ᠸᠠᠩ ᠰᠢᠶᠤᠤ ᠬᠤᠸᠠᠨ ᠵᠡᠷᠭᠡ ᠣᠳᠣᠷᠢᠳᠣᠯᠭ᠎ᠠ ᠨᠠᠷ ᠬᠢᠩᠭᠠᠨ ᠠᠶᠢᠮᠠᠭ · ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠲᠥᠷᠥᠯ ᠵᠣᠶᠢᠯ ᠤᠨ ᠭᠡᠷ᠎ᠡ ᠲᠣᠭᠲᠠᠬᠤ ᠶᠠᠷᠢᠯᠴᠠᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/5/12
     5 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ · ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠲᠥᠷᠥᠯ ᠵᠣᠶᠢᠯ ᠤᠨ ᠭᠡᠷ᠎ᠡ ᠲᠣᠭᠲᠠᠬᠤ ᠶᠠᠷᠢᠯᠴᠠᠬᠤ ᠬᠤᠷᠠᠯ  ᠱᠠᠩᠬᠠᠶ ᠬᠤᠲᠠ ᠶᠢᠨ ᠴᠠᠩᠨᠢᠩ ᠲᠣᠭᠤᠷᠢᠭ ᠲᠤ  ᠶᠠᠪᠤᠬᠳᠠᠵᠠᠢ᠃ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠷᠠᠰᠢᠶᠠᠨ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ᠂ ᠬᠤᠲᠠ ᠶᠢᠨ ᠳᠡᠳ᠋ ᠳᠠᠷᠤᠭ᠎ᠠ ᠸᠧᠶ ᠵᠢᠦ ᠴᠢᠶᠠᠩ ᠨᠠᠷ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠷᠠᠰᠢᠶᠠᠨ ᠬᠤᠲᠠ ᠱᠠᠩᠬᠠᠶ ᠶᠢᠨ ᠢ ᠾᠧ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ᠂ ᠱᠠᠩᠬᠠᠶ ᠶᠢᠨ ᠰᠢᠩ ᠪᠢᠨ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ᠂ ᠱᠠᠩᠬᠠᠶ ᠶᠢᠨ ᠴᠧᠩ ᠵᠢᠶ ᠮᠥᠩᠭᠦᠨ ᠬᠦᠢᠯᠭᠡᠭᠡᠨ ᠤ ᠮᠡᠳᠡᠭᠡ ᠵᠠᠩᠭᠢ ᠶᠢᠨ ᠣᠶᠢᠯᠡᠴᠢᠯᠡᠭᠡᠨ ᠤ ᠺᠣᠮᠫᠠᠨᠢ ᠪᠣᠯᠤᠨ ᠱᠠᠩᠬᠠᠶ ᠶᠢᠨ ᠬᠤᠢ ᠭᠤᠸᠠᠨ ᠰᠣᠶᠣᠯ ᠵᠠᠭᠤᠴᠢᠯᠠᠭᠤᠷ ᠤᠨ ᠺᠣᠮᠫᠠᠨᠢ ᠵᠡᠷᠭᠡ ᠠᠵᠤ ᠠᠬᠤᠶᠢᠯᠠᠯ ᠤᠨ ᠺᠣᠮᠫᠠᠨᠢ ᠲᠠᠢ ᠬᠠᠮᠲᠤᠷᠠᠯᠴᠠᠨ ᠵᠥᠪᠳᠡᠯᠴᠡᠭᠡ  ᠬᠢᠵᠡᠢ᠃ ᠬᠠᠮᠲᠤ ᠳᠤᠨᠢ ᠪᠠᠰᠠ ᠹᠧᠩ ᠴᠠᠨ ᠭᠸᠤ ᠵᠣᠭᠠᠴᠠᠯ ᠤᠨ ᠺᠠᠩ ᠶᠠᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠡᠯᠡᠯᠴᠡᠭᠡᠷ ᠲᠤᠬᠳᠠᠬᠰᠠᠨ ᠪᠦᠭᠡᠳ ᠵᠣᠭᠤᠰ ᠤᠨ ᠲᠤᠭ᠎ᠠ ᠨᠢ 36 ᠳ᠋ᠦᠩᠰᠢᠭᠤᠷ ᠲᠥᠭᠦᠷᠢᠭ ᠲᠤ ᠬᠦᠷᠴᠡᠶ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠨᠢ ᠭᠤᠣᠯᠳᠠᠭᠤ ᠰᠣᠶᠣᠯ ᠵᠤᠭᠠᠴᠠᠯ ᠡᠷᠡᠭᠦᠯ ᠮᠡᠨᠳᠦ ᠰᠤᠪᠢᠯᠠᠯᠲᠠ ᠵᠡᠷᠭᠡ ᠲᠠᠯ᠎ᠠ ᠪᠠᠷ ᠲᠥᠪᠯᠡᠷᠡᠵᠡᠢ᠃ ᠣᠶᠢᠷ᠎ᠠ ᠳᠤ᠂ ᠮᠠᠨ ᠤ ᠬᠤᠲᠠ ᠠᠮᠢ ᠠᠬᠤᠶ ᠶᠢ ᠤᠷᠢᠳᠠᠪᠠᠷ ᠪᠣᠳᠣᠯᠬᠢᠯᠡᠨ ᠪᠣᠬᠢᠷᠲᠤᠯ ᠥᠬᠡᠶ ᠬᠥᠭᠵᠢᠯᠳᠡ ᠶᠢ ᠣᠶᠢᠯᠡᠳᠦᠯᠭᠡᠵᠢᠭᠦᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠵᠠᠶᠢᠯᠠᠰᠢ ᠥᠬᠡᠶ ᠦᠷ᠎ᠡ ᠪᠦᠲᠦᠭᠡᠯ᠂ ᠮᠥᠨ ᠴᠦ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠦᠨᠡᠨ ᠪᠣᠳᠠᠲᠠᠶ ᠬᠤᠷᠢᠶᠠᠩᠭᠤᠶᠢᠯᠠᠯ ᠮᠥᠨ᠂ ᠲᠣᠰ ᠣᠳᠡᠭᠠᠨ ᠤ ᠭᠡᠷ᠎ᠡ ᠠᠮᠵᠢᠯᠲᠠ ᠲᠠᠢ ᠪᠠᠷ ᠲᠣᠭᠲᠠᠭᠰᠠᠨ ᠨᠢ ᠪᠥᠬᠦ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠥᠷᠨᠢᠯᠲᠡ  ᠭᠠᠷᠭᠠᠬᠤ ᠪᠤᠯᠤᠨ᠎ᠠ᠃      ᠱᠠᠩᠬᠠᠶ ᠳᠤ ᠪᠠᠶᠢᠬᠤ ᠬᠤᠭᠤᠴᠠᠭᠠᠨ  ᠳᠠᠭᠠᠨ᠂ ᠷᠠᠰᠢᠶᠠᠨ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠪᠠᠰᠠ ᠱᠠᠩᠬᠠᠶ ᠶᠢᠨ ᠱᠠᠩ ᠱᠢ ᠪᠠᠯᠠ ᠮᠦᠩᠬᠦ ᠴᠤᠬᠯᠠᠭᠤᠯᠵᠦ ᠲᠦᠷᠢᠶᠡᠰᠦᠯᠡᠬᠦᠯᠬᠦ ᠺᠣᠮᠫᠠᠨᠢ᠂ ᠶᠠᠫᠣᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠱᠠᠩᠬᠠᠶ ᠳᠠᠬᠢ ᠬᠤᠪᠢᠶᠠᠷᠢ ᠺᠣᠮᠫᠠᠨᠢ ᠵᠡᠷᠭᠡ ᠲᠠᠢ ᠲᠣᠰ ᠲᠣᠰ ᠬᠠᠮᠲᠤᠷᠠᠯᠴᠠᠭᠠᠨ ᠤ ᠬᠡᠯᠡᠯᠴᠡᠭᠡᠷ ᠬᠢᠭᠰᠡᠨ ᠪᠥᠭᠡᠳ ᠣᠯᠠᠨ ᠲᠠᠯ᠎ᠠ ᠶᠢᠨ ᠬᠠᠮᠲᠤᠷᠠᠨ ᠠᠵᠢᠯᠯᠠᠬᠤ ᠰᠠᠨᠠᠭ᠎ᠠ ᠪᠠᠨ ᠢᠯᠡᠳᠭᠡᠪᠡ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号