ᠬᠤᠳᠡ ᠶᠢᠨ ᠲᠠᠷᠤᠭ᠎ᠠ ᠸᠠᠩ ᠰᠢᠶᠣᠣ ᠬᠤᠸᠠᠨ ᠪᠠᠢ ᠯᠠᠩ ᠪᠠᠯᠭᠠᠰᠣᠨ ᠤ ᠭᠤᠣᠯᠳᠡᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠡ
ᠨᠡᠶᠢᠲᠡᠯᠡᠭᠰᠡᠨ ᠴᠠᠭ᠄
2021/5/11
     5 ᠰᠠᠷ᠎ᠡ ᠶᠢᠨ 8 ᠤ ᠡᠳᠣᠷ᠂ ᠬᠤᠳᠡ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠡ ᠶᠢᠨ ᠲᠠᠷᠤᠭ᠎ᠠ ᠸᠠᠩ ᠰᠢᠶᠣᠣ ᠬᠤᠸᠠᠨ ᠵᠡᠷᠭᠡ ᠣᠳᠣᠷᠢᠳᠣᠯᠭ᠎ᠠ ᠨᠠᠷ ᠪᠠᠢ ᠯᠠᠩ ᠪᠠᠯᠭᠠᠰᠣᠨ ᠳᠤ ᠬᠦᠷᠴᠣ᠂ ᠵᠣᠬᠢᠶᠠᠨ ᠪᠠᠶᠢᠭᠤᠯᠣᠯᠳᠡ᠂ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ᠂ ᠬᠢᠵᠢᠭ ᠤᠨ ᠪᠠᠶᠢᠳᠡᠯ ᠢ ᠰᠠᠷᠭᠡᠶᠢᠯᠡᠨ ᠡᠵᠡᠮᠳᠡᠬᠦ ᠵᠡᠷᠭᠡ  ᠡᠯ᠎ᠠ ᠭᠤᠣᠯᠳᠡᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠴᠣ ᠶᠠᠷᠢᠯᠴᠠᠬᠤ ᠬᠤᠷᠡᠯ ᠡᠷᠬᠢᠯᠡᠪᠡ᠃ ᠬᠤᠳᠡ ᠶᠢᠨ ᠲᠡᠳ᠋ ᠲᠠᠷᠤᠭ᠎ᠠ ᠭᠧ ᠱᠤᠸᠠᠩ ᠫᠧᠩ᠂ ᠸᠠᠩ ᠲᠢᠶᠠᠨ ᠹᠧᠩ᠂ ᠵᠠᠰᠠᠭ ᠤᠨ ᠣᠷᠳᠣᠨ  ᠤ ᠠᠯᠪᠡᠨ ᠭᠡᠷ ᠤᠨ ᠲᠦᠷᠪᠡᠳᠣᠭᠡᠷ ᠲᠡᠰ ᠤᠨ ᠪᠠᠶᠢᠴᠠᠭᠠᠨ ᠰᠣᠳᠣᠯᠣᠬᠴᠢ  ᠹᠧᠩ ᠳ᠋ᠢᠶᠠᠨ ᠮᠢᠩ ᠵᠢᠴᠢ ᠵᠠᠰᠠᠭ ᠤᠨ ᠣᠷᠳᠣᠨ ᠤ ᠠᠯᠪᠡᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠣᠭᠠᠴᠠᠯ ᠪᠠᠶ᠎ᠠ ᠶᠢᠨ ᠲᠠᠮᠢᠷ ᠤᠨ ᠲᠣᠪᠴᠢᠶ᠎ᠠ ᠵᠡᠷᠭᠡ ᠬᠤᠯᠪᠣᠬᠳᠡᠯ ᠪᠦᠬᠦᠢ ᠨᠢᠭᠡᠴᠠ ᠶᠢᠨ ᠬᠠᠷᠢᠭᠤᠴᠠᠯᠭᠠᠳᠡᠨ ᠪᠠᠶᠢᠴᠠᠭᠠᠨ ᠰᠣᠳᠣᠯᠣᠯᠳᠡ ᠳᠤ ᠣᠷᠣᠯᠴᠠᠪᠡ᠃
     ᠸᠠᠩ ᠰᠢᠶᠤᠤ ᠬᠤᠸᠠᠨ᠂ ᠪᠠᠶ ᠯᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ᠂ ᠪᠠᠭ ᠤᠨ ᠪᠦᠷᠢᠯᠳᠦᠬᠦᠨ ᠤ ᠣᠨᠣᠯ ᠤᠨ ᠪᠣᠯᠪᠠᠰᠤᠷᠠᠯ᠂ ᠮᠡᠳᠡᠯᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ᠂ ᠪᠣᠳᠠᠲᠠᠶ ᠠᠵᠢᠯᠯᠠᠬᠤ᠂ ᠠᠷᠢᠭᠤᠨ ᠴᠢᠬᠡᠴᠢ ᠶᠢ ᠡᠷᠬᠢᠮᠯᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠬᠥᠮᠦᠵᠢᠭᠦᠯᠵᠦ᠂ ᠪᠠᠶ ᠯᠠᠩ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠳᠤ ᠴᠤᠭ ᠰᠦᠯᠳᠡ ᠶᠢ ᠨᠢᠭᠲᠠᠷᠠᠭᠤᠯᠬᠤ ᠬᠡᠷᠡᠭᠲᠡᠶ  ᠭᠡᠵᠣ ᠵᠢᠭᠠᠵᠤ ᠭᠠᠷᠭᠠᠪᠡ᠃      ᠸᠠᠩ ᠰᠢᠶᠤᠤ ᠬᠤᠸᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ︽ᠵᠤᠭᠠᠴᠠᠯ ᠳᠤ ᠦᠢᠯᠡᠴᠢᠯᠡᠬᠦ᠂ ᠬᠥᠳᠡᠭᠡ ᠲᠣᠰᠬᠤᠨ ᠳᠤ ᠦᠢᠯᠡᠴᠢᠯᠡᠬᠦ︾ ᠣᠶᠢᠯᠠᠭᠠᠬᠳᠡᠬᠤᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠢᠮᠠᠭᠲᠠ  ᠲᠤᠭᠤᠰᠢᠯᠠᠭᠤᠯᠬᠤ ᠭᠡᠷᠡᠭᠳᠡᠢ᠃ ᠣᠳᠣᠬᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠰᠢᠭᠲᠠᠢ ᠠᠵᠠ ᠲᠣᠬᠢᠶᠠᠯ ᠢ ᠰᠠᠶᠢᠳᠣᠷ ᠠᠳᠬᠤᠵᠤ᠂ ᠲᠤᠰ ᠭᠠᠵᠠᠷ ᠤᠨ ᠬᠤᠪᠢᠰᠬᠠᠯ ᠤᠨ ᠳᠤᠷᠠᠰᠬᠠᠯᠲᠤ ᠵᠤᠭᠠᠴᠠᠯ ᠢ ᠶᠡᠬᠡᠪᠡᠷ ᠬᠥᠭᠵᠢᠭᠦᠯᠣᠨ᠂ ᠬᠤᠪᠢᠰᠬᠠᠯ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠪᠠᠢ ᠯᠠᠩ ᠵᠤᠭᠠᠴᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠨᠡᠭᠡᠭᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠲᠣᠰᠬᠤᠨ ᠪᠠᠯᠭᠠᠰᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠦᠢᠴᠡᠳᠭᠡᠵᠣ᠂  ᠲᠣᠰᠬᠤᠨ ᠪᠠᠯᠭᠠᠰᠣᠨ ᠤ ᠡᠷᠡᠭᠦᠯ ᠬᠠᠮᠠᠭᠠᠯᠠᠯ ᠤᠨ ᠨᠥᠬᠦᠴᠡᠯ ᠢ ᠪᠦᠬᠦ ᠬᠦᠴᠦᠨ ᠢᠶᠠᠷ ᠰᠠᠶᠢᠵᠢᠷᠠᠭᠤᠯᠣᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ  ᠲᠣᠰᠬᠤᠨ ᠪᠠᠯᠭᠠᠰᠣᠨ ᠤ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠣ᠂ ᠪᠦᠬᠦ ᠪᠠᠯᠭᠠᠰᠤᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠵᠣ ᠴᠢᠬᠤᠯᠠᠴᠢᠯᠠᠵᠡᠢ᠃      ᠸᠠᠩ ᠰᠢᠶᠤᠤ ᠬᠤᠸᠠᠨ᠂ ᠵᠣᠬᠢᠶᠠᠨ ᠪᠠᠶᠢᠭᠤᠯᠣᠯᠳᠡ ᠶᠢᠨ ᠤᠳᠤᠷᠢᠳᠣᠯᠭ᠎ᠠ᠂ ᠤᠬᠠᠭᠤᠯᠣᠨ ᠬᠥᠲᠥᠯᠦᠨ ᠵᠢᠯᠣᠭᠤᠳᠣᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠰᠢᠨ᠎ᠡ  ᠲᠢᠳᠢᠮᠯᠢᠭ ᠠᠭᠤᠰᠬᠢᠨ ᠦᠷᠪᠢᠰᠣᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠵᠤ ᠂ ᠴᠢᠬᠤᠯᠠ ᠵᠠᠩᠭᠢᠯᠠᠭ᠎ᠠ ᠶᠢᠨ ᠴᠡᠭ᠂ ᠭᠤᠣᠯᠳᠠᠯᠭ᠎ᠠ ᠲᠠᠢ ᠴᠠᠭ ᠦᠶ᠎ᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠰᠠᠶᠢᠲᠤᠷ ᠴᠢᠩᠭᠠᠳᠬᠠᠨ᠂ ᠪᠦᠬᠦ ᠬᠤᠳᠠ ᠶᠢᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠤᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠬᠦᠴᠦᠨ ᠢᠶᠠᠷ ᠥᠷᠨᠢᠭᠦᠯᠵᠦ᠂ ᠮᠠᠨ ᠤ ᠬᠤᠲᠠ ᠶᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠪᠠᠢ ᠯᠠᠩ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠣ ᠱᠠᠭᠠᠷᠳᠠᠭᠰᠠᠨ ᠪᠠᠶᠢᠨ᠎ᠠ᠃      ᠬᠤᠷᠡᠯ ᠳᠤ᠂ ᠸᠠᠩ ᠰᠢᠶᠣᠣ ᠬᠤᠸᠠᠨ ᠬᠤᠳᠡ ᠶᠢᠨ ᠲᠠᠷᠤᠭ᠎ᠠ ᠪᠠᠰᠠ ᠬᠠᠪᠣᠷ ᠤᠨ ᠣᠯᠠᠷᠢᠯ ᠤᠨ ᠭᠠᠯ ᠲᠣᠶᠢᠮᠠᠷ ᠢ ᠰᠠᠷᠭᠡᠶᠢᠯᠡᠬᠦ᠂ ᠲᠦᠷᠣᠯ ᠵᠣᠶᠢᠯ ᠤᠨ ᠪᠦᠳᠣᠭᠡᠨ ᠪᠠᠶᠢᠭᠤᠯᠣᠯᠳᠡ ᠪᠣᠯᠣᠨ ᠬᠤᠷᠴᠨ ᠣᠯᠠᠭᠠᠨ ᠴᠡᠴᠡᠭ ᠤᠨ ᠨᠠᠶᠢᠷ ᠤᠨ ᠪᠡᠯᠡᠳᠭᠡᠯ ᠠᠵᠢᠯ ᠵᠡᠷᠭᠡ ᠶᠢ ᠲᠣᠬᠢᠷᠡᠭᠤᠯᠣᠡ ᠪᠠᠶᠢᠷᠢᠯᠠᠭᠤᠯᠪᠡ᠃
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号