ᠷᠠᠰᠢᠶᠠᠨ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ
ᠨᠡᠶᠢᠲᠡᠯᠡᠭᠰᠡᠨ ᠴᠠᠭ᠄
2021/5/28
     ᠷᠠᠰᠢᠶᠠᠨ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ  ᠰᠠᠯᠠᠭ᠎ᠠ ᠶᠢᠨ ᠲᠡᠰ ᠤᠨ  ᠪᠠᠶᠢᠭᠤᠯᠭ᠎ᠠ ᠪᠣᠯᠤᠨ᠎ᠠ᠃      ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠰᠤᠳᠤᠯᠤᠯ   ᠢ ᠥᠷᠨᠢᠭᠦᠯᠵᠦ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ᠃      ︵ᠭᠤᠷᠪᠠ︶ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠴᠤ᠂ ᠪᠥᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠳᠥᠷᠪᠡ︶ ᠪᠥᠬᠦ ᠬᠤᠲᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠢ ᠪᠠᠶᠢᠭᠤᠯᠤᠨ  ᠲᠠᠩᠰᠠ ᠺᠠᠷᠲ ᠪᠠᠶᠢᠭᠤᠯᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠲᠠᠪᠤ︶ ᠶᠠᠳᠠᠭᠤ   ᠶᠢ ᠲᠡᠳᠬᠦᠬᠦ ᠲᠥᠷᠥᠯ ᠵᠦᠢᠯ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃      ︵ᠵᠢᠷᠭᠤᠭ᠎ᠠ︶ ᠨᠠᠮ ᠵᠠᠰᠠᠭ   ᠤᠨ  ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ   ᠤᠨ ᠡᠯ᠎ᠡ ᠡᠲᠡᠭᠡᠳ   ᠤᠨ ᠬᠢᠨ   ᠤ ᠶᠠᠳᠠᠭᠤ   ᠶᠢ ᠲᠡᠳᠬᠦᠵᠦ ᠨᠡᠭᠡᠭᠡᠨ ᠬᠥᠭᠵᠢᠭᠦᠯᠬᠦ   ᠳᠤ ᠣᠷᠣᠯᠴᠠᠬᠤ   ᠶᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ   ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠬᠢᠭᠡᠳ ᠬᠤᠷᠰᠢᠯᠴᠠᠭ᠎ᠠ   ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠳᠣᠯᠤᠭ᠎ᠠ︶ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠲᠥᠷᠥ ᠶᠢᠨ  ᠪᠠᠶᠢᠭᠤᠯᠭ᠎ᠠ ᠶᠢᠨ ᠨᠢᠭᠡᠴᠡ ᠶᠢᠨ  ᠴᠡᠭ ᠲᠣᠭᠲᠠᠭᠠᠨ ᠶᠠᠳᠠᠭᠤ ᠶᠢ ᠲᠡᠳᠬᠦᠬᠦ ᠶᠢᠨ ᠵᠣᠬᠢᠴᠠᠭᠤᠯᠤᠨ ᠬᠠᠷᠢᠯᠴᠠᠬᠤ ᠦᠢᠯᠡᠴᠢᠯᠡᠬᠡᠨ ᠤ ᠠᠵᠢᠯ ᠢ ᠬᠠᠷᠢᠭᠤᠴᠠᠨ᠎ᠠ᠃      ︵ᠨᠠᠢᠮᠠ︶ ᠶᠠᠳᠠᠭᠤ   ᠶᠢ ᠲᠡᠳᠬᠦᠵᠦ ᠨᠡᠭᠡᠭᠡᠨ ᠬᠥᠭᠵᠢᠭᠦᠯᠬᠦ   ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ   ᠢ ᠰᠠᠶᠢᠲᠤᠷ  ᠬᠢᠨ᠎ᠠ᠃      ︵ᠶᠢᠰᠦ︶ ᠷᠠᠰᠢᠶᠠᠨ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠯᠣᠭᠤᠳᠬᠤ ᠶᠢ ᠡᠭᠦᠷᠭᠡᠯᠡᠨ᠎ᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠬᠦᠯᠦᠨ᠎ᠡ᠃         
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号