ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠳᠦᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2021/5/28
     ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭ᠎ᠠ ᠶᠢᠨ ᠲᠠᠰ ᠤᠨ ᠪᠠᠶᠢᠭᠤᠯᠭ᠎ᠠ ᠪᠣᠯᠤᠨ᠎ᠠ᠃      ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠦᠢᠯᠡᠰ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ  ᠰᠢᠢᠳᠪᠦᠷᠢᠳᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃      ︵ᠬᠤᠶᠠᠷ︶ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ  ᠦᠢᠯᠡᠴᠢᠯᠡᠬᠡᠨ ᠤ  ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ  ᠬᠦᠮᠦᠨ ᠤ ᠬᠦᠴᠦᠨ ᠤ ᠡᠬᠢ  ᠪᠠᠶᠠᠯᠢᠭ ᠤᠨ ᠵᠤᠬᠢᠰᠳᠠᠢ ᠰᠢᠯᠵᠢᠯᠳᠡ ᠪᠠ ᠠᠰᠢᠬᠳᠠᠢ ᠲᠤᠬᠢᠷᠠᠭᠤᠯᠤᠯᠳᠠ ᠶᠢ ᠠᠬᠢᠭᠤᠯᠤᠨ᠎ᠠ᠃      ︵ᠭᠤᠷᠪᠠ︶ ᠪᠥᠬᠦ ᠬᠤᠲᠠ ᠶᠢᠨ ᠬᠤᠲᠠ ᠬᠥᠳᠡᠭᠡ ᠶᠢ ᠨᠢᠭᠡᠳᠦᠯᠲᠡᠶ ᠲᠦᠯᠦᠪᠵᠢᠬᠦᠯᠬᠦ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠪᠠ ᠠᠳᠠᠯ ᠦᠢᠯᠡᠰ ᠪᠤᠰᠬᠠᠬᠤ ᠦᠢᠯᠡᠴᠢᠯᠡᠬᠡᠨ ᠤ  ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠤᠯᠪᠠᠰᠦᠷᠠᠯ ᠤᠨ ᠲᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠭᠤᠬᠤ ᠶᠢ ᠵᠢᠯᠣᠭᠤᠳᠬᠤ  ᠦᠢᠯᠡᠴᠢᠯᠡᠬᠡᠨ ᠤ ᠠᠵᠢᠯ ᠢ ᠦᠷᠨᠢᠬᠦᠯᠦᠨ᠎ᠡ᠃       ︵ᠳᠥᠷᠪᠡ︶ ᠪᠥᠬᠦ ᠬᠤᠲᠠ ᠶᠢᠨ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ  ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃      ︵ᠲᠠᠪᠤ︶ ᠪᠥᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠦᠨ ᠵᠢᠯᠣᠭᠤᠳᠬᠤ ᠶᠢ ᠬᠠᠷᠢᠭᠤᠴᠠᠨ᠎ᠠ᠃ ᠠᠷᠭᠠᠴᠠᠭᠠᠬᠤ ᠲᠥᠰᠦᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠨ᠎ᠠ᠃      ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠲᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠬᠤᠭᠤᠴᠠᠭᠠᠨ ᠤ ᠲᠦᠷᠢᠮ ᠪᠠ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠦᠯᠤ ᠬᠥᠷᠦᠭᠰᠡᠨ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ  ᠦᠬᠡᠶᠢᠰᠬᠡᠬᠦ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠦᠷᠤ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃     ︵ᠳᠣᠯᠤᠭ᠎ᠠ︶ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠨ᠂ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ ᠂ ᠭᠠᠳᠠᠭᠠᠳᠤ ᠳᠤ ᠰᠤᠷᠤᠯᠴᠠᠭᠰᠠᠳ ᠢ ᠲᠡᠳᠡᠨ ᠠᠪᠴᠢᠷᠠᠵᠤ ᠬᠤᠲᠠ ᠳᠤ ᠢᠷᠡᠭᠦᠯᠬᠦ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃      ︵ᠨᠠᠢᠮᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠢᠯᠡ ᠪᠠᠷ ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ  ᠦᠢᠯᠡᠴᠢᠯᠡᠬᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ  ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠤᠨ᠎ᠠ᠃      ︵ᠶᠢᠰᠦ︶ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠰᠠᠶᠢᠰᠢᠶᠠᠨ ᠬᠥᠬᠢᠭᠦᠯᠵᠦ ᠱᠠᠩᠨᠠᠬᠤ ᠲᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠰᠠᠶᠢᠰᠢᠶᠠᠨ ᠬᠥᠬᠢᠭᠦᠯᠵᠦ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠪᠥᠬᠦ ᠬᠤᠲᠠ ᠶᠢᠨ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠦᠭᠦᠯᠦᠨ ᠰᠠᠶᠢᠰᠢᠶᠠᠨ ᠬᠥᠬᠢᠭᠦᠯᠬᠦ ᠠᠵᠢᠯ ᠢ ᠳᠠᠭᠠᠭᠠᠨ ᠡᠭᠦᠷᠭᠡᠯᠡᠵᠦ᠂ ᠡᠷᠬᠡ ᠣᠯᠭᠤᠯᠲᠠ ᠶᠢ ᠦᠨᠳᠦᠰᠦᠯᠡᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠬᠤᠲᠠ ᠶᠢᠨ ᠲᠠᠰ ᠤᠨ ᠰᠠᠶᠢᠰᠢᠶᠠᠨ ᠬᠥᠬᠢᠭᠦᠯᠵᠦ ᠱᠠᠩᠨᠠᠬᠤ ᠠᠵᠢᠯᠯᠠᠭ᠎ᠠ ᠶᠢ ᠳᠠᠭᠠᠭᠠᠨ  ᠬᠦᠢᠴᠡᠳᠬᠡᠨ᠎ᠡ᠃      ︵ᠠᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠬᠡᠪ ᠤᠨ ᠨᠡᠮᠡᠭᠳᠡᠯ ᠪᠠ ᠣᠯᠭᠤᠬᠤ ᠶᠢ ᠪᠠᠲᠤᠯᠠᠬᠤ ᠲᠤᠬᠳᠠᠴᠠ ᠶᠢ ᠪᠠᠶᠢᠭᠤᠯᠤᠨ᠎ᠠ᠃ ᠪᠦᠬᠦ ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠬᠤ ᠠᠵᠢᠯ ᠠᠴᠠ ᠪᠠᠨ ᠪᠠᠭᠤᠵᠤ ᠠᠮᠠᠷᠠᠬᠤ ᠠᠵᠢᠯ ᠢ  ᠶᠡᠷᠦᠩᠭᠡᠶᠢᠯᠡᠨ ᠬᠠᠮᠢᠶᠠᠷᠦᠨ᠎ᠠ᠃      ︵ᠠᠷᠪᠠᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ  ᠠᠴᠠ ᠲᠠᠭᠠᠭᠠᠯᠭᠠᠬᠰᠠᠨ ᠪᠤᠰᠤᠳ ᠡᠭᠦᠷᠭᠡ  ᠤᠳ ᠢ ᠪᠡᠶᠡᠯᠡᠭᠦᠯᠦᠨ᠎ᠡ᠃
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号