ᠷᠠᠰᠢᠶᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2021/5/28
      ᠷᠠᠰᠢᠶᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭ᠎ᠠ ᠶᠢᠨ ᠲᠠᠰ ᠤᠨ  ᠪᠠᠶᠢᠭᠤᠯᠭ᠎ᠠ ᠪᠣᠯᠣᠨ᠎ᠠ᠃      ᠨᠢᠭᠡ᠂ ᠷᠠᠰᠢᠶᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠶᠢᠨ ᠲᠦᠷᠢᠮᠵᠢᠯ᠂ ᠲᠥᠬᠦᠷ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ      ︵ᠬᠤᠶᠠᠷ︶ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠵᠣ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠳᠤ ᠰᠠᠨᠠᠭᠤᠯᠭ᠎ᠠ ᠳᠤᠷᠠᠳᠤᠨ᠎ᠠ᠃      ︵ᠭᠤᠷᠪᠠ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠣᠶᠢᠯᠡᠰ ᠤᠨ ᠪᠠᠷᠢᠮᠵᠢᠶᠠᠵᠢᠯᠳᠡ᠂ ᠲᠦᠷᠢᠮᠵᠢᠯᠳᠡ ᠶᠢᠨ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠣᠴᠠ  ᠶᠢ ᠴᠣᠮᠬᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ︵ᠳᠥᠷᠪᠡ︶ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢ ᠲᠥᠯᠥᠪᠵᠢᠭᠦᠯᠦᠨ ᠬᠢᠨᠠᠨ ᠬᠠᠮᠢᠶᠠᠷᠴᠤ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠠᠭᠤᠯᠭ᠎ᠠ ᠶᠢᠨ ᠪᠦᠳᠣᠭᠡᠨ ᠪᠠᠶᠢᠭᠤᠯᠣᠯᠳᠡ ᠳᠤ ᠣᠷᠣᠯᠴᠠᠭᠤᠯᠣᠨ᠎ᠠ᠃ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠲᠣᠤᠷ ᠰᠦᠯᠵᠢᠶ᠎ᠡ ᠬᠢᠭᠡᠳ ᠬᠢᠩᠭᠠᠨ ᠠᠶᠢᠮᠠᠭ ᠤᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠠᠪᠤ︶ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠬᠦ ᠶᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ᠎ᠠ᠃      ︵ᠵᠢᠷᠭᠤᠭ᠎ᠠ︶ ᠷᠠᠰᠢᠶᠠᠨ ᠬᠤᠲᠠ ᠶᠢᠨ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠣᠶᠢᠯᠡᠰ ᠢ ᠬᠦᠢᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠢᠨᠠᠯᠲᠠ ᠲᠠᠯᠪᠢᠵᠤ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠬᠦᠯᠣᠨ᠎ᠠ᠃      ︵ᠳᠣᠯᠤᠭ᠎ᠠ︶ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ  ᠠᠰᠠᠭᠤᠨ ᠯᠠᠪᠯᠠᠯᠳᠡ᠂ ᠵᠠᠭᠠᠯᠳᠤᠯᠭ᠎ᠠ᠂ ᠰᠠᠨᠠᠭᠤᠯᠭ᠎ᠠ ᠭᠠᠷᠭᠠᠬᠤ ᠠᠵᠢᠯ ᠢ ᠭᠥᠯᠢᠶᠡᠨ ᠠᠪᠴᠤ ᠰᠢᠢᠳᠪᠦᠷᠢᠯᠡᠨ᠎ᠡ᠃      ︵ᠨᠠᠢᠮᠠ︶ ᠷᠠᠰᠢᠶᠠᠨ ᠬᠤᠲᠠ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠬᠡᠷᠡᠭᠵᠢᠭᠦᠯᠦᠨ᠎ᠡ᠃      ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ  ᠃ 
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号