ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/28
     ᠷᠠᠰᠢᠶᠠᠨ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠲᠡᠰ ᠤᠨ ᠪᠠᠶᠢᠭᠤᠯᠭ᠎ᠠ ᠪᠣᠯᠣᠨ᠎ᠠ᠃      ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠲᠥᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠣᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠬᠢᠨᠠᠠ ᠪᠠᠶᠢᠴᠠᠭᠠᠨ᠎ᠠ᠃ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠣᠨ᠎ᠠ᠃      ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠣᠭᠤᠰᠢᠯᠠᠭᠤᠯᠣᠨ ᠬᠡᠷᠡᠭᠵᠢᠭᠦᠯᠵᠦ᠂ ᠪᠥᠬᠦ ᠬᠤᠲᠠ ᠵᠢᠴᠢ ᠡᠯ᠎ᠡ ᠪᠠᠯᠭᠠᠰᠤ᠂ ᠵᠡᠭᠡᠯᠢ ᠶᠢᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠣᠯᠣᠨ ᠪᠥᠬᠦ ᠬᠤᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠦᠢᠴᠡᠳᠭᠡᠵᠣ᠂ ᠪᠥᠬᠦ ᠬᠤᠲᠠ ᠵᠢᠴᠢ ᠡᠯ᠎ᠡ ᠪᠠᠯᠭᠠᠰᠤ᠂ ᠵᠡᠭᠡᠯᠢ ᠶᠢᠨ ᠣᠶᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠶᠢ ᠡᠮᠬᠢᠳᠬᠡᠨ ᠨᠠᠶᠢᠷᠠᠭᠤᠯᠤᠨ᠎ᠠ᠃     ︵ᠭᠤᠷᠪᠠ︶ ᠪᠥᠬᠦ ᠬᠤᠲᠠ ᠶᠢᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠳᠠ ᠶᠢᠨ ᠪᠠᠶᠢᠳᠠᠯ ᠪᠠ ᠬᠤᠳᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠳᠠ ᠶᠢᠨ ᠪᠠᠶᠢᠳᠠᠯ ᠪᠠ ᠬᠤᠳᠠ ᠶᠢᠨ ᠬᠦᠴᠦᠨ ᠤ ᠲᠠᠯ᠎ᠠ ᠪᠠᠷ ᠬᠢ ᠬᠤᠯᠪᠣᠭᠳᠠᠯ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠣ ᠡᠮᠬᠢᠳᠬᠡᠬᠦ ᠪᠠ ᠬᠠᠩᠭᠠᠨ᠎ᠠ᠃     ︵ᠳᠥᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠣᠶᠢᠯᠡᠳᠪᠦᠷᠢ᠂ ᠪᠠᠷᠢᠯᠭ᠎ᠠ ᠶᠢᠨ ᠣᠶᠢᠯᠡᠰ᠂ ᠣᠶᠢᠯᠡᠴᠢᠯᠡᠭᠡᠨ ᠤ ᠣᠶᠢᠯᠡᠰ ᠵᠡᠷᠭᠡ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ᠂ ᠵᠣᠭᠠᠴᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠣᠶᠢᠯᠡᠰ ᠵᠡᠷᠭᠡ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠯᠠᠵᠣ ᠡᠮᠬᠢᠳᠬᠡᠬᠦ ᠪᠠ ᠬᠠᠩᠭᠠᠨ᠎ᠠ᠃      ︵ᠲᠠᠪᠤ︶ ᠪᠥᠬᠦ ᠬᠤᠲᠠ ᠶᠢᠨ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠬᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠣ ᠡᠮᠬᠢᠳᠬᠡᠬᠦ ᠪᠠ ᠬᠠᠩᠭᠠᠨ᠎ᠠ᠃      ︵ᠵᠢᠷᠭᠤᠭ᠎ᠠ︶ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠥᠬᠦ ᠬᠤᠳᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠨ᠂ ᠬᠠᠮᠢᠶᠠᠷᠴᠤ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ  ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃      ︵ᠳᠣᠯᠤᠭ᠎ᠠ︶ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠤᠯᠲᠠ ᠬᠢᠬᠦ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号