ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/5/25
     ᠷᠠᠰᠢᠶᠠᠨ ᠬᠤᠳᠠ ᠶᠢᠨ ᠡᠮ ᠡᠮᠨᠡᠯᠭᠡ ᠶᠢᠨ ᠪᠠᠳᠦᠯᠠᠭ᠎ᠠ ᠶᠢᠨ ᠲᠤᠪᠴᠢᠶ᠎ᠠ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠲᠡᠰ ᠤᠨ  ᠪᠠᠶᠢᠭᠤᠯᠭ᠎ᠠ ᠪᠣᠯᠤᠨ᠎ᠠ᠃      ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠷᠠᠰᠢᠶᠠᠨ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠬᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ  ᠲᠡᠬᠦᠯᠳᠡᠷᠵᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ  ᠦᠬᠡᠷᠡᠴᠢᠯᠡᠯᠳᠡ ᠶᠢ ᠠᠬᠢᠭᠤᠯᠤᠨ᠎ᠠ᠃      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠪᠠ ᠣᠷᠣᠨ ᠪᠦᠰᠡ ᠶᠢᠨ ᠳᠣᠭᠢᠷᠠᠭᠤᠯᠤᠨ ᠲᠡᠩᠴᠡᠭᠦᠯᠬᠦ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ  ᠲᠡᠬᠦᠯᠳᠡᠷᠵᠢᠬᠦᠯᠦᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ  ᠲᠤᠭᠤᠰᠢᠯᠠᠭᠤᠯᠤᠨ ᠨᠠᠶᠢᠳᠠᠪᠦᠷᠢᠵᠢᠭᠤᠯᠤᠨ᠎ᠠ᠃      ︵ᠳᠥᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ  ᠦᠢᠯᠡᠴᠢᠯᠡᠬᠡᠨ ᠤ ᠲᠥᠷᠥᠯ ᠵᠦᠢᠯ᠂ ᠡᠮᠴᠢᠯᠡᠭᠡᠨ ᠤ  ᠦᠢᠯᠡᠴᠢᠯᠡᠬᠡᠨ ᠤ  ᠲᠦᠬᠦᠭᠡᠷᠦᠮᠵᠢ ᠵᠡᠷᠭᠡ ᠡᠮᠴᠢᠯᠡᠭᠡᠨ ᠤ ᠳᠠᠭᠠᠳᠬᠠᠯ ᠤᠨ  ᠨᠡᠷᠡᠰ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠨᠡᠷᠡᠰ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠲᠠᠪᠤ︶ ᠤᠯᠤᠰ ᠤᠨ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠮᠴᠢᠯᠡᠭᠡᠨ ᠤ ᠦᠢᠯᠡᠴᠢᠯᠡᠬᠡᠨ ᠤ ᠲᠥᠷᠥᠯ  ᠵᠦᠢᠯ᠂ ᠡᠮᠴᠢᠯᠡᠭᠡᠨ ᠤ  ᠦᠢᠯᠡᠴᠢᠯᠡᠬᠡᠨ ᠤ ᠲᠦᠬᠦᠭᠡᠷᠦᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠳᠥᠯᠥᠬᠦ ᠡᠮ ᠡᠮᠨᠡᠯᠭᠡ ᠶᠢᠨ  ᠦᠢᠯᠡᠴᠢᠯᠡᠬᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ  ᠰᠤᠷᠠᠭ ᠵᠠᠩᠭᠢ ᠶᠢ ᠬᠢᠨᠠᠨ ᠬᠡᠮᠵᠢᠬᠦ ᠪᠠ  ᠰᠤᠷᠠᠭ ᠵᠠᠩᠭᠢ ᠨᠡᠶᠢᠲᠡᠯᠡᠬᠦ  ᠲᠦᠷᠢᠮ ᠢ ᠪᠠᠶᠢᠭᠤᠯᠤᠨ᠎ᠠ᠃      ︵ᠵᠢᠷᠭᠤᠭ᠎ᠠ︶  ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮ ᠪᠠ ᠰᠤᠷᠠᠭ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ  ᠦᠢᠯᠡᠴᠢᠯᠡᠬᠡᠨ ᠤ  ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠳᠣᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ  ᠦᠢᠯᠡᠴᠢᠯᠡᠬᠡᠨ ᠤ ᠰᠢᠰᠲ᠋ᠧᠮ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠪᠠᠶᠢᠭᠤᠯᠤᠨ  ᠲᠡᠬᠦᠯᠳᠡᠷᠵᠢᠬᠦᠯᠦᠨ᠎ᠡ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ  ᠠᠴᠠ ᠲᠠᠭᠠᠭᠠᠯᠭᠠᠬᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ︵ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠷᠠᠰᠢᠶᠠᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      ︵ᠠᠷᠪᠠ︶ ᠬᠤᠯᠪᠣᠭᠳᠠᠯ ᠪᠥᠬᠦᠢ ᠡᠭᠦᠷᠭᠡ ᠬᠠᠷᠢᠭᠤᠴᠠᠯᠭ᠎ᠠ ᠶᠢᠨ ᠠᠵᠢᠯ   ᠤᠨ ᠬᠤᠪᠢᠶᠠᠷᠢᠯᠠᠯ᠃ ᠷᠠᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠷᠠᠰᠢᠶᠠᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号