ᠷᠠᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/5/25
     ᠷᠠᠰᠢᠶᠠᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠲᠡᠰ ᠤᠨ ᠪᠠᠶᠢᠭᠤᠯᠭ᠎ᠠ ᠪᠠᠶᠢᠵᠣ᠂ ᠷᠠᠰᠢᠶᠠᠨ ᠬᠤᠳᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠳᠡ ᠶᠢ ᠲᠣᠭᠤᠰᠢᠯᠠᠭᠤᠯᠣᠨ ᠨᠠᠶᠢᠳᠡᠪᠣᠷᠢᠵᠢᠭᠤᠯᠬᠤ ᠶᠢ ᠬᠠᠷᠢᠭᠤᠴᠠᠨ᠎ᠠ︔ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠥᠬᠦᠶ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ  ᠲᠦᠷᠢᠮᠵᠢᠬᠦᠯᠦᠨ ᠬᠠᠮᠠᠭᠠᠯᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃      ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠪᠠ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠨᠢᠭᠡᠴᠡ᠂ ᠬᠤᠪᠢ ᠶᠢᠨ ᠠᠵᠤ ᠣᠶᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ︵ᠭᠠᠵᠠᠷ ᠣᠷᠣᠨ︶ ᠶᠢᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠭᠴᠢ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠠ ᠬᠠᠮᠢᠶᠠᠷᠣᠯᠳᠡ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠬᠦᠯᠦᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ ᠦᠨ᠎ᠡ ᠬᠠᠩᠰᠢ ᠰᠣᠶᠢᠳᠬᠡᠯ ᠬᠤᠷᠢᠶᠠᠯᠳᠡ ᠨᠢ ᠬᠠᠤᠯᠢ ᠲᠣᠭᠲᠠᠭᠠᠯ ᠠᠴᠠ  ᠵᠦᠷᠢᠴᠡᠵᠦ᠂ ᠵᠦᠶ ᠪᠤᠰᠤ  ᠦᠷᠢᠰᠦᠯᠳᠦᠬᠡᠨ᠂ ᠬᠠᠤᠯᠢ  ᠪᠤᠰᠤ ᠰᠢᠭᠤᠳ ᠪᠤᠷᠤᠯᠭᠤᠯᠭ᠎ᠠ᠂ ᠳᠠᠮᠵᠢᠭᠤᠯᠤᠨ  ᠪᠤᠷᠤᠯᠠᠭᠤᠯᠭ᠎ᠠ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ   ᠦᠮᠴᠢᠯᠡᠯ ᠤᠨ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤᠳᠡᠢ  ᠣᠶᠢᠯᠡᠳᠬᠦᠨ ᠢ ᠪᠣᠷᠣᠯᠠᠭᠤᠯᠤᠭᠰᠠᠨ ᠣᠶᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠯᠳᠠ ᠲᠠᠢ ᠪᠠᠷ ᠵᠢᠯᠣᠭᠤᠳᠴᠣ ᠪᠠᠶᠢᠭᠠᠳ ᠪᠠᠶᠢᠴᠠᠭᠠᠨ ᠰᠢᠢᠳᠪᠦᠷᠢᠯᠡᠨ᠎ᠡ᠃ ᠵᠠᠷ ᠤᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠤᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠥᠬᠡᠶ ᠪᠠᠷ ᠣᠶᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠥᠬᠦᠶ ᠦᠨᠡᠮᠯᠡᠯ ᠥᠬᠡᠶ ᠪᠠᠷ ᠣᠶᠢᠯᠡᠳᠪᠦᠷᠢᠯᠡᠵᠦ ᠡᠵᠡᠩᠨᠡᠬᠦ  ᠣᠶᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠷᠠᠰᠢᠶᠠᠨ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠶᠢ ᠵᠢᠯᠣᠭᠤᠳᠴᠣ ᠪᠠᠶᠢᠭᠠᠳ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠠᠵᠢᠯ ᠢ ᠥᠷᠨᠢᠭᠦᠯᠣᠨ᠎ᠠ᠃      ︵ᠳᠥᠷᠪᠡ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠶᠠᠰᠤ ᠴᠢᠨᠠᠷ ᠤᠨ ᠬᠥᠭᠵᠢᠯᠲᠡ ᠶᠢᠨ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠠᠷᠢᠭᠤᠴᠠᠨ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ  ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠵᠤ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠩ ᠤᠨ ᠶᠠᠰᠤ ᠴᠢᠨᠠᠷ ᠤᠨ ᠡ᠊ᠨᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂  ᠵᠠᠷᠡᠮᠳᠡᠭ ᠪᠦᠳᠣᠭᠡᠭᠳᠡᠬᠦᠨ ᠢ ᠡᠭᠡᠭᠦᠯᠦᠨ ᠠᠪᠴᠢᠷᠠᠬᠤ ᠲᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂   ᠬᠤᠳᠠᠯ ᠬᠠᠭᠤᠷᠮᠠᠭ ᠪᠦᠳᠦᠭᠡᠭᠳᠡᠬᠦᠨ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃      ︵ᠲᠠᠪᠤ︶ ᠪᠥᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ  ᠳᠤ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠠᠵᠢᠯ ᠳᠤ ᠬᠢᠨᠠᠠ ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ︵ᠵᠢᠷᠭᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠲᠦᠷᠢᠮᠵᠢᠬᠦᠯᠣᠨ ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠣᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃      ︵ᠲᠤᠯᠤᠭ᠎ᠠ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠲᠦᠷᠢᠮᠵᠢᠬᠦᠯᠵᠣ᠂ ᠲᠡᠭᠦᠨ ᠳᠤ ᠬᠢᠨᠠᠯᠲᠠ ᠲᠠᠯᠪᠢᠨ᠎ᠠ᠃      ︵ᠨᠠᠢᠮᠠ︶ ᠪᠥᠬᠦ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃  ᠨᠡᠶᠢᠳᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃      ︵ᠶᠢᠰᠦ︶ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠬᠦᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠭᠦᠸᠧᠯᠦ ᠰᠢᠳᠡᠭᠠᠯᠠᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠠᠷᠪᠠ︶ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠪᠣᠯᠤᠨ ᠬᠢᠷᠢ ᠲᠡᠩᠴᠡᠬᠦ ᠥᠭᠡᠢ ᠦᠢᠯᠡᠳᠬᠦᠨ ᠢ ᠬᠤᠵᠢᠳ ᠰᠢᠢᠳᠪᠦᠷᠢᠯᠡᠬᠦ ᠠᠵᠢᠯ  ᠢ ᠬᠠᠮᠢᠶᠠᠷᠴᠤ᠂ ᠦᠢᠯᠡᠳᠬᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠬᠢᠭᠡᠳ ᠬᠥᠨᠳᠡᠯᠡᠨ ᠠᠴᠠ ᠲᠠᠰᠤᠯᠬᠤ ᠰᠢᠯᠭᠠᠨ ᠪᠠᠶᠢᠴᠠᠭᠠᠬᠤ ᠪᠠ ᠬᠢᠨᠠᠨ ᠲᠣᠭᠲᠠᠭᠠᠬᠤ ᠠᠵᠢᠯ ᠢ ᠬᠢᠨᠠᠨ ᠬᠠᠮᠢᠶᠠᠷᠬᠤ ᠬᠡᠷᠡᠭᠲᠡᠶ᠃ ᠪᠥᠬᠦ ᠬᠤᠲᠠ ᠶᠢᠨ ᠣᠶᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠲᠠᠰ ᠬᠤᠪᠢᠶᠠᠬᠤ ᠲᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠢᠳᠡᠭᠡᠨ ᠤ ᠠᠶᠣᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠪᠡ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ︔ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠣᠨ ᠨᠠᠶᠢᠳᠡᠪᠣᠷᠢᠵᠢᠭᠤᠯᠣᠨ᠎ᠠ᠃ ᠢᠳᠡᠭᠡᠨ ᠤ ᠠᠶᠣᠯᠬᠦᠢ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠬᠦᠨᠳᠣ ᠶᠡᠭᠡ ᠢᠳᠡᠭᠡᠨ ᠤ ᠠᠶᠣᠯᠬᠦᠢ ᠬᠡᠷᠡᠭ ᠶᠠᠪᠣᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠬᠤᠲᠠ ᠶᠢᠨ ᠢᠳᠡᠭᠡᠨ  ᠪᠠ ᠡᠮ ᠤᠨ  ᠵᠦᠢᠯᠡᠰ ᠤᠨ ᠠᠶᠤᠯᠭᠦᠶ ᠶᠢᠨ ᠵᠥᠪᠯᠡᠯ ᠤᠨ ᠡᠳᠦᠷ ᠲᠤᠲᠤᠮ ᠤᠨ  ᠠᠵᠢᠯ ᠢ ᠲᠠᠭᠠᠭᠠᠴᠢᠯᠠᠨ ᠡᠬᠦᠷᠭᠡᠯᠡᠨ᠎ᠠ᠃      ︵ᠠᠷᠪᠠᠨ ᠬᠤᠶᠠᠷ︶ ᠢᠳᠡᠭᠡᠨ ᠤ ᠠᠶᠣᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠢᠳᠡᠭᠡᠨ ᠤ ᠣᠶᠢᠯᠡᠳᠪᠦᠷᠢᠯᠡᠯ᠂ ᠬᠦᠢᠯᠭᠡᠭᠡ᠂ ᠬᠡᠷᠡᠭᠯᠡᠭᠡ ᠶᠢᠨ ᠪᠥᠬᠦ ᠶᠠᠪᠤᠴᠠ ᠶᠢ ᠬᠠᠮᠤᠷᠤᠭᠰᠠᠨ ᠬᠢᠨᠠᠠ ᠪᠠᠶᠢᠴᠠᠭᠠᠬᠤ ᠲᠦᠷᠢᠮ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮ ᠢ ᠪᠦᠷᠢᠨᠰᠢᠬᠦᠯᠦᠨ᠎ᠠ᠃ ᠢᠳᠡᠭᠡᠨ ᠤ ᠠᠶᠣᠯᠬᠦᠢ ᠳᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢᠨ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠣᠨ᠎ᠠ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠭᠤᠷᠪᠠ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ  ᠵᠦᠢᠯᠡᠰ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ︶᠂ ᠡᠮᠴᠢᠯᠡᠭᠡᠨ ᠤ ᠪᠠᠭᠠᠵᠢ ᠬᠡᠷᠡᠭᠰᠡᠯ ᠪᠠ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠠᠷᠪᠠᠨ ᠲᠥᠷᠪᠡ︶ ᠡᠮ ᠤᠨ  ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠶᠠᠰᠤ ᠴᠢᠨᠠᠷ   ᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠲᠤ ᠬᠢᠨᠠᠯᠲᠠ ᠲᠠᠯᠪᠢᠵᠤ᠂ ᠤᠯᠤᠰ ᠤᠨ ᠡᠮ ᠤᠨ ᠵᠦᠢᠯᠡᠰ ᠤᠨ ᠪᠠᠷᠢᠮᠵᠢᠶ᠎ᠠ ᠪᠣᠯᠤᠨ ᠣᠷᠣᠨ ᠨᠤᠲᠤᠭ ᠤᠨ ᠴᠢᠨᠠᠷᠲᠠᠶ ᠮᠣᠩᠭᠤᠯ ᠬᠢᠲᠠᠳ ᠡᠮ ᠤᠨ ᠪᠠᠷᠢᠮᠵᠢᠶ᠎ᠠ ᠬᠢᠭᠡᠳ ᠵᠢᠷᠤᠮᠵᠢᠯ ᠢ ᠬᠡᠷᠡᠭᠵᠢᠭᠦᠯᠬᠦ ᠲᠤ ᠬᠢᠨᠠᠯᠲᠠ ᠲᠠᠯᠪᠢᠨ᠎ᠠ᠃ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ  ᠬᠠᠷᠢᠭᠤᠴᠠᠨ᠎ᠠ᠃      ︵ᠠᠷᠪᠠᠨ ᠲᠠᠪᠤ︶ ᠡᠮ ᠤᠨ  ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯᠡᠰ᠂ ᠵᠠᠰᠠᠯ ᠴᠢᠮᠡᠭ ᠤᠨ ᠡᠳ᠋ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ  ᠠᠮᠣᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃      ︵ᠠᠷᠪᠠᠨ ᠵᠢᠷᠭᠤᠭ᠎ᠠ︶ ᠡᠮ ᠤᠨ  ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠠᠶᠢᠴᠠᠭᠠᠬᠤ᠂ ᠬᠢᠨᠠᠨ ᠪᠠᠶᠢᠴᠠᠭᠠᠬᠤ᠂ ᠪᠠᠶᠢᠴᠠᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ ᠨᠡᠶᠢᠲᠡᠯᠡᠨ᠂ ᠬᠠᠤᠯᠢ ᠵᠥᠷᠢᠴᠡᠭᠰᠡᠨ ᠣᠶᠢᠯᠡ ᠠᠵᠢᠯᠯᠠᠭ᠎ᠠ ᠶᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠮ ᠤᠨ   ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠦᠷᠭᠦᠯᠵᠢᠯᠡᠨ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ ᠡᠮ ᠤᠨ  ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠳᠤ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠭᠤᠯᠬᠤ ᠲᠣᠭᠲᠠᠴᠠ ᠶᠢ  ᠠᠬᠢᠭᠤᠯᠣᠨ ᠲᠡᠬᠦᠯᠳᠡᠷᠵᠢᠬᠦᠯᠣᠨ᠎ᠠ᠃      ︵ᠠᠷᠪᠠᠨ ᠳᠣᠯᠤᠭ᠎ᠠ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠶᠢᠨ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ  ᠲᠦᠷᠢᠮᠵᠢᠬᠦᠯᠣᠨ᠎ᠠ᠃      ︵ᠠᠷᠪᠠ ᠶᠢᠰᠦ︶ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ  ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠣᠯᠳᠡ ᠶᠢᠨ ᠠᠵᠢᠯ ᠢ ᠬᠠᠮᠵᠢᠯᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠪᠤᠶᠤ ᠬᠠᠤᠯᠢ ᠶᠣᠰᠣᠭᠠᠷ ᠭᠠᠭᠴᠠᠭᠠᠷ ᠡᠵᠡᠮᠰᠢᠯ ᠤᠨ ᠪᠠᠶᠢᠷᠢ ᠰᠠᠭᠤᠷᠢ ᠲᠠᠢ ᠪᠤᠰᠤᠳ ᠡᠵᠡᠩᠨᠡᠭᠴᠢ ᠶᠢᠨ ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠵᠢᠴᠢ ᠨᠢᠭᠤᠴᠠ ᠪᠠᠷ ᠠᠷᠠᠯᠵᠢᠶᠠᠯᠠᠵᠤ  ᠬᠠᠣᠯᠢ ᠪᠣᠰᠣ ᠪᠠᠷ ᠬᠤᠳᠡᠯᠳᠣᠭᠠᠯᠠᠬᠤ ᠵᠡᠷᠭᠡ ᠠᠵᠤ ᠠᠬᠤᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠬᠤᠷᠢ︶ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠪᠥᠬᠦ ᠬᠤᠲᠠ ᠶᠢᠨ ᠮᠡᠳᠡᠯᠭᠡ ᠶᠢᠨ  ᠥᠮᠴᠢᠯᠡᠯ ᠤᠨ ᠡᠷᠬᠡ ᠶᠢᠨ ᠲᠤᠰᠬᠠᠶ ᠪᠠᠯᠠ ᠮᠥᠩᠭᠦ ᠶᠢ ᠬᠠᠮᠢᠶᠠᠷᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠬᠤ ᠴᠢᠬᠤᠯᠠ ᠶᠡᠭᠡ ᠲᠥᠷᠥᠯ ᠵᠣᠶᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠶᠢ ᠬᠡᠷᠡᠭᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠵᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠴᠤ᠂ ᠮᠡᠳᠡᠯᠭᠡ ᠵᠢᠨ‌ᠥᠮᠴᠢᠯᠡᠯ ᠤᠨ ᠮᠡᠳᠡᠯᠭᠡ ᠶᠢᠨ  ᠦᠮᠴᠢᠯᠡᠯ ᠤᠨ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠣᠨ ᠵᠢᠯᠣᠭᠤᠳᠣᠨ᠎ᠠ᠃      ︵ᠬᠤᠷᠢᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号