ᠷᠠᠰᠢᠶᠠᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠡᠳ᠋ ᠡᠷᠬᠢᠯᠡᠭᠴᠢ | ᠠᠵᠢᠯ ᠤᠨ ᠬᠤᠪᠢᠶᠠᠷᠢᠯᠠᠯ᠄ | ᠷᠠᠰᠢᠶᠠᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ | ᠤ ᠡᠷᠬᠢᠯᠡᠭᠴᠢ ᠪᠠᠨ ᠬᠠᠪᠰᠤᠷᠤᠨ ᠡᠳ᠋ ᠤᠨ ᠵᠠᠰᠠᠭ ᠠᠵᠤ ᠠᠬᠤᠢ ᠵᠡᠷᠭᠡ ᠲᠠᠯ᠎ᠠ ᠶᠢᠨ ᠠᠵᠢᠯ ᠢ ᠬᠤᠪᠢᠶᠠᠷᠢᠯᠠᠨ | ᠬᠠᠮᠢᠶᠠᠷᠴᠤ ᠪᠤᠢ᠃ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦᠪᠯᠡᠯ ᠢ ᠬᠤᠪᠢᠶᠠᠷᠢᠯᠠᠨ ᠬᠠᠮᠢᠶᠠᠷᠴᠤ ᠪᠤᠢ᠃ | ᠬᠦᠭᠵᠢᠬᠦᠯᠦᠯᠳᠡ ᠦᠭᠡᠷᠡᠴᠢᠯᠡᠯᠳᠡ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠤᠭ᠎ᠠ ᠪᠦᠷᠢᠳᠭᠡᠯ | ᠤᠨ ᠲᠤᠪᠴᠢᠶ᠎ᠠ᠂ ᠠᠵᠤ ᠠᠬᠤᠢ ᠶᠢᠨ ᠮᠡᠳᠡᠭᠡ ᠵᠠᠩᠭᠢ ᠶᠢᠨ ᠵᠦᠪᠯᠡᠯ᠂ ᠠᠶᠤᠯᠬᠦᠢ ᠤᠶᠢᠯᠡᠳᠪᠤᠷᠢᠯᠠᠯ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ᠂ ᠮᠦᠩᠬᠦᠨ ᠭᠦᠢᠯᠭᠡᠭᠡᠨ ᠤ ᠠᠯᠪᠠᠨ ᠭᠡᠷ᠂ ᠤᠯᠤᠰ ᠤᠨ ᠭᠠᠶᠢᠯᠢ ᠶᠢᠨ ᠶᠠᠪᠤᠳᠠᠯ | ᠤᠨ ᠲᠤᠪᠴᠢᠶ᠎ᠠ᠂ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ | ᠭᠡᠷ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠬᠢᠩᠭᠠᠨ ᠠᠶᠢᠮᠠᠭ ᠤᠨ ᠤᠷᠤᠨ | ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠳᠠ ᠶᠢᠨ ᠲᠦᠪ ᠤᠨ ᠷᠠᠰᠢᠶᠠᠨ ᠳᠠᠬᠢ | ᠬᠠᠮᠢᠶᠠᠷᠤᠯᠳᠠ ᠶᠢᠨ ᠬᠡᠯᠳᠡᠰ ᠵᠡᠷᠭᠡ ᠰᠠᠯᠠᠭ᠎ᠠ ᠮᠦᠴᠢᠷ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠯᠳᠡ ᠪᠠ ᠠᠵᠢᠯ | ᠤᠨ ᠬᠢᠨᠠᠯᠳᠠ ᠲᠠᠯᠪᠢᠯᠳᠠ ᠶᠢ ᠬᠠᠷᠢᠭᠤᠴᠠᠵᠤ ᠪᠠᠶᠢᠨ᠎ᠠ᠃ | ᠲᠤᠪᠴᠢ ᠨᠠᠮᠳᠠᠷ᠄ | ᠭᠤᠸᠠᠨ ᠰᠢ ᠵᠢᠶᠦ᠋ᠨ᠂ ᠡᠷᠡᠭᠳᠡᠢ᠂ ᠬᠢᠳᠠᠳ ᠦᠨᠳᠤᠰᠤᠳᠡᠨ᠂ ᠨᠠᠮ ᠪᠦᠯᠦᠭ ᠤᠨ ᠪᠤᠰᠤ ᠬᠦᠮᠤᠨ᠂ | ᠷᠠᠰᠢᠶᠠᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠲᠡᠳ᠋ | ᠡᠷᠬᠢᠯᠡᠭᠴᠢ᠂ 1963 ᠤᠨ ᠤ 5 ᠰᠠᠷ᠎ᠠ ᠶᠢᠨ 1 ᠤ ᠡᠳᠤᠷ ᠷᠠᠰᠢᠶᠠᠨ ᠬᠤᠳᠠᠨ ᠳᠤ ᠲᠦᠷᠦᠵᠤ᠂ 1982 | ᠤᠨ ᠤ 8 ᠰᠠᠷ᠎ᠠ ᠠᠴᠠ ᠡᠬᠢᠯᠡᠨ ᠠᠵᠢᠯᠯᠠᠵᠠᠢ ᠃ | 1982 ᠤᠨ ᠤ 8 ᠰᠠᠷ᠎ᠠ ——1989 ᠤᠨ ᠤ 4 ᠰᠠᠷ᠎ᠠ ᠪᠤᠯᠳᠠᠯ᠎ᠠ ᠬᠤᠷᠴᠢᠨ ᠪᠠᠷᠠᠭᠤᠨ | ᠭᠠᠷᠤᠨ ᠡᠮᠤᠨᠡᠳᠤ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠳᠤ ᠡᠩ ᠤᠨ ᠠᠯᠪᠠᠳᠠᠨ ᠢᠶᠠᠷ ᠠᠵᠢᠯᠯᠠᠵᠤ | ᠪᠠᠶᠢᠵᠠᠢ᠃ | 1989 ᠤᠨ ᠤ 4 ᠰᠠᠷ᠎ᠠ ——1997 ᠤᠨ ᠤ 4 ᠰᠠᠷ᠎ᠠ ᠪᠤᠯᠳᠠᠯ᠎ᠠ ᠬᠤᠷᠴᠢᠨ ᠪᠠᠷᠠᠭᠤᠨ | ᠭᠠᠷᠤᠨ ᠡᠮᠤᠨᠡᠳᠤ ᠬᠤᠰᠢᠭᠤᠨ ᠤ ᠬᠠᠩᠭᠠᠨ ᠪᠤᠷᠤᠯᠠᠭᠤᠯᠬᠤ ᠬᠤᠷᠰᠢᠶᠠᠨ ᠳᠤ ᠡᠩ ᠤᠨ ᠠᠯᠪᠠᠳᠠᠨ ᠢᠶᠠᠷ ᠠᠵᠢᠯᠯᠠᠵᠤ | ᠪᠠᠶᠢᠵᠠᠢ᠃ | 1997 ᠤᠨ ᠤ 4 ᠰᠠᠷ᠎ᠠ —— 1998 ᠤᠨ ᠤ 12 ᠰᠠᠷ᠎ᠠ ᠪᠤᠯᠳᠠᠯ᠎ᠠ ᠷᠠᠰᠢᠶᠠᠨ ᠤ ᠠᠵᠤ | ᠠᠬᠤᠢ ᠠᠷᠠᠯᠵᠢᠶ᠎ᠠ ᠬᠤᠳᠠᠯᠳᠤᠭᠠᠨ ᠤ ᠲᠦᠯᠤᠪᠯᠡᠭᠡᠨ ᠤ ᠠᠯᠪᠠᠨ ᠭᠡᠷ ᠲᠤ ᠡᠩ ᠤᠨ ᠠᠯᠪᠠᠳᠠᠨ ᠢᠶᠠᠷ ᠠᠵᠢᠯᠯᠠᠵᠤ | ᠪᠠᠶᠢᠵᠠᠢ᠃ | 1998 ᠣᠨ ᠤ 12 ᠰᠠᠷ᠎ᠠ —— 2004 ᠤᠨ ᠤ 1 ᠰᠠᠷ᠎ᠠ ᠪᠤᠯᠳᠠᠯ᠎ᠠ ᠷᠠᠰᠢᠶᠠᠨ ᠬᠤᠳᠠ ᠶᠢᠨ | ᠲᠤᠭ᠎ᠠ ᠪᠦᠷᠢᠳᠭᠡᠯ ᠤᠨ ᠲᠤᠪᠴᠢᠶᠠᠨ ᠤ ᠲᠠᠷᠤᠭ᠎ᠠ ᠪᠠᠷ ᠠᠵᠢᠯᠯᠠᠵᠤ ᠪᠠᠶᠢᠵᠠᠢ᠃ | 2004 ᠤᠨ ᠤ 1 ᠰᠠᠷ᠎ᠠ —— 2013 ᠤᠨ ᠤ 12 ᠰᠠᠷ᠎ᠠ ᠪᠤᠯᠳᠠᠯ᠎ᠠ ᠷᠠᠰᠢᠶᠠᠨ ᠬᠤᠳᠠ ᠶᠢᠨ | ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠠᠷ ᠠᠵᠢᠯᠯᠠᠵᠤ ᠪᠠᠶᠢᠵᠠᠢ ᠃ | 2014 ᠤᠨ ᠤ 1 ᠰᠠᠷ᠎ᠠ ᠠᠴᠠ ᠤᠳᠤ ᠪᠤᠯᠳᠠᠯ᠎ᠠ ᠷᠠᠰᠢᠶᠠᠨ ᠬᠤᠳᠠ ᠶᠢᠨ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠲᠡᠳ᠋ ᠡᠷᠬᠢᠯᠡᠭᠴᠢ ᠪᠠᠷ ᠠᠵᠢᠯᠯᠠᠵᠤ ᠪᠤᠢ᠃ |