᠡ᠃ ᠠᠵᠤ ᠠᠬᠤᠶ ᠶᠢ | ᠬᠥᠭᠵᠢᠭᠦᠯᠬᠦ ᠬᠢᠭᠡᠳ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠰᠠᠭ ᠤᠨ | ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠬᠡᠶᠢᠯᠡᠨ ᠰᠢᠢᠳᠪᠦᠷᠢᠯᠡᠬᠦ ᠠᠵᠢᠯ ᠢ | ᠪᠣᠳᠠᠲᠠᠶ ᠠᠳᠬᠤᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠮᠥᠩᠭᠦᠨ ᠬᠦᠢᠯᠬᠡᠬᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠪᠠᠭ᠎ᠠ ᠲᠤᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠵᠡᠷᠭᠡ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠬᠡᠬᠡᠨ ᠤ ᠲᠦᠭᠰᠢᠭᠦᠷᠢ ᠡᠭᠦᠰᠬᠦ ᠥᠬᠡᠶ | ᠪᠠᠶᠢᠬᠤ ᠶᠢ ᠦᠨᠡᠨ ᠬᠦ ᠪᠠᠲᠤᠯᠠᠨ᠎ᠠ᠃ | ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠳᠦᠯᠠᠨ᠎ᠠ᠃ ᠠᠶᠤᠯᠬᠦᠢ ᠦᠢᠯᠡᠳᠪᠦᠷᠢᠯᠡᠯ ᠤᠨ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ ᠃ ᠢᠳᠡᠭᠡᠨ ᠡᠮ ᠤᠨ ᠵᠦᠢᠯᠡᠰ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠣᠯᠠᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ | ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠪᠣᠳᠠᠲᠠᠢ ᠠᠳᠬᠤᠵᠤ | ᠂ ᠪᠠᠴᠢᠮ ᠪᠠᠶᠢᠳᠠᠯ ᠢ ᠠᠷᠭᠠᠴᠠᠭᠠᠬᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠤᠨ ᠭᠠᠮᠰᠢᠭ ᠢ ᠰᠡᠷᠭᠡᠶᠢᠯᠡᠬᠦ ᠪᠠ ᠤᠢ | ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠰᠢᠨᠡᠴᠢᠯᠡᠯᠳᠡ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ ᠹᠧᠩ | ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠵᠦ᠂ ᠳᠠᠪᠬᠤᠷᠳᠠᠭᠤᠯᠤᠨ ᠰᠤᠷᠪᠤᠯᠵᠢᠯᠠᠬᠤ ᠪᠠ ᠳᠠᠷᠤᠭᠳᠠᠮᠠᠯ | ᠬᠡᠷᠡᠭ ᠢ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠨᠡᠶᠢᠭᠡᠮ ᠤᠨ ᠵᠥᠷᠢᠴᠡᠯ ᠢ ᠬᠦᠴᠦᠯᠡᠨ ᠰᠢᠢᠳᠪᠦᠷᠢᠯᠡᠪᠡ᠃ ᠨᠢᠭᠤᠴᠠ ᠶᠢ ᠬᠠᠮᠠᠭᠠᠯᠠᠬᠤ | ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠢᠯ ᠢ | ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠴᠡᠷᠢᠭ ᠡᠯᠰᠡᠬᠦ᠂ ᠠᠷᠠᠳ ᠤᠨ ᠠᠭᠠᠷ ᠤᠨ | ᠰᠡᠷᠭᠡᠶᠢᠯᠡᠯᠲᠡ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠲᠣᠮᠣ | ᠳ᠋ᠠᠶᠢᠲ᠋ᠠ ᠶᠢᠨ ᠰᠠᠭᠤᠷᠢ ᠢᠨᠵᠧᠨᠧᠷᠢᠩ ᠢ ᠠᠬᠢᠭᠤᠯᠵᠤ᠂ ᠪᠣᠰᠤᠭ᠎ᠠ ᠴᠣᠭᠴᠠᠵᠢᠭᠰᠠᠨ ᠮᠡᠳᠡᠭᠡ ᠵᠠᠩᠬᠢᠵᠢᠭᠰᠠᠨ | ᠣᠶᠤᠨᠴᠢᠯᠠᠭᠰᠠᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠱᠠᠯᠢᠭ ᠵᠠᠪᠬᠠᠶ | ᠵᠣᠭᠤᠰ ᠮᠥᠷᠦ᠋ᠢᠴᠡᠬᠦ ᠬᠤᠤᠷ ᠲᠠᠲᠠᠬᠤ᠂ ᠴᠥᠷᠬᠡᠯᠡᠭᠡ ᠵᠢᠭᠡᠯᠡᠯᠭᠡ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠷ | ᠠᠮᠤᠭᠤᠯᠠᠩ ᠷᠠᠰᠢᠶᠠᠨ ᠢ ᠪᠥᠲᠥᠭᠡᠨ ᠪᠠᠶᠢᠭᠤᠯᠤᠨ᠎ᠠ᠃ | ᠲᠦᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠨ᠎ᠠ | ᠲᠦᠯᠦᠭᠡᠯᠡᠭᠴᠢᠳ ᠡ︕ ᠢᠷᠡᠭᠡᠳᠦᠢ ᠳᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠰᠢᠨ᠎ᠡ ᠱᠠᠲᠤ | ᠦᠶ᠎ᠡ᠂ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ ᠪᠢᠳᠡ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠪᠥᠭᠡᠳ ᠨᠡᠩ ᠰᠠᠶᠢᠨ ᠲᠦᠷᠢᠮ | ᠲᠤᠬᠳᠠᠴᠠ ᠶᠢᠨ ᠳᠠᠪᠠᠭᠤᠯᠢᠭ ᠢ ᠵᠠᠰᠠᠯᠲᠠ ᠶᠢᠨ ᠦᠢᠯᠡᠳᠦᠯ ᠴᠢᠳᠠᠪᠬᠢ ᠪᠣᠯᠭᠠᠨ ᠬᠤᠪᠢᠷᠠᠭᠤᠯᠤᠨ᠎ᠠ᠃ | ︵ᠨᠢᠬᠡ︶ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ | ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠷᠢᠮᠲᠠᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠦᠷᠢ ᠶᠢ ᠦᠨᠡᠨ ᠬᠦ | ᠲᠡᠭᠡᠭᠰᠢᠯᠡᠬᠦᠯᠵᠦ᠂ ᠢᠮᠠᠭᠲᠠ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ | ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠠ | ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠣᠰᠣᠭᠠᠷ ᠵᠢᠭᠠᠪᠤᠷᠢ | ᠠᠪᠬᠤ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠷᠯᠢᠭ ᠪᠠᠭᠤᠯᠭᠠᠨ ᠠᠵᠢᠯᠯᠠᠬᠤ ᠶᠢ ᠴᠠᠭᠠᠵᠠᠯᠠᠵᠤ | ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ ᠶᠢ ᠨᠡᠩ ᠰᠠᠶᠢᠳᠦᠷ ᠪᠠᠳᠦᠯᠠᠨ᠎ᠠ᠃ | ︵ᠬᠤᠶᠠᠷ︶ ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠵᠠᠰᠠᠭ ᠤᠨ ᠣᠷᠳᠣᠨ ᠤ ᠠᠵᠢᠯ ᠤᠨ ᠲᠡᠮᠡᠴᠡᠬᠦ ᠬᠠᠷᠠᠯᠲᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ | ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠠ ᠵᠢᠷᠭᠠᠯ ᠢ | ᠰᠦᠪᠡᠭᠴᠢᠯᠡᠨ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠣᠯᠠᠨ ᠨᠡᠩ ᠭᠤᠣᠯᠴᠢ ᠪᠠᠷ ᠪᠥᠬᠦ ᠬᠤᠲᠠ ᠶᠢᠨ | ᠠᠷᠠᠳ ᠲᠦᠮᠡᠨ ᠳᠤ ᠬᠦᠷᠲᠡᠭᠡᠨ᠎ᠡ᠃ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠶ᠎ᠡ︾ ᠬᠡᠬᠦ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ | ᠵᠠᠰᠠᠭ ᠤᠨ ᠣᠷᠳᠣᠨ ᠤ ᠪᠠᠶᠢᠭᠤᠯᠭ᠎ᠠ ᠶᠢᠨ ᠬᠡᠪ ᠰᠤᠷᠲᠠᠯ ᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠵᠠᠰᠠᠭ ᠤᠨ | ᠶᠠᠪᠤᠳᠠᠯ ᠢ ᠠᠷᠠᠳ ᠠᠴᠠ ᠠᠰᠠᠭᠤᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠷᠠᠳ | ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠣᠯᠠᠨ ᠲᠦᠮᠡᠨ ᠤ ᠬᠦᠴᠢᠷ ᠵᠣᠪᠠᠯᠠᠩ ᠢ | ᠬᠠᠯᠠᠮᠵᠢᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠭᠰᠡᠨ ᠠᠰᠠᠭᠤᠳᠠᠯ᠂ ᠣᠯᠠᠨ | ᠨᠡᠶᠢᠳᠡ ᠶᠢᠨ ᠵᠠᠮ ᠬᠠᠷᠢᠯᠴᠠᠭᠠᠨ ᠤ ᠠᠵᠢᠯᠯᠠᠭᠠᠨ ᠢ ᠰᠡᠷᠭᠦᠭᠡᠬᠦ ᠵᠡᠷᠭᠡ ᠣᠯᠠᠨ ᠲᠦᠮᠡᠨ ᠤ ᠰᠡᠳᠬᠢᠯ ᠲᠠᠯᠪᠢᠵᠤ | ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠦᠷᠢᠮ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ | ᠤᠬᠠᠭᠠᠨᠴᠢᠯᠠᠯᠲᠠ ᠠᠷᠠᠳᠴᠢᠯᠠᠯᠲᠠ ᠬᠠᠤᠯᠢ ᠳᠦᠷᠢᠮᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ | ᠠᠵᠢᠯᠲᠠᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠨᠠᠮ ᠤᠨ ᠳᠣᠲᠣᠭᠠᠳᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ ᠠᠪᠴᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠬᠢᠨᠠᠯᠲᠠ ᠶᠢ ᠢᠳᠡᠪᠬᠢᠲᠡᠢ ᠬᠦᠯᠢᠶᠡᠨ᠎ᠡ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ | ᠬᠥᠮᠦᠰ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠨᠠᠷᠢᠨ ᠨᠢᠮᠪᠠᠢ ᠰᠠᠶᠢᠳᠦᠷ | ᠭᠦᠢᠴᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠠᠵᠢᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠪᠠᠲᠤᠯᠠᠬᠤ ᠳᠦᠷᠢᠮ ᠤᠨ ᠠᠵᠢᠯ ᠢ | ᠯᠠᠪᠳᠠᠭᠤᠨ ᠢᠶᠠᠷ ᠠᠬᠢᠭᠤᠯᠤᠨ᠎ᠠ ᠃ | ︵ᠲᠦᠷᠪᠡ︶ ᠥᠨᠳᠥᠷ ᠪᠦᠲᠦᠮᠵᠢᠲᠡᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ︽ᠦᠨᠡᠨ ᠪᠣᠳᠠᠲᠠᠢ᠂ | ᠪᠣᠳᠠᠲᠠᠢ ᠠᠵᠢᠯᠯᠠᠵᠤ᠂ ᠪᠤᠳᠠᠳᠤ ᠠᠮᠵᠢᠯᠲᠠ ᠣᠯᠬᠤ︾ ᠠᠵᠢᠯ ᠤᠨ ᠤᠳᠤᠷᠢᠳᠤᠮᠵᠢ ᠶᠢ ᠪᠠᠷᠢᠮᠳᠠᠯᠠᠨ᠎ᠠ᠃ ᠪᠣᠳᠠᠲᠠᠢ | ᠠᠵᠢᠯᠯᠠᠵᠤ ᠡᠭᠦᠷᠭᠡ ᠡᠭᠦᠷᠭᠡᠯᠡᠨ᠂ ᠴᠢᠳᠠᠮᠠᠭᠠᠢ ᠪᠠᠷ ᠠᠮᠵᠢᠯᠲᠠ ᠣᠯᠬᠤ ᠰᠢᠯᠢᠳᠡᠭ ᠰᠤᠷᠲᠠᠯ ᠢ ᠰᠠᠨᠠᠭᠠᠴᠢᠯᠠᠵᠤ | ᠬᠥᠲᠥᠯᠦᠨ ᠵᠢᠯᠣᠭᠤᠳᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠠᠯᠳᠠᠭ᠎ᠠ ᠪᠤᠷᠤᠭᠤ ᠶᠢ | ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠥᠨᠡ᠃ ᠲᠤᠭ ᠲᠡᠮᠳᠡᠭ ᠲᠣᠳᠣᠷᠬᠠᠢ ᠪᠠᠷ ᠬᠢᠬᠦ ᠨᠢ ᠵᠣᠷᠢᠭᠲᠠᠢ ᠬᠢᠬᠦ᠂ | ᠠᠵᠢᠯᠯᠠᠬᠤ ᠳᠠᠭᠠᠨ ᠴᠢᠳᠠᠮᠠᠭᠠᠢ᠂ ᠦᠢᠯᠡᠰ ᠪᠦᠲᠦᠭᠡᠬᠦ ᠪᠠᠷ ᠲᠦᠰᠢᠭ ᠪᠣᠯᠭᠠᠨ ᠡᠭᠦᠷᠭᠡᠯᠡᠯ ᠢ ᠬᠦᠢᠴᠡᠳᠬᠡᠬᠦ ᠪᠠᠷ | ᠳᠠᠮᠵᠢᠨ ᠠᠮᠵᠢᠯᠲᠠ ᠪᠠᠨ ᠠᠬᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠢᠨᠠᠨ | ᠪᠠᠶᠢᠴᠠᠭᠠᠬᠤ ᠲᠠᠰᠤᠭ ᠤᠨ ᠬᠠᠷᠢᠯᠴᠠᠬᠤ ᠴᠡᠭ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠤᠬᠤᠷ ᠬᠤᠷᠠᠯ ᠬᠢᠬᠦ᠂ | ᠣᠬᠤᠷ ᠪᠢᠴᠢᠭ ᠮᠠᠲ᠋ᠧᠷᠢᠶᠠᠯ ᠲᠠᠷᠬᠠᠭᠠᠬᠤ᠂ ᠬᠤᠷᠠᠯ ᠤᠨ ᠪᠠᠶᠢᠳᠠᠯ ᠵᠣᠬᠢᠶᠠᠯ ᠤᠨ ᠰᠤᠷᠲᠠᠯ ᠢ ᠦᠷᠭᠦᠯᠵᠢᠯᠡᠨ | ᠬᠤᠪᠢᠷᠠᠭᠤᠯᠬᠤ᠂ ᠨᠡᠩ ᠣᠯᠠᠨ ᠣᠶᠤᠨ ᠴᠢᠳᠠᠯ ᠢᠶᠠᠨ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠦᠨ᠎ᠡ ᠃ | ᠦᠨᠳᠦᠰᠦᠨ ᠱᠠᠲᠤᠨ ᠤ ᠳᠠᠷᠤᠯᠲᠠ ᠶᠢ ᠤᠶᠢᠯᠠᠭᠠᠵᠦ᠂ ᠦᠨᠳᠦᠰᠦᠨ ᠱᠠᠲᠤᠨ ᠤ ᠬᠦᠴᠢᠷ ᠢ ᠬᠠᠯᠠᠮᠵᠢᠯᠠᠵᠤ᠂ | ᠦᠨᠳᠦᠰᠦᠨ ᠱᠠᠲᠤᠨ ᠤ ᠠᠵᠢᠯ ᠢ ᠳᠡᠮᠵᠢᠵᠦ ᠨᠡᠩ ᠣᠯᠠᠨ ᠡᠬᠢ ᠪᠠᠶᠠᠯᠢᠭ ᠪᠣᠯᠤᠨ ᠬᠦᠴᠦᠨ ᠢ ᠦᠨᠳᠦᠰᠦᠨ | ᠱᠠᠲᠤᠨ ᠳᠤ ᠬᠦᠨᠵᠡᠬᠡᠶᠢᠷᠡᠬᠦᠯᠦᠨ᠎ᠡ᠃ ᠦᠵᠡᠯ ᠰᠠᠨᠠᠭ᠎ᠠ ᠪᠠᠨ ᠴᠢᠯᠥᠭᠡᠯᠡᠵᠦ᠂ ᠰᠢᠨ᠎ᠡ ᠶᠢ ᠡᠭᠦᠳᠴᠦ᠂ ᠲᠡᠷᠢᠭᠦᠨ ᠢ | ᠡᠭᠦᠳᠬᠦ᠂ ᠡᠷᠡᠯᠬᠡᠭᠯᠡᠨ ᠲᠡᠮᠡᠴᠡᠬᠦ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠪᠠᠷᠢᠮᠲᠠᠯᠠᠨ᠂ ᠪᠥᠬᠦ | ᠬᠤᠲᠠ ᠶᠢᠨ ᠠᠵᠤ ᠠᠬᠤᠢ ᠨᠡᠶᠢᠬᠡᠮ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠤᠨ᠎ᠠ᠃ | ︵ᠲᠠᠪᠤ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠳᠠ ᠶᠢ ᠭᠦᠨᠵᠡᠭᠡᠢ ᠲᠦᠯᠬᠢᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠬᠤᠣᠰ | ᠬᠠᠷᠢᠭᠤᠴᠠᠯᠭ᠎ᠠ︾ ᠶᠢᠨ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ᠂ ᠠᠶᠢᠮᠠᠭ᠂ ᠬᠤᠲᠠ ᠶᠢᠨ ᠢᠵᠢ ᠪᠦᠷᠢᠳᠦᠭᠰᠡᠨ ᠲᠣᠭᠲᠠᠭᠠᠯ ᠢ | ᠴᠢᠩᠭ᠎ᠠ ᠨᠠᠶᠢᠳᠠᠪᠦᠷᠢᠵᠢᠭᠤᠯᠵᠦ᠂ ︽ᠳᠥᠷᠪᠡᠨ ᠰᠤᠷᠲᠠᠯ︾ ᠢ ᠡᠷᠡᠰ ᠭᠤᠢᠪᠢᠰᠢ ᠦᠭᠡᠢ ᠵᠠᠯᠠᠷᠠᠭᠤᠯᠤᠨ᠎ᠠ᠃ ︽ | ᠨᠠᠷᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ ᠠᠵᠢᠯᠴᠢ ᠠᠷᠪᠢᠴᠢ ᠠᠷᠪᠢᠯᠠᠨ ᠭᠠᠮᠨᠠᠬᠤ ᠶᠢ | ᠴᠢᠩᠭ᠎ᠠ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠬᠦᠴᠡᠨ᠎ᠡ᠃ ᠲᠥᠰᠥᠪ ᠤᠨ ᠴᠢᠩᠭ᠎ᠠ ᠬᠢᠵᠠᠭᠠᠷᠯᠠᠯ ᠢ | ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠦᠷᠭᠦᠯᠵᠢᠯᠡᠨ ᠪᠠᠭᠠᠰᠬᠠᠵᠤ᠂ ᠡᠳ᠋ ᠤᠨ | ᠵᠠᠰᠠᠭ ᠤᠨ ᠪᠡᠯᠡ ᠮᠥᠩᠭᠦᠨ ᠤ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠣᠬᠠᠠᠵᠣ᠂ ᠵᠠᠰᠠᠭ ᠤᠨ ᠣᠷᠳᠣᠨ ᠤ | ᠡᠳᠦᠷ ᠬᠤᠨᠤᠭ ᠢᠶᠠᠷ ᠠᠷᠠᠳ ᠲᠦᠮᠡᠨ ᠤ ᠰᠠᠶᠢᠨ ᠠᠮᠢᠳᠤᠷᠠᠯ ᠢ ᠪᠠᠶᠢᠭᠤᠯᠤᠨ᠎ᠠ᠃ ᠣᠯᠠᠨ ᠨᠡᠶᠢᠳᠡ ᠶᠢᠨ ᠡᠷᠬᠡ᠂ | ᠣᠯᠠᠨ ᠨᠡᠶᠢᠳᠡ ᠶᠢᠨ ᠪᠡᠯᠡ ᠮᠥᠩᠭᠦ᠂ ᠣᠯᠠᠨ ᠨᠡᠶᠢᠳᠡ ᠶᠢᠨ ᠡᠳ᠋ ᠬᠥᠷᠥᠩᠭᠡ᠂ ᠣᠯᠠᠨ ᠨᠡᠶᠢᠳᠡ ᠶᠢᠨ ᠡᠬᠢ | ᠪᠠᠶᠠᠯᠢᠭ᠂ ᠣᠯᠠᠨ ᠨᠡᠶᠢᠳᠡ ᠶᠢᠨ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠣᠵᠤ | ᠬᠢᠨᠠᠯᠲᠠ ᠲᠠᠯᠪᠢᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠴᠢᠩᠭᠠᠳᠬᠠᠵᠤ᠂ ᠵᠠᠰᠠᠭ ᠤᠨ ᠣᠷᠳᠣᠨ ᠤ ᠡᠷᠬᠡ ᠮᠠᠲᠠᠯ ᠢ ᠢᠯᠡ ᠪᠠᠶᠢᠯᠭᠠᠬᠤ ᠶᠢ ᠪᠠᠲᠤᠯᠠᠨ᠎ᠠ᠃ | ᠲᠥᠯᠥᠭᠡᠯᠡᠭᠴᠢᠳ ᠡ︕ ᠬᠦᠴᠢᠷ ᠪᠡᠷᠬᠡᠰᠢᠶᠡᠯ ᠰᠥᠰᠥ ᠵᠣᠷᠢᠭ ᠢ ᠲᠠᠪᠳᠠᠨ ᠪᠤᠯᠪᠠᠰᠦᠷᠠᠭᠤᠯᠤᠨᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠂ ᠬᠢᠩᠭᠠᠨ | ᠠᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠲᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠳᠣᠣᠷ᠎ᠠ ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ | ᠲᠤᠯᠭᠠᠭᠤᠷᠢ ᠬᠦᠴᠦ ᠪᠠᠨ ᠬᠠᠮᠲᠤᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠬᠦᠯᠦᠶ᠎ᠡ︕ | ᠨᠡᠷᠡᠰ ᠤᠨ ᠲᠠᠶᠢᠯᠪᠦᠷᠢ | ᠨᠢᠭᠡ᠂ ︽ᠵᠢᠷᠭᠤᠭ᠎ᠠ ᠶᠢ ᠲᠤᠬᠳᠠᠪᠦᠷᠢᠵᠢᠭᠤᠯᠬᠤ︾ ᠠᠵᠢᠯ ᠭᠡᠳᠡᠭ ᠨᠢ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠮᠥᠩᠭᠦᠨ ᠬᠦᠢᠯᠬᠡᠬᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠤᠬᠳᠠᠪᠦᠷᠢᠵᠢᠭᠤᠯᠬᠤ᠂ ᠪᠡᠯᠡ ᠣᠷᠣᠭᠤᠯᠤᠯᠲᠠ ᠶᠢ | ᠲᠤᠬᠳᠠᠪᠦᠷᠢᠵᠢᠭᠤᠯᠬᠤ᠂ ᠵᠢᠱᠢᠯᠳᠡ ᠶᠢ ᠲᠤᠬᠳᠠᠪᠦᠷᠢᠵᠢᠭᠤᠯᠬᠤ ᠃ | ᠬᠤᠶᠠᠷ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠭᠡᠳᠡᠭ ᠨᠢ ᠰᠠᠭᠤᠭᠠᠯᠢ ᠠᠷᠠᠳ ᠤᠨ ᠠᠵᠢᠯ ᠣᠯᠭᠤᠯᠲᠠ ᠶᠢ | ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠠᠲᠤᠯᠠᠬᠤ᠂ ᠠᠮᠤ ᠪᠤᠳᠠᠭᠠᠨ ᠤ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠰᠦ | ᠬᠠᠩᠭᠠᠯᠭ᠎ᠠ ᠶᠢᠨ ᠬᠡᠯᠬᠢᠶᠡᠰᠦ ᠶᠢ ᠪᠠᠳᠦᠯᠠᠬᠤ᠂ ᠦᠨᠳᠦᠰᠦᠨ ᠱᠠᠲᠤᠨ ᠤ ᠡᠷᠬᠢᠯᠳᠡ ᠶᠢ ᠪᠠᠲᠤᠯᠠᠬᠤ ᠶᠢ ᠵᠢᠭᠠᠵᠦ | ᠪᠤᠢ᠃ | ᠭᠤᠷᠪᠠ᠂ ︽1+2︾ ᠰᠡᠷᠬᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ᠃ ︽1︾ ᠶᠢ ᠬᠤᠲᠠ ᠶᠢᠨ | ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠵᠢᠯᠣᠭᠤᠳᠬᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ | ᠭᠠᠵᠠᠷ ᠤᠨ ᠳᠡᠰ ᠤᠨ ᠤᠳᠤᠷᠢᠳᠤᠯᠭ᠎ᠠ ᠠᠴᠠ ᠡᠯ᠎ᠡ ᠲᠤᠰᠬᠠᠢ ᠵᠦᠢᠯ ᠤᠨ ᠠᠵᠢᠯ ᠤᠨ ᠲᠤᠭᠤᠶᠢᠯᠠᠩ ᠤᠨ | ᠳᠠᠷᠤᠭ᠎ᠠ ᠶᠢᠨ ᠰᠡᠷᠬᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠪᠠᠶᠢᠭᠤᠯᠤᠨ᠎ᠠ᠃ ︽2︾ ᠭᠡᠳᠡᠭ ᠨᠢ 8 ᠨᠡᠷᠡᠰ | ᠭᠠᠵᠠᠷ ᠤᠨ ᠳᠡᠰ ᠤᠨ ᠤᠳᠤᠷᠢᠳᠤᠯᠭ᠎ᠠ ᠳᠠᠭᠠᠭᠠᠴᠢᠯᠠᠵᠤ ᠳᠥᠷᠪᠡᠨ ᠪᠠᠯᠭᠠᠰᠤ ᠳᠥᠷᠪᠡᠨ ᠵᠡᠭᠡᠯᠢ ᠭᠤᠳᠤᠮᠵᠢ ᠶᠢ | ᠳᠠᠭᠠᠭᠤᠯᠤᠨ ᠲᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠷᠡᠭᠦᠯ ᠬᠠᠮᠠᠭᠠᠯᠠᠯ ᠤᠨ ᠰᠢᠰᠲ᠋ᠧᠮ ᠤᠨ | ᠠᠵᠢᠯ ᠤᠨ ᠲᠤᠷᠰᠢᠯᠭ᠎ᠠ ᠲᠠᠢ 4 ᠰᠠᠯᠠᠭᠠᠨ ᠳᠡᠰ ᠤᠨ ᠺᠠᠳ᠋ᠷ ᠢ ᠰᠢᠯᠵᠢᠭᠦᠯᠦᠨ 4 ᠬᠢᠨᠠᠨ ᠪᠠᠶᠢᠴᠠᠭᠠᠬᠤ | ᠲᠤᠭᠤᠶᠢᠯᠠᠩ ᠪᠠᠶᠢᠭᠤᠯᠵᠦ᠂ ᠪᠥᠬᠦ ᠬᠤᠲᠠ ᠶᠢᠨ ᠡᠯ᠎ᠡ ᠰᠡᠷᠬᠡᠶᠢᠯᠡᠨ ᠡᠵᠡᠮᠳᠡᠬᠦ ᠬᠦᠷᠢᠶᠡᠨ ᠳᠤ ᠬᠢᠨᠠᠯᠲᠠ ᠲᠠᠯᠪᠢᠨ | ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠬᠦ ᠶᠢ ᠵᠢᠭᠠᠵᠦ ᠪᠤᠢ᠃ | ᠳᠥᠷᠪᠡ᠂ ︽ᠤᠨᠤᠴᠠᠳᠠᠢ ᠲᠡᠳᠬᠦᠬᠦ ᠮᠦᠩᠬᠦ︾ ᠭᠡᠳᠡᠭ ᠨᠢ ᠷᠠᠰᠢᠶᠠᠨ ᠬᠤᠲᠠ ᠶᠢᠨ ᠶᠠᠳᠠᠭᠤ ᠶᠢ ᠲᠡᠳᠬᠦᠬᠦ | ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ ᠶᠠᠳᠠᠭᠤ ᠶᠢ ᠲᠡᠳᠬᠦᠬᠦ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠴᠥᠭᠡᠨ ᠲᠣᠭᠠᠨ ᠤ ᠶᠠᠳᠠᠭᠤ ᠠᠴᠠ ᠠᠩᠭᠢᠵᠢᠷᠠᠭᠤᠯᠬᠤ ᠣᠯᠠᠨ | ᠲᠦᠮᠡᠨ ᠪᠠ ᠬᠥᠳᠡᠭᠡ ᠲᠣᠰᠬᠤᠨ ᠤ ᠣᠯᠠᠨ ᠲᠦᠮᠡᠨ ᠢ ᠬᠠᠪᠰᠤᠷᠤᠨ ᠭᠡᠷ ᠪᠦᠯᠢ ᠳᠤ ︽ᠬᠦᠨᠳᠦ ᠶᠡᠭᠡ ᠡᠪᠡᠳᠴᠢᠨ | ᠡᠮᠭᠡᠭ᠂ ᠬᠦᠨᠳᠦ ᠶᠡᠭᠡ ᠭᠠᠢ ᠭᠠᠮᠰᠢᠭ᠂ ᠬᠦᠨᠳᠦ ᠶᠡᠭᠡ ᠬᠤᠪᠢᠷᠠᠯᠲᠠ︾ ᠵᠡᠷᠭᠡ ᠭᠡᠨᠡᠳᠲᠡ ᠶᠢᠨ ᠰᠢᠯᠲᠠᠭᠠᠨ ᠠᠴᠠ | ᠪᠣᠯᠤᠭᠰᠠᠨ ᠭᠡᠷ ᠪᠦᠯᠢ ᠶᠢᠨ ᠶᠡᠭᠡ ᠲᠣᠭᠠᠨ ᠤ ᠡᠳ᠋ ᠬᠥᠷᠥᠩᠭᠡ ᠶᠢᠨ ᠵᠠᠷᠤᠯᠭ᠎ᠠ ᠪᠤᠶᠤ ᠬᠤᠬᠢᠷᠠᠯ ᠢ ᠲᠡᠭᠦᠨ ᠤ | ᠲᠣᠭᠲᠠᠭᠤᠨ ᠢᠶᠠᠷ ᠪᠡᠶᠡᠯᠡᠭᠦᠯᠬᠦ ᠶᠢ ᠵᠢᠭᠠᠵᠤ ᠪᠣᠢ᠃ | ᠲᠠᠪᠤ᠂ ︽ᠨᠠᠢᠮᠠᠨ ᠤᠯᠠᠷᠢᠯ ᠳᠤ ᠬᠤᠯᠪᠣᠭᠠᠯᠠᠨ ᠬᠥᠳᠡᠯᠦᠯᠴᠡᠬᠦ︾ ᠰᠢᠷᠢᠰ ᠠᠵᠢᠯᠯᠠᠭ᠎ᠠ ᠨᠢ ᠪᠠᠶᠢᠩᠭᠤ ᠶᠢᠨ | ᠴᠢᠨᠠᠷᠳᠠᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠪᠥᠬᠦ ᠬᠤᠲᠠ ᠶᠢᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ | ᠳᠠᠭᠤᠤ ᠬᠥᠭᠵᠢᠮ ᠤᠨ ᠤᠯᠠᠷᠢᠯ᠂ ᠪᠡᠶ᠎ᠡ ᠶᠢᠨ ᠲᠠᠮᠢᠷ ᠤᠨ ᠤᠯᠠᠷᠢᠯ᠂ ᠭᠡᠷᠡᠯ ᠵᠢᠷᠤᠭ ᠤᠨ ᠤᠯᠠᠷᠢᠯ᠂ ᠲᠣᠣᠷ | ᠰᠦᠯᠵᠢᠶ᠎ᠡ ᠶᠢᠨ ᠬᠠᠯᠠᠭᠤᠷᠠᠯ ᠤᠨ ᠤᠯᠠᠷᠢᠯ᠂ ᠣᠶᠤᠨᠴᠢ ᠤᠯᠠᠷᠢᠯ᠂ ᠡᠷᠡᠭᠦᠯ ᠮᠡᠨᠳᠦ ᠶᠢᠨ ᠤᠯᠠᠷᠢᠯ᠂ ᠠᠮᠲᠠᠲᠤ | ᠢᠳᠡᠭᠡᠨ ᠤ ᠤᠯᠠᠷᠢᠯ᠂ ᠰᠤᠳᠤᠯᠭᠠᠨ ᠤ ᠤᠯᠠᠷᠢᠯ ᠤᠨ ︽ᠨᠠᠢᠮᠠᠨ ᠤᠯᠠᠷᠢᠯ︾ ᠤᠨ ᠰᠢᠷᠢᠰ ᠠᠵᠢᠯᠯᠠᠭ᠎ᠠ ᠶᠢ | ᠦᠷᠨᠢᠬᠦᠯᠬᠦ ᠶᠢ ᠵᠢᠭᠠᠵᠦ ᠪᠤᠢ᠃ | ᠵᠢᠷᠭᠤᠭ᠎ᠠ᠂ ︽ᠭᠤᠷᠪᠠᠨ ᠲᠣᠭᠤᠷᠢᠭ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠭᠡᠳᠡᠭ ᠨᠢ | ᠶᠢᠨ ᠵᠢᠶᠠᠩ ᠭᠸᠤ ᠦᠢᠯᠡᠴᠢᠯᠡᠭᠡᠨ ᠤ ᠲᠣᠭᠤᠷᠢᠭ᠂ ᠲᠢᠶᠠᠨ ᡂᠢ ᠦᠢᠯᠡᠴᠢᠯᠡᠭᠡᠨ ᠤ ᠲᠣᠭᠤᠷᠢᠭ ᠪᠣᠯᠤᠨ ᠢᠷᠪᠢᠰ | ᠣᠷᠣᠨ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠵᠢᠭᠠᠵᠤ ᠪᠣᠢ᠃ | ᠳᠣᠯᠤᠭ᠎ᠠ᠂ ︽ ᠲᠦᠷᠪᠡ ᠶᠢ ᠬᠦᠢᠴᠡᠳᠬᠡᠬᠦ︾ ᠶᠠᠪᠤᠳᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠬᠰᠠᠨ ︽ᠬᠢᠨᠠᠨ ᠵᠥᠪᠰᠢᠶᠡᠷᠡᠬᠦ ᠦᠢᠯᠡᠴᠢᠯᠡᠭᠡᠨ ᠢ ᠠᠷᠠᠳ ᠲᠤ ᠳᠥᠭᠦᠮ ᠦᠵᠡᠭᠦᠯᠬᠦ ᠶᠢ ᠭᠦᠨᠵᠡᠭᠡᠢ ᠲᠦᠯᠬᠢᠨ | ᠠᠬᠢᠭᠤᠯᠬᠤ ᠲᠤᠬᠠᠢ ᠵᠢᠯᠣᠭᠤᠳᠬᠤ ᠰᠠᠨᠠᠯ︾ ᠳᠤ ᠳᠤᠷᠠᠳᠤᠭᠰᠠᠨ ᠬᠢᠨᠠᠨ ᠵᠥᠪᠰᠢᠶᠡᠷᠡᠬᠦ ᠦᠢᠯᠡᠴᠢᠯᠡᠭᠡᠨ ᠢ ︽ | ᠲᠠᠷᠦᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ ᠭᠦᠢᠴᠡᠳᠬᠡᠬᠦ᠂ ᠨᠢᠭᠡ | ᠯᠡ ᠤᠳᠠᠭ᠎ᠠ ᠳᠤ ᠭᠦᠢᠴᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠵᠢᠭᠠᠵᠤ ᠪᠣᠢ᠃ | ᠨᠠᠢᠮᠠ᠂ ︽ᠣᠯᠠᠨ ᠦᠨᠡᠮᠯᠡᠯ ᠢ ᠨᠡᠶᠢᠯᠡᠬᠦᠯᠦᠨ ᠨᠢᠭᠡ ᠪᠣᠯᠭᠠᠬᠤ︾ ᠭᠡᠳᠡᠭ ᠨᠢ ᠭᠡᠷᠡᠴᠢ ᠲᠡᠮᠳᠡᠭ ᠢ ᠡᠮᠬᠢᠯᠡᠨ | ᠨᠡᠶᠢᠯᠡᠬᠦᠯᠵᠦ ᠥᠭᠡᠷᠡᠴᠢᠯᠡᠯᠲᠡ ᠬᠢᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ | ᠨᠢᠭᠡᠲᠡᠢ ᠪᠠᠷ ᠢᠶᠠᠷ ᠬᠠᠮᠢᠭ᠎ᠠ ᠤᠴᠢᠬᠰᠠᠨ ᠴᠤ ᠰᠢᠭᠤᠳ ᠰᠢᠯᠤᠭᠤᠨ ᠪᠠᠶᠢᠬᠤ ᠶᠢ ᠵᠢᠭᠠᠵᠤ ᠪᠣᠢ᠃ ᠣᠯᠠᠨ | ᠦᠨᠡᠮᠯᠡᠯ ᠢ ᠨᠡᠶᠢᠯᠡᠬᠦᠯᠦᠨ ᠨᠢᠭᠡ ᠪᠣᠯᠭᠠᠬᠤ ᠥᠭᠡᠷᠡᠴᠢᠯᠡᠯᠲᠡ ᠶᠢᠨ ᠵᠣᠷᠢᠯᠭ᠎ᠠ ᠪᠣᠯ ᠠᠵᠤ ᠠᠬᠤᠶᠢᠯᠠᠯ ᠤᠨ | ᠡᠵᠡᠩᠨᠡᠯᠲᠡ ᠶᠢᠨ ᠦᠨᠡᠮᠯᠡᠯ ᠢᠶᠠᠨ ᠭᠦᠢᠴᠡᠳᠬᠡᠭᠰᠡᠨ ᠤ ᠳᠠᠷᠠᠭ᠎ᠠ ᠳᠠᠷᠠᠭᠠᠴᠢ ᠶᠢᠨ ᠬᠢᠨᠠᠨ ᠵᠥᠪᠰᠢᠶᠡᠷᠡᠭᠦᠯᠬᠦ ᠭᠠᠷᠳᠠᠮ | ᠳᠠᠬᠢᠵᠤ ᠬᠢᠬᠦ ᠦᠭᠡᠢ ᠪᠠᠷ ᠦᠢᠯᠡᠳᠪᠦᠷᠢᠯᠡᠯ ᠤᠨ ᠡᠵᠡᠩᠨᠡᠯᠲᠡ ᠶᠢᠨ ᠪᠠᠶᠢᠳᠠᠯ ᠳᠤ ᠦᠳᠲᠡᠷ ᠲᠦᠷᠭᠡᠨ ᠬᠦᠷᠴᠦ | ᠴᠢᠳᠠᠬᠤ ᠪᠣᠯᠭᠠᠬᠤ ᠶᠠᠪᠤᠳᠠᠯ ᠪᠣᠯᠤᠨ᠎ᠠ᠃ ᠠᠵᠤ ᠠᠬᠤᠶᠢᠯᠠᠯ ᠤᠨ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ | ᠡᠵᠡᠩᠨᠡᠯᠲᠡ ᠶᠢᠨ ᠦᠨᠡᠮᠯᠡᠯ ᠢ ᠠᠵᠤ ᠠᠬᠤᠶᠢᠯᠠᠯ ᠤᠨ ᠴᠣᠷ ᠤᠨ ᠭᠠᠭᠴᠠ ︽ᠪᠡᠶ᠎ᠡ ᠶᠢᠨ ᠦᠨᠡᠮᠯᠡᠯ︾ ᠢᠶᠠᠷ ᠪᠦᠬᠦ | ᠤᠯᠤᠰ ᠤᠨ ᠨᠢᠭᠡᠳᠦᠯᠲᠡᠢ ᠢᠲᠡᠭᠡᠮᠵᠢ ᠶᠢᠨ ᠣᠷᠣᠯᠠᠬᠤ ᠲᠡᠮᠳᠡᠭ ᠢ ᠠᠵᠤ ᠠᠬᠤᠶᠢᠯᠠᠯ ᠤᠨ ᠴᠣᠷ ᠤᠨ ᠭᠠᠭᠴᠠ | ᠪᠡᠶ᠎ᠡ ᠶᠢᠨ ᠦᠨᠡᠮᠯᠡᠯ ᠤᠨ ᠣᠷᠣᠯᠠᠬᠤ ᠲᠡᠮᠳᠡᠭ ᠪᠤᠯᠭᠠᠬᠤ ᠶᠢ ᠵᠢᠭᠠᠵᠦ ᠪᠤᠢ᠃ | | ᠶᠢᠰᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠡᠳᠡᠭ ᠨᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠦᠬᠦᠢ | ᠰᠠᠯᠠᠭ᠎ᠠ ᠮᠥᠴᠢᠷ ᠤᠳ ᠬᠤᠶᠠᠷ ᠢ ᠰᠤᠭᠤᠴᠢᠵᠦ᠂ ᠨᠢᠭᠡ ᠶᠢ ᠢᠯᠡ ᠪᠤᠯᠭᠠᠬᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠱᠠᠭᠠᠷᠳᠠᠯᠭ᠎ᠠ ᠶᠣᠰᠣᠭᠠᠷ ᠬᠠᠮᠲᠤᠷᠠᠵᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ | ᠨᠢᠭᠡᠳᠦᠯᠲᠡᠢ ᠲᠥᠯᠥᠪᠯᠡᠨ ᠲᠣᠭᠲᠠᠭᠠᠬᠤ ᠳᠤ ᠬᠠᠤᠯᠢ ᠶᠣᠰᠣᠭᠠᠷ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ | ᠨᠠᠷᠢᠨ ᠬᠠᠭᠤᠳᠠᠰᠤ ᠶᠢ ᠪᠠᠶᠢᠴᠠᠭᠠᠬᠤ ᠡᠲᠡᠭᠡᠳ ᠤᠨ ᠨᠡᠷᠡᠰ ᠤᠨ ᠵᠢᠭᠰᠠᠭᠠᠯᠲᠠ ᠳᠤ ᠪᠠᠶᠢᠴᠠᠭᠠᠯᠳᠠ ᠬᠢᠨ᠎ᠡ᠃ ᠬᠠᠤᠯᠢ | ᠶᠣᠰᠣᠭᠠᠷ ᠬᠡᠷᠡᠭᠵᠢᠭᠦᠯᠬᠦ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ᠂ ᠥᠨᠳᠥᠷ ᠪᠦᠲᠦᠮᠵᠢᠲᠡᠢ ᠪᠠᠷ | ᠠᠷᠠᠳ ᠲᠤ ᠳᠥᠭᠦᠮ ᠦᠵᠡᠭᠦᠯᠬᠦ ᠵᠠᠷᠴᠢᠮ ᠢ ᠪᠠᠷᠢᠮᠳᠠᠯᠠᠬᠤ ᠶᠢ ᠵᠢᠭᠠᠵᠦ ᠪᠤᠢ᠃ | ᠠᠷᠪᠠ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠳᠦᠷᠢᠮ︾ ᠭᠡᠳᠡᠭ ᠨᠢ ᠰᠢᠨ᠎ᠡ ᠶᠢ ᠡᠭᠦᠳᠴᠦ | ᠬᠠᠤᠯᠢ ᠬᠡᠷᠡᠭᠵᠢᠭᠦᠯᠬᠦ ᠠᠵᠢᠯ ᠳᠤ ᠤᠯᠠᠮ ᠨᠢᠭᠡ ᠠᠯᠬᠤᠮ ᠥᠭᠡᠷᠡᠴᠢᠯᠡᠯᠲᠡ ᠬᠢᠨ᠎ᠡ᠃ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠵᠤ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠤᠨ ᠬᠦᠨᠵᠡᠬᠡᠶᠢᠷᠡᠬᠦᠯᠦᠨ | ᠬᠥᠭᠵᠢᠭᠦᠯᠬᠦ ᠠᠭᠤᠯᠭ᠎ᠠ ᠶᠢ ᠵᠢᠭᠠᠵᠤ ᠪᠣᠢ᠃ ᠡᠭᠦᠨ ᠳᠤ ︽ᠨᠢᠭᠡ ᠬᠠᠭᠤᠳᠠᠰᠤ︾ ᠨᠢ ᠲᠠᠰᠢᠷᠠᠮ ᠳᠠᠭᠠᠤ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠳᠠᠩᠰᠠ ᠶᠢ ᠵᠢᠭᠠᠵᠤ ᠪᠣᠢ᠃ ︽ᠬᠤᠶᠠᠷ ᠬᠥᠮᠥᠷᠭᠡ︾ ᠭᠡᠳᠡᠭ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠨᠡᠷᠡᠰ ᠤᠨ ᠬᠥᠮᠥᠷᠭᠡ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠤ | ᠨᠡᠷᠡᠰ ᠤᠨ ᠬᠥᠮᠥᠷᠭᠡ ᠶᠢ ᠵᠢᠭᠠᠵᠤ ᠪᠣᠢ᠃ ︽ᠨᠢᠭᠡ ᠨᠠᠷᠢᠨ ᠳᠦᠷᠢᠮ︾ ᠭᠡᠳᠡᠭ ᠨᠢ ︽ ᠬᠤᠶᠠᠷ ᠢ ᠰᠤᠭᠤᠴᠢᠨ | ᠪᠠᠶᠢᠴᠠᠭᠠᠬᠤ ᠠᠵᠢᠯ ᠤᠨ ᠨᠠᠷᠢᠨ ᠳᠦᠷᠢᠮ ᠢ ᠵᠢᠷᠤᠮᠵᠢᠭᠤᠯᠬᠤ ᠶᠢ ᠵᠢᠭᠠᠵᠤ ᠪᠣᠢ᠃ | ᠠᠷᠪᠠᠨ ᠨᠢᠭᠡ᠂ ᠰᠢᠨ᠎ᠡ ᠴᠠᠭ ᠦᠶ᠎ᠡ ᠶᠢᠨ ︽ ᠹᠧᠩ ᠴᠢᠶᠤᠤ ᠶᠢᠨ ᠲᠤᠷᠰᠢᠯᠭ᠎ᠠ︾ ᠭᠡᠳᠡᠭ ᠨᠢ 20 ᠳ᠋ᠤᠭᠠᠷ | ᠵᠠᠭᠤᠨ ᠤ ᠵᠢᠷᠠᠭᠠᠳ ᠣᠨ ᠳᠤ ᠵᠧᠵᠢᠶᠠᠩ ᠤᠨ ᠹᠧᠩ ᠴᠢᠶᠣᠤ ᠺᠠᠳ᠋ᠷ ᠣᠯᠠᠨ ᠲᠦᠮᠡᠨ ᠤ ᠡᠭᠦᠳᠦᠨ ᠪᠦᠲᠦᠭᠡᠭᠰᠡᠨ ︽ | ᠹᠧᠩ ᠴᠢᠶᠤᠤ ᠶᠢᠨ ᠲᠤᠷᠰᠢᠯᠭ᠎ᠠ︾ ᠨᠢ ᠪᠦᠬᠦ ᠤᠯᠤᠰ ᠤᠨ ᠡᠯ᠎ᠡ ᠭᠠᠵᠠᠷ ᠤᠨ ᠪᠠᠷᠢᠮᠲᠠᠯᠠᠵᠤ ᠬᠥᠭᠵᠢᠭᠦᠯᠦᠭᠰᠡᠨ ᠢᠶᠠᠷ | ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠠᠮᠢᠳᠤ ᠰᠣᠷᠭᠤᠭ ᠬᠦᠴᠦᠨ ᠴᠢᠳᠠᠯ ᠨᠢ ᠪᠦᠬᠦ ᠤᠯᠤᠰ ᠤᠨ | ᠤᠯᠤᠰ ᠲᠥᠷᠥ ᠬᠠᠤᠯᠢ ᠴᠠᠭᠠᠵᠠ ᠶᠢᠨ ᠶᠡᠷᠦᠩᠭᠡᠶᠢᠯᠡᠨ ᠵᠠᠰᠠᠬᠤ ᠹᠷᠣᠨᠲ ᠤᠨ ᠨᠢᠭᠡᠨ ᠲᠤᠭ ᠪᠣᠯᠤᠭᠰᠠᠨ ᠢ ᠵᠢᠭᠠᠵᠤ | ᠪᠠᠶᠢᠨ᠎ᠠ᠃ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠬᠦᠳᠴᠦ᠂ ᠬᠤᠷᠠᠮᠳᠤᠭᠤᠯᠤᠭᠰᠠᠨ ᠰᠠᠭᠤᠷᠢᠨ ᠳᠡᠭᠡᠷ᠎ᠡ | ︽ᠹᠧᠩ ᠴᠢᠶᠣᠤ ᠶᠢᠨ ᠲᠤᠷᠰᠢᠯᠭ᠎ᠠ︾ ᠶᠢ ᠬᠦᠨᠵᠡᠬᠡᠶᠢᠷᠡᠬᠦᠯᠦᠨ ᠠᠬᠢᠭᠤᠯᠵᠤ᠂ ᠬᠥᠳᠡᠭᠡ ᠲᠣᠰᠬᠤᠨ ᠤ ︽ᠹᠧᠩ | ᠴᠢᠶᠣᠤ ᠶᠢᠨ ᠲᠤᠷᠰᠢᠯᠭ᠎ᠠ︾ ᠠᠴᠠ ᠡᠬᠢᠯᠡᠨ ᠬᠤᠲᠠ ᠪᠠᠯᠭᠠᠰᠤᠨ ᠤ ᠨᠡᠶᠢᠬᠡᠮ ᠲᠣᠭᠤᠷᠢᠭ ᠤᠨ ︽ᠹᠧᠩ ᠴᠢᠶᠣᠤ | ᠶᠢᠨ ᠲᠤᠷᠰᠢᠯᠭ᠎ᠠ︾᠂ ᠳᠠᠯᠠᠢ ᠳᠡᠭᠡᠷᠡᠬᠢ ︽ᠹᠧᠩ ᠴᠢᠶᠣᠤ ᠶᠢᠨ ᠲᠤᠷᠰᠢᠯᠭ᠎ᠠ︾᠂ ᠰᠦᠯᠵᠢᠶᠡᠨ ᠳᠡᠭᠡᠷᠡᠬᠢ ︽ ᠹᠧᠩ | ᠴᠢᠶᠤᠤ ᠶᠢᠨ ᠲᠤᠷᠰᠢᠯᠭ᠎ᠠ︾ ᠶᠢ ᠨᠡᠶᠢᠬᠡᠮ ᠤᠨ ᠠᠮᠤᠷ ᠢ ᠬᠠᠮᠠᠭᠠᠯᠠᠬᠤ ᠬᠦᠷᠢᠶᠡᠨ ᠠᠴᠠ ᠠᠵᠤ ᠠᠬᠤᠢ᠂ ᠤᠯᠤᠰ | ᠲᠥᠷᠥ᠂ ᠰᠣᠶᠣᠯ᠂ ᠨᠡᠶᠢᠬᠡᠮ᠂ ᠠᠮᠢ ᠠᠬᠤᠢ ᠵᠡᠷᠭᠡ ᠬᠦᠷᠲᠡᠯ᠎ᠡ ᠥᠷᠭᠡᠳᠬᠡᠬᠦ ᠶᠢ ᠵᠢᠭᠠᠵᠦ ᠪᠤᠢ᠃ | ᠠᠷᠪᠠᠨ ᠬᠤᠶᠠᠷ᠂ ︽135︾ ᠮᠢᠨᠦ᠋ᠲ ᠲᠤ ᠴᠠᠬᠳᠠᠭ᠎ᠠ ᠬᠡᠷᠡᠭ ᠰᠢᠢᠳᠪᠦᠷᠢᠯᠡᠬᠦ ᠠᠵᠢᠯ ᠤᠨ ᠲᠣᠭᠲᠠᠴᠠ | ᠭᠡᠳᠡᠭ ᠨᠢ ᠴᠠᠭᠳᠠᠭ᠎ᠠ ᠶᠢᠨ ᠪᠠᠶᠢᠳᠠᠯ ᠲᠣᠬᠢᠶᠠᠯᠳᠤᠪᠠᠯ᠂ ᠲᠣᠭᠲᠠᠭᠰᠠᠨ ᠴᠠᠭ ᠳᠣᠲᠣᠷ᠎ᠠ ᠴᠠᠭᠳᠠᠭ᠎ᠠ ᠭᠠᠷᠭᠠᠬᠤ ᠶᠢᠨ | ᠬᠠᠮᠲᠤ ᠴᠠᠭᠳᠠᠭ᠎ᠠ ᠶᠢᠨ ᠣᠷᠣᠨ ᠪᠦᠰᠡ ᠳᠤ ᠰᠤᠳᠤᠯᠤᠨ ᠮᠠᠭᠠᠳᠯᠠᠵᠤ ᠡᠮᠬᠢᠯᠡᠨ ᠨᠡᠶᠢᠯᠡᠬᠦᠯᠵᠦ᠂ ᠴᠠᠭᠳᠠᠨ | ᠲᠣᠭᠤᠷᠢᠬᠤ ᠵᠠᠮ ᠱᠤᠭᠤᠮ ᠢ ᠰᠢᠯᠢᠳᠡᠭᠵᠢᠭᠦᠯᠵᠦ᠂ ᠬᠢᠯᠪᠠᠷᠬᠠᠨ ᠭᠠᠷᠬᠤ ᠰᠡᠷᠡᠮᠵᠢᠯᠡᠯ ᠤᠨ ᠭᠠᠵᠠᠷ ᠲᠤ ᠬᠠᠮᠤᠭ | ᠰᠠᠶᠢᠨ ᠵᠠᠮ ᠱᠤᠭᠤᠮ ᠢ ᠲᠣᠭᠲᠠᠭᠠᠵᠤ᠂ 1 ᠮᠢᠨᠦ᠋ᠲ᠂ 3 ᠮᠢᠨᠦ᠋ᠲ᠂ 5 ᠮᠢᠨᠦ᠋ᠲ ᠲᠤ ᠴᠠᠭᠳᠠᠭ᠎ᠠ ᠶᠢᠨ ᠣᠷᠣᠨ | ᠵᠢᠴᠢ ᠭᠠᠵᠠᠷ ᠪᠣᠯᠭᠠᠨ ᠳᠤ ᠬᠦᠷᠬᠦ ᠬᠡᠷᠡᠭᠲᠡᠢ᠃ | ᠠᠷᠪᠠᠨ ᠭᠤᠷᠪᠠ᠂ ︽ᠴᠠᠰᠤᠲᠤ ᠬᠤᠲᠠ ᠶᠢᠨ ᠠᠯᠪᠠᠨ ᠵᠢᠷᠤᠮ ᠤᠨ ᠴᠠᠭᠳᠠᠭ᠎ᠠ ︾ ᠭᠡᠳᠡᠭ ᠪᠣᠯ ᠬᠢᠩᠭᠠᠨ | ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠶᠢ ᠡᠭᠦᠳᠴᠦ ᠬᠥᠭᠵᠢᠭᠰᠡᠨ ᠰᠢᠨ᠎ᠡ ᠴᠠᠭ ᠦᠶ᠎ᠡ ᠶᠢᠨ | ︽ᠹᠧᠩ ᠴᠢᠶᠣᠤ ᠶᠢᠨ ᠲᠤᠷᠰᠢᠯᠭ᠎ᠠ ︾ ᠪᠤᠯᠤᠨ᠎ᠠ᠃ ᠨᠠᠮ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠮᠤᠷ ᠢ ᠬᠠᠮᠠᠭᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠮᠤᠷ ᠢ ᠬᠠᠮᠠᠭᠠᠯᠠᠭᠴᠢ | ᠂ ᠰᠦᠯᠵᠢᠶᠡᠨ ᠤ ᠠᠵᠢᠯᠲᠠᠨ᠂ ᠲᠦᠷᠭᠡᠨ ᠬᠦᠷᠭᠡᠭᠴᠢ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯᠴᠢᠨ᠂ | ᠠᠮᠤᠷ ᠲᠦᠪᠰᠢᠨ ᠤ ᠰᠠᠶᠢᠨ ᠳᠤᠷ᠎ᠠ ᠶᠢᠨ ᠬᠥᠮᠦᠰ ᠵᠡᠷᠭᠡ ᠣᠯᠠᠨ ᠲᠦᠮᠡᠨ ᠤ ᠠᠮᠤᠷ ᠢ ᠬᠠᠮᠠᠭᠠᠯᠠᠬᠤ ᠬᠦᠴᠦᠨ ᠤ | ᠵᠣᠬᠢᠶᠠᠨ ᠪᠠᠶᠢᠭᠤᠯᠤᠯᠳᠠ ᠶᠢᠨ ᠶᠡᠷᠦᠩᠭᠡᠶᠢᠯᠡᠭᠰᠡᠨ ᠴᠢᠨᠠᠷ᠂ ᠶᠡᠭᠡ ᠬᠡᠪᠴᠢᠶ᠎ᠡ᠂ ᠠᠵᠢᠯ ᠲᠥᠷᠥᠯ ᠠᠯᠤᠰᠯᠠᠭᠰᠠᠨ ᠣᠯᠠᠨ | ᠲᠦᠮᠡᠨᠴᠢ ᠵᠣᠬᠢᠶᠠᠨ ᠪᠠᠶᠢᠭᠤᠯᠤᠯᠳᠠ ᠶᠢ ᠵᠢᠭᠠᠵᠤ ᠪᠠᠢᠨ᠎ᠠ᠃ | ᠠᠷᠪᠠᠨ ᠳᠥᠷᠪᠡ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ᠄ ᠲᠥᠪ ᠤᠨ ᠤᠬᠠᠭᠤᠯᠬᠤ | ᠬᠡᠯᠲᠡᠰ᠂ ᠬᠠᠤᠯᠢ ᠴᠠᠭᠠᠵᠠ ᠶᠢᠨ ᠶᠠᠮᠤᠨ ᠤ ᠠᠷᠠᠳ ᠢᠷᠭᠡᠨ ᠤ ᠳᠣᠲᠣᠷ᠎ᠠ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠬᠦ ᠲᠤᠬᠠᠢ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ︵2016 —2020 ᠣᠨ | ︶ ᠤ ᠮᠡᠳᠡᠭᠳᠡᠯ ᠳᠤ ᠪᠦᠬᠦ ᠠᠷᠠᠳ ᠤᠨ ᠬᠠᠤᠯᠢ ᠶᠢ ᠲᠦᠭᠡᠮᠡᠯᠵᠢᠭᠦᠯᠬᠦ ᠪᠠ ᠬᠠᠤᠯᠢ ᠶᠢ ᠰᠠᠬᠢᠬᠤ ᠪᠣᠯ ᠬᠠᠤᠯᠢ ᠶᠣᠰᠣᠭᠠᠷ | ᠤᠯᠤᠰ ᠢᠶᠠᠨ ᠵᠠᠰᠠᠬᠤ ᠶᠢᠨ ᠤᠷᠲᠤ ᠬᠤᠭᠤᠴᠠᠭᠠᠨ ᠤ ᠦᠨᠳᠦᠰᠦᠨ ᠴᠢᠨᠠᠷᠳᠠᠢ ᠠᠵᠢᠯ ᠪᠣᠯᠤᠨ᠎ᠠ᠃ | ᠠᠷᠪᠠᠨ ᠲᠠᠪᠤ᠂ ︽ᠳᠥᠷᠪᠡᠨ ᠵᠦᠢᠯ ᠤᠨ ᠲᠦᠭᠡᠮᠡᠯᠵᠢᠭᠦᠯᠦᠯᠲᠡ︾ ᠭᠡᠳᠡᠭ ᠪᠣᠯ ᠳᠥᠷᠪᠡᠳᠦᠭᠡᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ | ᠨᠢᠭᠡᠨ ᠵᠦᠢᠯ ᠤᠨ ᠴᠢᠬᠤᠯᠠ ᠶᠡᠭᠡ ᠪᠠᠶᠢᠴᠠᠭᠠᠯᠳᠠ ᠶᠢᠨ ᠪᠠᠷᠢᠮᠵᠢᠶ᠎ᠠ ᠴᠠᠭ ᠨᠢ 2018 ᠣᠨ ᠤ 12 ᠰᠠᠷ᠎ᠠ ᠶᠢᠨ | 31 ᠤ ᠡᠳᠦᠷ ᠤᠨ ᠨᠡᠶᠢᠳᠡᠮ ᠪᠠᠶᠢᠴᠠᠭᠠᠯᠳᠠ ᠶᠢᠨ ᠴᠠᠭ ᠬᠤᠭᠤᠴᠠᠭᠠᠨ ᠤ ᠮᠠᠲ᠋ᠧᠷᠢᠶᠠᠯ ᠨᠢ 2018 ᠣᠨ ᠤ | ᠮᠠᠲ᠋ᠧᠷᠢᠶᠠᠯ ᠪᠣᠯᠤᠨ᠎ᠠ᠃ | ᠠᠷᠪᠠᠨ ᠵᠢᠷᠭᠤᠭ᠎ᠠ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠳᠦᠯᠠᠬᠤ︾᠄ ︽ ᠬᠤᠶᠠᠷ ᠲᠤ | ᠵᠣᠪᠠᠭ᠋ᠤ ᠦᠭᠡᠢ︾ ᠬᠡᠳᠡᠭ ᠨᠢ ᠬᠦᠳᠡᠭᠡ ᠲᠤᠰᠤᠬᠨ ᠤ ᠶᠠᠳᠠᠭᠤ ᠬᠦᠴᠢᠷᠳᠡᠯᠳᠡᠢ ᠬᠦᠮᠦᠰ ᠤᠨ ᠢᠳᠡᠵᠦ ᠤᠤᠭᠤᠬᠤ | ᠳᠤ ᠵᠤᠪᠠᠭ᠋ᠤ ᠦᠬᠡᠢ᠂ ᠡᠮᠦᠰᠴᠦ ᠵᠡᠬᠦᠬᠦ ᠳᠤ ᠵᠤᠪᠠᠭ᠋ᠤ ᠦᠬᠡᠢ ᠪᠠᠶᠢᠬᠤ᠂ ︽ᠭᠤᠷᠪᠠ ᠶᠢ ᠪᠠᠳᠦᠯᠠᠬᠤ︾ ᠬᠡᠳᠡᠭ | ᠨᠢ ᠠᠯᠪᠠᠨ ᠵᠢᠷᠦᠮ ᠤᠨ ᠰᠤᠷᠭᠠᠨ ᠬᠦᠮᠦᠵᠢᠯ ᠂ ᠦᠨᠳᠦᠰᠦᠨ ᠡᠮ ᠡᠮᠨᠡᠯᠬᠡ ᠪᠠ ᠤᠷᠤᠨ ᠰᠠᠭᠤᠴᠠ ᠶᠢᠨ ᠠᠮᠦᠷ | ᠲᠦᠪᠰᠢᠨ ᠢ ᠪᠠᠳᠦᠯᠠᠬᠤ ᠶᠢ ᠵᠢᠭᠠᠵᠦ ᠪᠤᠢ᠃ | ᠠᠷᠪᠠᠨ ᠳᠣᠯᠤᠭ᠎ᠠ᠂ ︽ ᠶᠠᠳᠠᠭᠤᠷᠠᠬᠤ ᠶᠢ ᠰᠡᠷᠬᠡᠶᠢᠯᠡᠬᠦ︾ ᠨᠢ ᠶᠠᠳᠠᠭᠤ ᠬᠦᠴᠢᠷᠳᠡᠯ ᠤᠨ ᠨᠡᠮᠡᠭᠳᠡᠯ ᠢ | ᠪᠦᠲᠦᠮᠵᠢᠲᠡᠢ ᠬᠢᠵᠠᠭᠠᠷᠯᠠᠵᠤ᠂ ᠶᠠᠳᠠᠭᠤ ᠶᠢ ᠲᠡᠳᠬᠦᠬᠦ ᠠᠵᠢᠯ ᠢ ︽ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ︾ | ᠳᠠᠰᠢ ᠤᠷᠲᠤᠳᠬᠠᠬᠤ ᠪᠠ ᠬᠥᠭᠵᠢᠭᠡᠳ ︽ᠣᠨᠢᠨ ᠳᠡᠭᠡᠷ᠎ᠡ ᠨᠢ ᠶᠠᠳᠠᠭᠤᠷᠠᠬᠤ ᠠᠴᠠ ᠰᠡᠷᠬᠡᠶᠢᠯᠡᠬᠦ ︾ ᠷᠠᠰᠢᠶᠠᠨ | ᠬᠤᠲᠠ ᠨᠢ ᠨᠠᠷᠢᠯᠢᠭ ᠣᠨᠣᠪᠴᠢᠲᠠᠢ ᠶᠠᠳᠠᠭᠤ ᠶᠢ ᠰᠡᠷᠬᠡᠶᠢᠯᠡᠬᠦ ᠲᠣᠭᠲᠠᠴᠠ ᠪᠠᠶᠢᠭᠤᠯᠬᠤ ᠶᠢ ᠬᠠᠶᠢᠨ | ᠰᠦᠪᠡᠭᠴᠢᠯᠡᠵᠦ᠂ ᠶᠠᠳᠠᠭᠤ ᠬᠦᠴᠢᠷᠳᠡᠯ ᠲᠠᠢ ᠣᠷᠴᠢᠨ ᠳᠤ ᠪᠠᠶᠢᠬᠤ ᠣᠷᠣᠯᠭ᠎ᠠ ᠪᠠᠭ᠎ᠠ ᠬᠦᠮᠦᠰ ᠪᠠ ᠶᠠᠳᠠᠭᠤ | ᠬᠦᠴᠢᠷᠳᠡᠯ ᠲᠠᠢ ᠪᠠᠶᠢᠬᠤ ᠵᠡᠷᠭᠡ ᠣᠨᠴᠠᠭᠠᠢ ᠬᠥᠮᠦᠰ ᠳᠠᠭᠠᠳᠬᠠᠯ ᠳᠤ ᠣᠷᠣᠵᠤ ᠲᠡᠭᠦᠨ ᠤ ᠡᠪᠡᠳᠴᠢᠨ᠂ | ᠰᠤᠷᠤᠯᠭ᠎ᠠ ᠶᠢᠨ ᠬᠤᠭᠤᠴᠠᠭ᠎ᠠ᠂ ᠭᠠᠮᠰᠢᠭ ᠠᠴᠠ ᠪᠣᠯᠵᠤ ᠶᠠᠳᠠᠭᠤᠷᠠᠬᠤ ᠵᠡᠷᠭᠡ ᠶᠢ ᠰᠡᠷᠬᠡᠶᠢᠯᠡᠨ ᠬᠤᠷᠢᠬᠯᠠᠨ᠎ᠠ᠃ | ᠠᠷᠪᠠᠨ ᠨᠠᠢᠮᠠ᠂ ︽ᠪᠦᠬᠦ ᠣᠷᠣᠨ ᠪᠦᠰᠡ ᠶᠢᠨ ᠵᠤᠭᠠᠴᠠᠯ + ᠲᠠᠪᠤᠨ ᠪᠠᠭ᠎ᠠ ᠠᠵᠤ ᠠᠬᠤᠢ︾ ᠷᠠᠰᠢᠶᠠᠨ | ᠬᠤᠲᠠ ᠨᠢ ᠤᠯᠤᠰ ᠤᠨ ᠵᠤᠭᠠᠴᠠᠯ ᠢᠶᠠᠷ ᠶᠠᠳᠠᠭᠤ ᠶᠢ ᠲᠡᠳᠬᠦᠬᠦ ᠲᠤᠷᠰᠢᠯᠲᠠ ᠶᠢᠨ ᠣᠷᠣᠨ᠂ ᠠᠮᠢ ᠠᠬᠤᠢ ᠶᠢᠨ | ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ ᠵᠤᠭᠠᠴᠠᠯ ᠤᠨ ᠦᠢᠯᠡᠰ ᠤᠨ ᠬᠥᠭᠵᠢᠯᠲᠡ ᠳᠤ | ᠲᠦᠰᠢᠭᠯᠡᠨ ᠪᠦᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠦᠷᠢᠯᠳᠦᠭᠦᠯᠬᠦ | ᠡᠬᠢ ᠪᠠᠶᠠᠯᠢᠭ ᠪᠠ ᠭᠠᠵᠠᠷ ᠵᠦᠢ ᠶᠢᠨ ᠨᠥᠬᠦᠴᠡᠯ ᠤᠨ ᠡᠷᠦᠬᠡ ᠪᠣᠯᠭᠠᠨ ᠳᠤ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠪᠠᠭ᠎ᠠ ᠲᠠᠷᠢᠮᠠᠯ᠂ ᠪᠠᠭ᠎ᠠ ᠲᠡᠵᠢᠭᠡᠪᠦᠷᠢ ᠶᠢᠨ ᠦᠢᠯᠡᠰ᠂ ᠪᠠᠭ᠎ᠠ ᠠᠷᠠᠯᠵᠢᠶ᠎ᠠ᠂ ᠪᠠᠭ᠎ᠠ ᠬᠥᠳᠡᠯᠮᠦᠷᠢ | ᠦᠢᠯᠡᠴᠢᠯᠡᠭᠡ ᠪᠠ ᠪᠠᠭ᠎ᠠ ᠠᠵᠤ ᠠᠬᠤᠢ ᠶᠢᠨ ᠨᠡᠮᠡᠭᠳᠡᠯ ᠢ ᠢᠳᠡᠪᠬᠢᠲᠡᠢ ᠳᠡᠯᠭᠡᠷᠡᠭᠦᠯᠪᠡ᠃ | ᠠᠷᠪᠠ ᠶᠢᠰᠦ᠂ ︽ᠤᠷᠢᠳᠠᠪᠡᠷ ᠵᠢᠭᠡᠯᠡᠵᠦ ᠳᠠᠷᠠᠭ᠎ᠠ ᠨᠢ ᠱᠠᠩᠨᠠᠬᠤ︾ ᠭᠡᠳᠡᠭ ᠨᠢ ᠬᠥᠳᠡᠯᠮᠦᠷᠢᠯᠡᠬᠦ ᠴᠢᠳᠠᠪᠤᠷᠢ ᠪᠠ | ᠠᠵᠤ ᠦᠢᠯᠡᠰ ᠢ ᠬᠥᠭᠵᠢᠭᠦᠯᠬᠦ ᠬᠦᠰᠡᠯ ᠡᠷᠡᠮᠡᠯᠵᠡᠯ ᠲᠠᠢ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠣᠯᠠᠨ | ᠲᠦᠮᠡᠨ ᠢ ᠠᠵᠤ ᠦᠢᠯᠡᠰ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠲᠠᠷᠢᠶᠠᠯᠠᠩ ᠮᠠᠯ | ᠠᠵᠤ ᠠᠬᠤᠢ ᠳᠤ ᠬᠤᠯᠪᠣᠭᠳᠠᠬᠤ ᠡᠮᠬᠢᠯᠡᠨ ᠨᠡᠶᠢᠯᠡᠬᠦᠯᠬᠦ ᠪᠡᠯᠡ ᠮᠥᠩᠭᠦ ᠶᠢ ᠠᠰᠢᠭᠯᠠᠨ ᠶᠠᠳᠠᠭᠤ ᠬᠦᠴᠢᠷᠳᠡᠯᠲᠡᠢ | ᠣᠯᠠᠨ ᠲᠦᠮᠡᠨ ᠳᠤ ᠠᠵᠤ ᠦᠢᠯᠡᠰ ᠤᠨ ᠬᠥᠭᠵᠢᠯᠲᠡ ᠶᠢ ᠡᠬᠢᠯᠡᠭᠦᠯᠬᠦ ᠪᠡᠯᠡ ᠮᠥᠩᠭᠦ ᠪᠠ ᠱᠠᠩᠨᠠᠯ ᠤᠨ ᠪᠡᠯᠡ ᠮᠥᠩᠭᠦ | ᠲᠥᠯᠥᠪᠦᠷᠢ ᠥᠬᠡᠢ ᠪᠠᠷ ᠬᠠᠩᠭᠠᠬᠤ ᠶᠢ ᠵᠢᠭᠠᠵᠤ ᠪᠣᠢ᠃ | ᠬᠤᠷᠢ᠂ ᠭᠤᠷᠪᠠᠨ ︽ᠲᠢᠶᠠᠨ ᠽᠢ ᠨᠡᠷᠡᠮᠵᠢᠲᠦ︾ ᠢᠨᠵᠧᠨᠧᠷᠢᠩ ᠭᠡᠳᠡᠭ ᠨᠢ 2014 ᠣᠨ ᠳᠤ ᠶᠡᠷᠦᠩᠬᠡᠢ | ᠱᠦᠵᠢ ᠰᠢ ᠶᠢᠨ ᠫᠢᠩ ᠷᠠᠰᠢᠶᠠᠨ ᠳᠤ ᠪᠠᠶᠢᠴᠠᠭᠠᠨ ᠦᠵᠡᠭᠰᠡᠨ ᠤ ᠳᠠᠷᠠᠭ᠎ᠠ᠂ ᠷᠠᠰᠢᠶᠠᠨ ᠬᠤᠲᠠ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠲᠢᠶᠠᠨ ᠽᠢ ᠨᠡᠷᠡᠮᠵᠢᠲᠦ ᠠᠶᠠᠯᠠᠯ | ᠵᠤᠭᠠᠴᠠᠯ ᠤᠨ ᠦᠢᠯᠡᠰ ᠪᠣᠯᠭᠠᠵᠤ ᠲᠢᠶᠠᠨ ᠽᠢ ᠨᠡᠷᠡᠮᠵᠢᠲᠦ ᠠᠵᠤ ᠦᠢᠯᠡᠰ ᠤᠨ ᠠᠮᠢ ᠠᠬᠤᠢ ᠶᠢ ᠬᠠᠮᠠᠭᠠᠯᠠᠬᠤ | ᠶᠠᠪᠤᠳᠠᠯ ᠢᠶᠠᠷ ᠭᠠᠷᠳᠠᠴᠠ ᠪᠣᠯᠭᠠᠭᠰᠠᠨ ᠲᠡᠷᠢᠭᠦᠨ ᠴᠢᠬᠤᠯᠠ ᠡᠭᠦᠷᠭᠡ ᠶᠢ ᠵᠢᠭᠠᠵᠤ ᠪᠣᠢ᠃ | ᠬᠤᠷᠢᠨ ᠨᠢᠭᠡ᠂ ︽ᠲᠠᠯᠪᠢᠵᠦ ᠬᠠᠮᠢᠶᠠᠷᠬᠤ ᠦᠢᠯᠡᠴᠢᠯᠡᠬᠦ︾ ᠭᠡᠳᠡᠭ ᠨᠢ ᠵᠠᠰᠠᠭ ᠢ ᠴᠣᠮᠬᠠᠳᠬᠠᠵᠤ ᠡᠷᠬᠡ ᠶᠢ | ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠲᠣᠪᠴᠢ ᠨᠡᠷᠡᠶᠢᠳᠦᠯ ᠢ ᠵᠢᠭᠠᠵᠤ ᠪᠣᠢ᠃ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ ᠭᠡᠳᠡᠭ ᠪᠣᠯ | ᠳᠠᠷᠤᠢ ᠵᠥᠪᠰᠢᠶᠡᠷᠡᠯ ᠤᠨ ᠨᠥᠬᠦᠴᠡᠯ ᠢ ᠳᠣᠷᠣᠭᠰᠢᠯᠠᠭᠤᠯᠤᠨ᠎ᠠ᠃ ︽ᠬᠠᠮᠢᠶᠠᠷᠬᠤ ︾ ᠭᠡᠳᠡᠭ ᠨᠢ ᠲᠥᠪ | ᠭᠤᠣᠯᠴᠢ ᠪᠠᠷ ᠬᠢᠨᠠᠨ ᠬᠠᠮᠢᠶᠠᠷᠴᠦ ᠡᠷᠬᠡ ᠲᠡᠭᠰᠢ ᠥᠷᠢᠰᠦᠯᠳᠦᠭᠡᠨ ᠢ ᠠᠬᠢᠭᠤᠯᠬᠤ ᠪᠣᠯᠤᠨ᠎ᠠ᠃ ︽ᠦᠢᠯᠡᠴᠢᠯᠡᠬᠦ︾ | ᠭᠡᠳᠡᠭ ᠨᠢ ᠥᠨᠳᠥᠷ ᠦᠷ᠎ᠡ ᠠᠰᠢᠭ ᠲᠠᠢ ᠦᠢᠯᠡᠴᠢᠯᠡᠭᠡ ᠨᠢ ᠳᠥᠭᠦᠮ ᠲᠦᠳᠡ ᠣᠷᠴᠢᠨ ᠲᠣᠭᠤᠷᠢᠨ ᠢ ᠪᠣᠢ ᠪᠤᠯᠭᠠᠬᠤ | ᠶᠢ ᠵᠢᠭᠠᠵᠦ ᠪᠤᠢ᠃ | ᠬᠤᠷᠢᠨ ᠬᠤᠶᠠᠷ ︽ᠬᠤᠶᠠᠷ ᠶᠡᠭᠡ ᠲᠠᠯ᠎ᠠ︾ ᠭᠡᠳᠡᠭ ᠨᠢ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠶᠢᠨ ᠵᠠᠭᠤᠨ ᠵᠢᠯ ᠳᠤ ᠪᠠᠶᠢᠭ᠎ᠠ | ᠦᠭᠡᠢ ᠶᠡᠭᠡ ᠥᠭᠡᠷᠡᠴᠢᠯᠡᠯᠲᠡ ᠶᠢ ᠬᠡᠯᠡᠵᠦ ᠪᠠᠶᠢᠨ᠎ᠠ᠃ ᠡᠨᠡ ᠪᠣᠯ ᠪᠢᠳᠡᠨ ᠤ ᠠᠵᠢᠯ ᠢᠶᠠᠨ ᠲᠥᠯᠥᠪᠯᠡᠬᠦ ᠦᠨᠳᠦᠰᠦᠨ | ᠵᠣᠷᠢᠯᠲᠠ ᠶᠤᠮ᠃ ︽ᠬᠤᠶᠠᠷ ᠶᠡᠭᠡ ᠲᠠᠯ᠎ᠠ︾ ᠭᠡᠳᠡᠭ ᠨᠢ ᠠᠵᠢᠯ ᠢᠶᠠᠨ ᠲᠥᠯᠥᠪᠯᠡᠬᠦ ᠶᠢᠨ ᠦᠨᠳᠦᠰᠦᠨ ᠡᠬᠦᠰᠦᠯᠳᠡ | ᠪᠣᠯᠬᠤ ᠪᠠᠷ ᠪᠠᠷᠠᠬᠤ ᠦᠭᠡᠢ ᠪᠠᠰᠠ ᠣᠨᠣᠯ ᠤᠨ ᠰᠢᠨ᠎ᠡ ᠶᠢ ᠡᠭᠦᠳᠬᠦ ᠶᠢᠨ ᠦᠨᠳᠦᠰᠦᠨ ᠡᠭᠦᠰᠦᠯᠲᠡ ᠪᠣᠯᠬᠤ ᠶᠤᠮ᠃ | ᠬᠤᠶᠠᠷ ᠶᠡᠭᠡ ᠲᠠᠯ᠎ᠠ ᠶᠢᠨ ᠰᠣᠯᠪᠢᠴᠠᠯ ᠪᠦᠷᠢᠯᠳᠦᠭᠰᠡᠨ ᠣᠨᠴᠠᠭᠠᠢ ᠲᠡᠦᠬᠡ ᠶᠢᠨ ᠣᠢᠵᠠᠮᠵᠢ ᠶᠢ ᠰᠢ ᠶᠢᠨ ᠫᠢᠩ ᠤᠨ | ᠰᠢᠨ᠎ᠡ ᠴᠠᠭ ᠣᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ | ᠥᠪᠡᠷᠮᠢᠴᠡ ᠪᠠᠶᠢᠷᠢ ᠰᠠᠭᠤᠷᠢ ᠪᠠ ᠯᠤᠲᠤ ᠶᠡᠭᠡ ᠬᠤᠪᠢ ᠨᠡᠮᠡᠷᠢ ᠶᠢ ᠲᠤᠪᠤᠶᠢᠯᠭᠠᠵᠠᠢ ᠬᠤᠷᠢᠨ ᠭᠤᠷᠪᠠ᠂ ︽ | ᠲᠦᠷᠦ ᠬᠦᠷᠦᠨ ᠤ ᠶᠡᠭᠡ ᠶᠠᠪᠤᠳᠠᠯ︾ ᠭᠡᠳᠡᠭ ᠨᠢ ᠨᠠᠮ ᠪᠠ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠲᠠᠢ | ᠬᠤᠯᠪᠣᠭᠳᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ᠂ ᠠᠷᠠᠳ | ᠲᠦᠮᠡᠨ ᠤ ᠵᠣᠯ ᠵᠢᠷᠭᠠᠯᠲᠤ ᠠᠮᠤᠷ ᠲᠦᠪᠰᠢᠨ ᠳᠤ ᠬᠤᠯᠪᠣᠭᠳᠠᠬᠤ᠂ ᠨᠡᠶᠢᠬᠡᠮ ᠤᠨ ᠥᠨᠢ ᠤᠳᠠᠭᠠᠨ ᠠᠮᠤᠷ | ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠢ ᠵᠢᠭᠠᠵᠤ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠡᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢ ᠡᠪᠴᠢᠭᠦᠦ | ᠳᠦᠭᠦᠷᠡᠩ ᠬᠦᠷᠢᠶᠡᠯᠡᠵᠦ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠷᠠᠯᠲᠠ ᠶᠢᠨ ᠡᠮᠦᠨ᠎ᠡ | ᠠᠯᠤᠰ ᠢ ᠪᠠᠷᠠᠯᠠᠵᠤ᠂ ᠴᠠᠴᠠᠷᠠ ᠳᠤ ᠰᠢᠢᠳᠪᠦᠷᠢᠲᠦ ᠪᠣᠳᠣᠯᠭ᠎ᠠ ᠭᠠᠷᠭᠠᠵᠤ ︽ ᠲᠦᠷᠦ ᠬᠦᠷᠦᠨ ᠤ ᠶᠡᠭᠡ ᠶᠠᠪᠤᠳᠠᠯ︾ | ᠳᠤ ᠰᠢᠷᠢᠰ ᠪᠠᠢᠷᠢᠯᠠᠭᠤᠯᠤᠯᠲᠠ ᠪᠠ ᠲᠥᠯᠥᠪᠯᠡᠭᠡ ᠬᠢᠬᠦ ᠶᠢ ᠵᠢᠭᠠᠵᠦ ᠪᠤᠢ᠃ | ᠬᠤᠷᠢᠨ ᠳᠥᠷᠪᠡ᠂ ︽ᠬᠤᠶᠠᠷ ᠰᠢᠨ᠎ᠡ ᠨᠢᠭᠡ ᠭᠤᠣᠯᠳᠠᠯᠭ᠎ᠠ︾ ᠭᠡᠳᠡᠭ ᠨᠢ ᠬᠤᠶᠠᠷ ︽ᠰᠢᠨ᠎ᠡ︾ ᠪᠠ ᠨᠢᠭᠡ ︽ | ᠴᠢᠬᠤᠯᠠ︾ ᠶᠢ ᠵᠢᠭᠠᠵᠤ ᠪᠣᠢ᠂ ᠲᠤᠰ ᠲᠤᠰ ᠰᠢᠨ᠎ᠡ ᠬᠡᠯᠪᠡᠷᠢ ᠶᠢᠨ ᠰᠠᠭᠤᠷᠢ ᠲᠤᠨᠤᠭ ᠲᠥᠬᠦᠭᠡᠷᠦᠮᠵᠢ ᠶᠢᠨ | ᠪᠠᠶᠢᠭᠤᠯᠤᠯᠳᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠳᠠ ᠵᠢᠴᠢ ᠵᠠᠮ ᠬᠠᠷᠢᠯᠴᠠᠭ᠎ᠠ᠂ | ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠪᠣᠯᠤᠨ᠎ᠠ᠃ | ᠬᠤᠷᠢᠨ ᠲᠠᠪᠤ᠂ ︽ᠲᠠᠪᠤᠨ ᠶᠡᠭᠡ ᠭᠤᠣᠯ ᠰᠡᠳᠦᠪ︾ ᠭᠡᠳᠡᠭ ᠨᠢ ᠠᠮᠢ ᠠᠬᠤᠢ ᠶᠢᠨ ᠵᠤᠭᠠᠴᠠᠯ᠂ | ᠬᠤᠪᠢᠰᠬᠠᠯᠳᠤ ᠵᠤᠭᠠᠴᠠᠯ᠂ ᠪᠡᠶ᠎ᠡ ᠰᠤᠪᠢᠯᠠᠬᠤ ᠵᠤᠭᠠᠴᠠᠯ᠂ ᠳᠤᠷ᠎ᠠ ᠰᠤᠨᠢᠷᠬᠠᠯᠳᠤ ᠵᠤᠭᠠᠴᠠᠯ᠂ ᠬᠢᠯᠢ ᠠᠯᠤᠰᠯᠠᠭᠰᠠᠨ | ᠵᠤᠭᠠᠴᠠᠯ ᠵᠡᠷᠭᠡ ᠲᠠᠪᠤᠨ ᠵᠤᠭᠠᠴᠠᠯ ᠤᠨ ᠭᠤᠣᠯ ᠰᠡᠳᠦᠪ ᠢ ᠵᠢᠭᠠᠵᠤ ᠪᠣᠢ᠃ | ᠬᠤᠷᠢᠨ ᠵᠢᠷᠭᠤᠭ᠎ᠠ᠂ ︽ᠵᠢᠷᠭᠤᠭᠠᠨ ᠡᠯᠧᠮᠧᠨ᠋ᠲ︾ ᠭᠡᠳᠡᠭ ᠨᠢ ᠣᠢ ᠶᠢᠨ ᠢᠷᠬᠡᠳ ᠤᠨ ᠵᠠᠩ ᠦᠢᠯᠡ᠂ | ᠦᠯᠡᠳᠡᠭᠳᠡᠯ ᠂ ᠰᠤᠳᠤᠯᠤᠨ ᠰᠤᠷᠤᠯᠴᠠᠬᠤ ᠂ ᠬᠠᠯᠠᠭᠤᠨ ᠷᠠᠰᠢᠶᠠᠨ᠂ ᠮᠥᠰᠥ ᠴᠠᠰᠤ ᠂ ᠬᠢᠯᠢ ᠬᠢᠵᠠᠭᠠᠷ ᠵᠡᠷᠭᠡ 6 | ᠬᠦᠴᠦᠨ ᠵᠦᠢᠯ ᠢ ᠬᠡᠯᠡᠵᠦ ᠪᠠᠶᠢᠨ᠎ᠠ᠃ | ᠬᠤᠷᠢᠨ ᠳᠣᠯᠤᠭ᠎ᠠ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠭᠡᠳᠡᠭ ᠨᠢ | ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠨᠢ ᠵᠠᠰᠠᠭ ᠤᠨ | ᠣᠷᠳᠣᠨ ᠤ ᠦᠷ᠎ᠡ ᠠᠰᠢᠭ ᠪᠠ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ᠂ ᠣᠶᠤᠨᠲᠤ | ᠵᠠᠰᠠᠭ ᠤᠨ ᠣᠷᠳᠣᠨ ᠤ ᠪᠠᠢᠭᠤᠯᠤᠯᠲᠠ ᠶᠢ ᠲᠦᠯᠬᠢᠨ ᠠᠬᠢᠭᠤᠯᠬᠤ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠭ᠎ᠠ ᠵᠠᠮ ᠢ ᠣᠯᠠᠨ ᠡᠰᠢᠴᠢᠯᠡᠭᠰᠠᠠ ᠬᠥᠭᠵᠢᠯᠲᠡ ᠶᠢᠨ ᠳᠠᠭᠠᠤ ᠳᠤ ︽ᠣᠯᠠᠨ ᠲᠦᠮᠡᠨ ᠤ ᠭᠦᠶᠦᠯᠭᠡ︾ ᠪᠣᠯᠭᠠᠨ | ᠬᠤᠪᠢᠷᠠᠭᠤᠯᠬᠤ ᠳᠤ ᠠᠰᠢᠭᠲᠠᠢ ᠪᠠᠶᠢᠬᠤ ᠶᠢ ᠵᠢᠭᠠᠵᠤ ᠪᠤᠢ᠃ | ᠬᠤᠷᠢᠨ ᠨᠠᠢᠮᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠣᠯ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠷᠢᠯᠠᠭᠤᠯᠤᠬᠰᠠᠨ ︽ ᠲᠠᠯᠪᠢᠵᠦ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠴᠢᠬᠤᠯᠠ | ᠶᠡᠭᠡ ᠡᠭᠦᠷᠭᠡ ᠪᠣᠯᠤᠨ᠎ᠠ᠂ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠨᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠨᠢ ᠢᠨᠲ᠋ᠧᠷ ᠰᠦᠯᠵᠢᠶ᠎ᠡ ᠪᠣᠯᠤᠨ ᠬᠢᠨᠠᠨ | ᠤᠳᠤᠷᠢᠳᠬᠤ ᠪᠠᠶᠢᠭᠤᠯᠭ᠎ᠠ ᠶᠢ ᠤᠶᠠᠯᠳᠤᠭᠤᠯᠵᠤ᠂ ᠰᠢᠨ᠎ᠡ ᠬᠦᠭᠵᠢᠯᠳᠡ ᠶᠢ ᠪᠤᠢ ᠪᠤᠯᠭᠠᠵᠦ᠂ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠤᠨ ᠡᠷᠴᠢ ᠶᠢ ᠪᠣᠢ ᠪᠣᠯᠭᠠᠵᠤ᠂ ᠠᠵᠤ ᠠᠬᠤᠢ ᠶᠢᠨ | ᠨᠢᠬᠡᠴᠢ ᠶᠢᠨ ᠬᠦᠭᠵᠢᠯᠳᠡ ᠶᠢ ᠬᠢᠵᠠᠭᠠᠷᠯᠠᠵᠤ ᠪᠠᠶᠢᠭ᠎ᠠ ᠪᠦᠬᠦ ᠲᠥᠷᠥᠯ ᠤᠨ ᠰᠠᠭᠠᠳ ᠢ ᠠᠷᠢᠯᠭᠠᠬᠤ ᠶᠢ ᠬᠡᠯᠡᠵᠦ ᠪᠤᠢ᠃ | | ᠬᠤᠷᠢ ᠶᠢᠰᠦ᠂ ︽ᠳᠥᠷᠪᠡ ᠶᠢ ᠦᠯᠦ ᠲᠠᠶᠠᠬᠳᠠᠬᠤ︾ ᠱᠠᠭᠠᠷᠳᠠᠯᠭ᠎ᠠ ᠭᠡᠳᠡᠭ ᠨᠢ ᠶᠠᠳᠠᠭᠤ ᠠᠴᠠ | ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠬᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ | ᠪᠤᠳᠤᠯᠭ᠎ᠠ ᠪᠠᠨ ᠲᠠᠰᠦᠯᠳᠠᠭᠤᠯᠬᠤ ᠦᠬᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠦᠷᠦᠨ ᠲᠡᠳᠬᠦᠬᠦ ᠪᠠᠨ | ᠪᠤᠯᠢᠬᠤ ᠦᠬᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠦᠯᠳᠠ ᠪᠠᠨ ᠰᠤᠯᠠᠷᠠᠭᠤᠯᠬᠤ ᠦᠬᠡᠢ᠃ | ᠭᠤᠴᠢ᠂ ︽ᠵᠢᠷᠭᠤᠭᠠᠨ ᠪᠠᠭ᠎ᠠ ᠬᠦᠷᠢᠶ᠎ᠡ ᠬᠠᠰᠢᠶᠠᠨ ᠤ ᠠᠵᠤ ᠠᠬᠤᠢ︾ ᠭᠡᠳᠡᠭ ᠪᠣᠯ ᠲᠠᠷᠢᠶᠠᠴᠢᠳ ᠥᠪᠡᠷ ᠤᠨ | ᠣᠷᠣᠨ ᠰᠠᠭᠤᠴᠠ ᠶᠢᠨ ᠬᠠᠰᠢᠶ᠎ᠠ ᠵᠢᠴᠢ ᠣᠷᠴᠢᠨ ᠲᠣᠭᠤᠷᠢᠨ ᠢᠶᠠᠷ ᠢᠶᠠᠨ ᠰᠠᠭᠤᠷᠢᠨ ᠭᠠᠵᠠᠷ ᠪᠣᠯᠭᠠᠵᠤ ᠭᠡᠷ | ᠪᠦᠯᠢ ᠪᠠᠷ ᠦᠢᠯᠡᠳᠪᠦᠷᠢᠯᠡᠯ ᠪᠣᠯᠤᠨ ᠡᠵᠡᠩᠨᠡᠯᠲᠡ ᠶᠢᠨ ᠨᠢᠭᠡᠴᠢ ᠪᠣᠯᠭᠠᠵᠤ ᠥᠪᠡᠷ ᠤᠨ ᠪᠡᠶ᠎ᠡ ᠳᠡᠭᠡᠨ ᠪᠠ | ᠨᠡᠶᠢᠬᠡᠮ ᠳᠤ ᠲᠠᠷᠢᠶᠠᠯᠠᠩ ᠤᠨ ᠨᠤᠲᠤᠭ ᠤᠨ ᠣᠨᠴᠠ ᠭᠠᠷᠤᠯᠲᠠ ᠪᠣᠯᠤᠨ ᠬᠤᠯᠪᠣᠭᠳᠠᠯ ᠪᠦᠬᠦᠢ ᠦᠢᠯᠡᠴᠢᠯᠡᠭᠡ | ᠬᠠᠩᠭᠠᠳᠠᠭ ᠠᠵᠤ ᠠᠬᠤᠢ ᠮᠦᠨ ᠴᠤ ᠲᠠᠷᠢᠶᠠᠯᠠᠩ ᠤᠨ ᠠᠵᠤ ᠠᠬᠤᠢ ᠶᠢᠨ ᠪᠦᠷᠢᠯᠳᠦᠬᠦᠨ ᠬᠡᠰᠡᠭ ᠮᠥᠨ᠃ ᠭᠡᠷ | ᠪᠦᠯᠢ ᠶᠢᠨ ᠠᠵᠤ ᠠᠬᠤᠢ ᠶᠢᠨ ᠳᠠᠪᠠᠭᠤ ᠲᠠᠯ᠎ᠠ ᠨᠢ ᠬᠥᠳᠡᠭᠡ ᠠᠵᠤ ᠠᠬᠤᠢ ᠶᠢᠨ ᠨᠤᠲᠤᠭ ᠤᠨ ᠥᠪᠡᠷᠮᠢᠴᠡ | ᠭᠠᠷᠤᠯᠲᠠ ᠶᠢᠨ ᠪᠠᠶᠠᠯᠢᠭ ᠢ ᠵᠠᠯᠭᠠᠮᠵᠢᠯᠠᠵᠤ᠂ ᠤᠯᠠᠮᠵᠢᠯᠠᠯᠲᠤ ᠤᠷ᠎ᠠ ᠮᠡᠷᠭᠡᠰᠢᠯ ᠢ ᠬᠥᠭᠵᠢᠭᠦᠯᠬᠦ ᠶᠠᠪᠤᠳᠠᠯ ᠪᠣᠯ | ᠬᠥᠳᠡᠭᠡ ᠲᠣᠰᠬᠤᠨ ᠤ ᠪᠠᠷᠠᠭᠠᠨ ᠤ ᠦᠢᠯᠡᠳᠪᠦᠷᠢᠯᠡᠯ ᠤᠨ ᠴᠢᠬᠤᠯᠠ ᠪᠠᠭᠠᠵᠢ ᠪᠣᠯᠬᠤ ᠪᠥᠭᠡᠳ ᠬᠥᠳᠡᠭᠡ ᠲᠣᠰᠬᠤᠨ ᠤ | ᠢᠯᠡᠭᠦᠳᠡᠯ ᠠᠵᠢᠯᠯᠠᠬᠤ ᠬᠦᠴᠦᠨ ᠢ ᠰᠢᠩᠭᠡᠭᠡᠬᠦ ᠪᠦᠲᠦᠮᠵᠢᠲᠡᠢ ᠠᠷᠭ᠎ᠠ ᠵᠠᠮ ᠪᠣᠯᠬᠤ ᠪᠥᠭᠡᠳ ︽ᠵᠢᠷᠭᠤᠭᠠᠨ ᠵᠢᠵᠢᠭ︾ | ᠭᠡᠳᠡᠭ ᠨᠢ ︽ᠪᠤᠲᠠ ᠮᠠᠯ᠂ ᠵᠢᠵᠢᠭ ᠲᠠᠷᠢᠮᠠᠯ᠂ ᠵᠢᠵᠢᠭ ᠵᠢᠮᠢᠰᠦᠨ ᠤ ᠮᠣᠳᠣ᠂ ᠵᠢᠵᠢᠭ ᠪᠣᠯᠪᠠᠰᠤᠷᠠᠭᠤᠯᠤᠯᠲᠠ᠂ | ᠵᠢᠵᠢᠭ ᠬᠤᠳᠠᠯᠳᠤᠭ᠎ᠠ᠂ ᠵᠢᠵᠢᠭ ᠠᠶᠠᠯᠠᠯ ᠵᠤᠭᠠᠴᠠᠯ︾ ᠢ ᠬᠡᠯᠡᠨ᠎ᠡ᠃ | ᠭᠤᠴᠢᠨ ᠨᠢᠭᠡ᠂ ᠲᠠᠪᠤᠳᠤᠭᠠᠷ ᠪᠣᠰᠤᠭ᠎ᠠ ᠲᠠᠯ᠎ᠠ ᠭᠡᠳᠡᠭ ᠨᠢ ᠠᠰᠠᠷ ᠤᠨ ᠡᠮᠦᠨ᠎ᠡ ᠬᠤᠶᠢᠨ᠎ᠠ ᠵᠡᠭᠦᠨ ᠪᠠᠷᠠᠭᠤᠨ | ᠳᠥᠷᠪᠡᠨ ᠲᠠᠯ᠎ᠠ ᠲᠠᠢ ᠬᠠᠷᠢᠴᠠᠭᠤᠯᠪᠠᠯ ᠭᠡᠷ ᠤᠨ ᠣᠷᠣᠢ ᠶᠢ ᠠᠰᠠᠷ ᠤᠨ ᠨᠥᠭᠦᠭᠡ ᠨᠢᠭᠡ ᠲᠤᠶᠢᠯ ᠤᠨ ᠴᠢᠬᠤᠯᠠ | ᠪᠣᠰᠤᠭ᠎ᠠ ᠲᠠᠯ᠎ᠠ ᠭᠡᠵᠦ ᠦᠵᠡᠵᠦ᠂ ᠲᠠᠪᠤᠳᠤᠭᠠᠷ ᠪᠣᠰᠤᠭ᠎ᠠ ᠲᠠᠯ᠎ᠠ ᠪᠣᠯᠤᠨ ᠡᠮᠦᠨ᠎ᠡ ᠳᠥᠷᠪᠡᠨ ᠲᠠᠯ᠎ᠠ ᠶᠢᠨ ᠪᠣᠰᠤᠭ᠎ᠠ | ᠲᠠᠯ᠎ᠠ ᠶᠢ ᠣᠷᠭᠠᠨᠢᠭ ᠢᠶᠠᠷ ᠤᠶᠠᠯᠳᠤᠭᠤᠯᠵᠤ ᠪᠠᠶᠢᠭᠠᠳ ᠭᠡᠨᠡᠳᠲᠡ ᠢᠯᠡᠷᠡᠬᠦ ᠠᠰᠠᠷ ᠤᠨ ᠣᠨᠴᠠᠯᠢᠭ ᠪᠣᠯᠤᠨ | ᠥᠪᠡᠷᠮᠢᠴᠡ ᠴᠢᠨᠠᠷ ᠢ ᠵᠢᠭᠠᠵᠤ ᠪᠣᠢ᠃ | ᠭᠤᠴᠢᠨ ᠬᠤᠶᠠᠷ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠳᠤᠮᠳᠠᠳᠤ ᠤᠯᠤᠰ ᠤᠨ ᠡᠯ᠎ᠡ ᠱᠠᠲᠤᠨ ᠤ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ︽ᠭᠤᠣᠯ ᠮᠥᠷᠡᠨ ᠤ ᠳᠠᠷᠤᠭ᠎ᠠ︾ ᠶᠢ ᠬᠠᠷᠢᠭᠤᠴᠠᠵᠤ᠂ ᠵᠣᠬᠢᠴᠠᠩᠭᠤᠢ | ᠭᠤᠣᠯ ᠨᠠᠭᠤᠷ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠦ ᠤᠳᠤᠷᠢᠳᠬᠤ ᠶᠢ ᠵᠢᠭᠠᠵᠦ ᠪᠤᠢ᠃ | | ᠭᠤᠴᠢᠨ ᠭᠤᠷᠪᠠ᠂ ︽ᠣᠢ ᠰᠢᠭᠤᠢ ᠶᠢᠨ ᠳᠠᠷᠤᠭ᠎ᠠ ᠶᠢᠨ ᠳᠦᠷᠢᠮ︾ ᠭᠡᠳᠡᠭ ᠨᠢ ︽ᠱᠠᠲᠤ ᠬᠤᠪᠢᠶᠠᠨ | ᠬᠠᠷᠢᠭᠤᠴᠠᠬᠤ︾ ᠵᠠᠷᠴᠢᠮ ᠶᠣᠰᠣᠭᠠᠷ ᠮᠣᠵᠢ ᠬᠤᠲᠠ ᠰᠤᠮᠤ ᠰᠢᠶᠠᠩ ᠭᠠᠴᠠᠭ᠎ᠠ ᠲᠣᠰᠬᠤᠨ ᠤ ᠲᠠᠪᠤᠨ ᠱᠠᠲᠤᠨ ᠤ | ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠱᠠᠲᠤᠨ ᠤ ᠣᠢ ᠰᠢᠭᠤᠢ ᠶᠢᠨ | ᠳᠠᠷᠤᠭ᠎ᠠ ᠲᠤᠰ ᠬᠠᠷᠢᠭᠤᠴᠠᠯᠭ᠎ᠠ ᠶᠢᠨ ᠣᠷᠣᠨ ᠤ ᠪᠠᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ | ᠠᠵᠢᠯ ᠢ ᠬᠠᠷᠢᠭᠤᠴᠠᠨ ᠱᠠᠯᠠᠪᠳᠠᠭᠤᠯᠤᠨ ᠵᠢᠯᠣᠭᠤᠳᠴᠤ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠢ ᠰᠢᠭᠤᠢ ᠶᠢᠨ ᠡᠬᠢ ᠪᠠᠶᠠᠯᠢᠭ ᠢ | ᠡᠪᠳᠡᠬᠦ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢ ᠵᠢᠭᠠᠵᠤ ᠪᠣᠢ᠃ | ᠭᠤᠴᠢᠨ ᠲᠦᠷᠪᠡ᠂ ︽ᠭᠤᠷᠪᠠᠨ ᠡᠮ ᠡᠮᠨᠡᠯᠭᠡ ᠬᠠᠮᠲᠤᠷᠠᠨ ᠬᠥᠳᠡᠯᠦᠯᠴᠡᠬᠦ︾ ᠥᠭᠡᠷᠡᠴᠢᠯᠡᠯᠲᠡ ᠨᠢ | ᠡᠮᠴᠢᠯᠡᠭᠡᠨ ᠤ ᠳᠠᠭᠠᠳᠬᠠᠯ ᠤᠨ ᠲᠤᠬᠳᠠᠴᠠ ᠶᠢᠨ ᠦᠬᠡᠷᠡᠴᠢᠯᠡᠯᠳᠡ᠂ ᠡᠷᠡᠭᠦᠯ ᠮᠡᠨᠳᠦ ᠶᠢᠨ ᠲᠤᠬᠳᠠᠴᠠ ᠶᠢᠨ | ᠦᠬᠡᠷᠡᠴᠢᠯᠡᠯᠳᠡ ᠪᠤᠯᠤᠨ ᠡᠮ ᠤᠨ ᠵᠦᠢᠯᠡᠰ ᠤᠨ ᠬᠦᠢᠯᠬᠡᠬᠡᠨ ᠤ ᠲᠤᠬᠳᠠᠴᠠ ᠶᠢᠨ ᠬᠠᠮᠲᠤᠷᠠᠨ ᠠᠵᠢᠯᠯᠠᠬᠤ ᠶᠢ | ᠬᠡᠯᠡᠵᠦ ᠪᠠᠶᠢᠨ᠎ᠠ᠃ |