ᠷᠠᠰᠢᠶᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠮᠡᠳᠡᠭᠡ ᠵᠠᠩᠬᠢᠵᠢᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2021/5/28
     ᠷᠠᠰᠢᠶᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠤᠨ  ᠪᠠᠶᠢᠭᠤᠯᠭ᠎ᠠ ᠪᠣᠯᠤᠨ᠎ᠠ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠭᠤᠣᠯ ᠡᠭᠦᠷᠭᠡ  ᠄      ︵ᠨᠢᠭᠡ︶ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠵᠢᠯ ᠤᠨ ᠬᠦᠭᠵᠢᠯᠳᠡ ᠶᠢᠨ ᠲᠦᠯᠦᠪᠵᠢᠬᠦᠯᠬᠡ  ᠶᠢ ᠲᠤᠬᠳᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃       ︵ᠬᠤᠶᠠᠷ︶  ᠬᠦᠢᠯᠬᠡᠬᠡᠨ ᠤ ᠠᠵᠤ  ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ  ᠦᠢᠯᠡᠴᠢᠯᠡᠬᠡᠨ ᠤ ᠦᠢᠯᠡᠰ  ᠪᠠ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠬᠦᠢᠯᠬᠡᠬᠡᠨ ᠤ ᠪᠠᠷᠢᠮᠵᠢᠶᠠᠵᠢᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠤ  ᠬᠦᠢᠯᠬᠡᠬᠡᠨ ᠤ ᠳᠣᠭᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠲᠣ ᠦᠶ᠎ᠡ ᠶᠢᠨ  ᠬᠦᠢᠯᠬᠡᠬᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠥᠭᠡᠮ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ ᠲᠣᠣᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ  ᠲᠤᠰᠬᠤᠨ ᠳᠤ ᠤᠷᠤᠭᠤᠯᠬᠤ ᠠᠵᠢᠯ ᠢ ᠠᠬᠢᠭᠤᠯᠤᠨ᠎ᠠ᠃      ︵ᠳᠥᠷᠪᠡ︶ ᠪᠥᠬᠦ ᠬᠤᠲᠠ ᠶᠢᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠤᠬᠢᠷᠠᠭᠤᠯᠤᠯᠳᠠ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠤᠬᠳᠠᠴᠠ ᠶᠢ ᠪᠠᠶᠢᠭᠤᠯᠵᠦ ᠲᠡᠬᠦᠯᠳᠡᠷᠵᠢᠬᠦᠯᠦᠨ᠎ᠡ᠃ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠠ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠤᠬᠢᠷᠠᠭᠤᠯᠤᠯᠳᠠ ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃      ︵ᠲᠠᠪᠤ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ  ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃  ᠠᠷᠠᠯᠵᠢᠶ᠎ᠠ ᠬᠤᠳᠠᠯᠳᠤᠭᠠᠨ   ᠤ ᠦᠢᠯᠡᠴᠢᠯᠡᠭᠡᠨ ᠤ ᠦᠢᠯᠡᠰ ᠤ ᠠᠶᠤᠯᠬᠦᠢ ᠦᠢᠯᠡᠳᠪᠦᠷᠢᠯᠡᠯ   ᠤᠨ ᠠᠵᠢᠯ   ᠢ  ᠱᠠᠯᠠᠪᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠵᠢᠷᠭᠤᠭ᠎ᠠ︶ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠡᠷᠬᠡ ᠣᠯᠭᠤᠯᠲᠠ ᠶᠢ ᠦᠨᠳᠦᠰᠦᠯᠡᠨ ATA ᠬᠠᠭᠤᠳᠠᠰᠤ ᠦᠨᠡᠮᠯᠡᠯ ᠤᠨ ᠬᠠᠭᠤᠳᠠᠰᠦᠨ ︵ᠭᠠᠳᠠᠭᠠᠳᠤ ᠠᠴᠠ ᠣᠷᠣᠭᠤᠯᠬᠤ ᠶᠢ ᠲᠦᠷ ᠵᠥᠪᠰᠢᠶᠡᠷᠡᠨ᠎ᠡ︶  ᠳᠤ ᠭᠠᠷ ᠤᠨ ᠥᠰᠥᠭ ᠵᠢᠷᠤᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠭᠠᠳᠠᠭᠠᠳᠤ ᠠᠷᠠᠯᠵᠢᠶ᠎ᠠ ᠶᠢᠨ ᠬᠠᠮᠢᠶ᠎ᠠ ᠪᠥᠬᠦᠶ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠷᠭᠠᠬᠤ ᠶᠢ ᠵᠣᠷᠢᠭᠵᠢᠭᠤᠯᠬᠤ ᠠᠷᠠᠯᠵᠢᠶ᠎ᠠ  ᠳᠠᠬᠢ ᠲᠥᠷᠥ ᠶᠢᠨ ᠪᠣᠳᠣᠯᠭ᠎ᠠ ᠪᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ  ᠳᠠᠬᠢ ᠲᠧᠭᠨᠢᠭ ᠮᠡᠷᠭᠡᠵᠢᠯ ᠢ ᠭᠠᠳᠠᠭᠠᠳᠤ ᠠᠴᠠ ᠣᠷᠣᠭᠤᠯᠬᠤ᠂ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠲᠠᠢ ᠬᠠᠮᠵᠢᠯᠴᠠᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠡᠷᠬᠡ ᠣᠯᠭᠤᠭᠰᠠᠨ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠯᠦᠭᠡ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠷᠭᠠᠬᠤ ᠵᠦᠪᠰᠢᠶᠡᠷᠡᠯ ᠤᠨ ᠦᠨᠡᠮᠯᠡᠯ ᠤᠨ ᠠᠵᠢᠯ ᠳᠤ ᠬᠠᠮᠵᠢᠨ᠎ᠠ᠃      ︵ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ  ᠦᠢᠯᠡᠴᠢᠯᠡᠬᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ  ᠦᠢᠯᠡᠴᠢᠯᠡᠬᠡᠨ ᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠬᠡᠨ ᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠬᠡᠨ ᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠲᠠ ᠶᠢᠨ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠶᠢᠨ ᠳᠣᠲᠣᠷ᠎ᠠ ᠦᠵᠡᠭᠦᠯᠦᠯᠭᠡ ᠶᠢᠨ ᠠᠵᠢᠯᠯᠠᠭ᠎ᠠ ᠡᠷᠭᠢᠯᠡᠬᠦ ᠶᠢ ᠬᠠᠮᠢᠶᠠᠷᠤᠨ᠎ᠠ᠃      ︵ᠨᠠᠢᠮᠠ︶ ᠡᠷᠬᠡ ᠣᠯᠭᠤᠯᠲᠠ ᠶᠢ ᠦᠨᠳᠦᠰᠦᠯᠡᠨ ᠷᠠᠰᠢᠶᠠᠨ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠤᠯᠤᠰ ᠯᠤᠭ᠎ᠠ ᠠᠵᠤ ᠠᠬᠤᠶ ᠠᠷᠠᠯᠵᠢᠶ᠎ᠠ ᠶᠢᠨ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ᠂ ᠪᠤᠰᠤᠳ ᠤᠯᠤᠰ ︵ᠭᠠᠵᠠᠷ ᠣᠷᠣᠨ︶  ᠪᠤᠯᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ ᠠᠷᠠᠯᠵᠢᠶ᠎ᠠ ᠶᠢᠨ ᠬᠠᠷᠢᠴᠠᠭᠠᠨ ᠤ ᠳᠤᠮᠳᠠᠬᠢ ᠴᠢᠬᠤᠯᠠ ᠬᠡᠷᠡᠭ ᠶᠠᠪᠤᠳᠠᠯ ᠢ  ᠰᠢᠢᠳᠪᠦᠷᠢᠯᠡᠨ᠎ᠡ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠭᠠᠳᠠᠭᠠᠳᠤ ᠶᠢᠨ ᠬᠤᠳᠠᠯᠳᠤᠭᠠᠴᠢᠨ ᠤ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ ᠤᠨ ᠭᠠᠵᠠᠷ︶ ᠤ ᠬᠤᠳᠠᠯᠳᠤᠭ᠎ᠠ ᠡᠷᠭᠢᠯᠡᠬᠦ  ᠭᠠᠵᠠᠷ ᠲᠠᠢ ᠬᠠᠮᠵᠢᠨ ᠬᠠᠷᠢᠯᠴᠠᠨ᠎ᠠ᠃      ︵ᠶᠢᠰᠦ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢ ᠬᠠᠮᠵᠢᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ  ᠭᠠᠷᠭᠠᠬᠤ ᠶᠢᠨ ᠭᠤᠤᠯ ᠠᠷᠠᠯᠵᠢᠶ᠎ᠠ ᠶᠢᠨ ᠬᠤᠯᠪᠣᠭᠳᠠᠯ ᠪᠦᠬᠦᠢ ᠠᠵᠢᠯ ᠢ ᠵᠤᠬᠢᠴᠠᠭᠤᠯᠤᠨ ᠵᠢᠯᠤᠭᠤᠳᠤᠨ᠎ᠠ᠃ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠬᠤᠯᠪᠣᠭᠳᠠᠭᠰᠠᠨ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ᠃      ︵ᠠᠷᠪᠠ︶ ᠷᠠᠰᠢᠶᠠᠨ ᠬᠤᠲᠠ ᠶᠢᠨ ᠭᠠᠳᠠᠭᠠᠳᠤ ᠯᠤᠭ᠎ᠠ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ ︽ᠨᠢᠭᠡ ᠪᠦᠰᠡ ᠨᠢᠭᠡ ᠵᠠᠮ︾ ᠤᠨ  ᠵᠠᠮ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠮᠲᠤᠷᠠᠯᠴᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ  ᠦᠢᠯᠡᠴᠢᠯᠡᠭᠡ ᠶᠢ  ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ᠂ ᠭᠠᠳᠠᠭᠠᠳᠤ ᠳᠤ ᠪᠠᠯᠠ ᠣᠷᠣᠭᠤᠯᠤᠨ ᠠᠵᠤ ᠠᠬᠤᠶᠢᠯᠠᠯ ︵ᠮᠥᠩᠭᠦᠨ  ᠬᠦᠢᠯᠬᠡᠬᠡᠨ ᠤ ᠠᠵᠤ ᠠᠬᠤᠶᠢᠯᠠᠯ ᠪᠠᠭᠲᠠᠬᠤ ᠥᠬᠡᠶ︶ ᠢ ᠬᠠᠤᠯᠢ ᠶᠣᠰᠣᠭᠠᠷ ᠬᠠᠮᠢᠶᠠᠷᠤᠨ᠎ᠠ᠃ ᠬᠢᠩᠭᠠᠨ ᠠᠶᠢᠮᠠᠭ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ  ᠵᠦᠢᠯ ᠢ ᠡᠭᠦᠷᠭᠡᠯᠡᠨ᠎ᠡ᠃      ︵ᠠᠷᠪᠠᠨ ᠨᠢᠭᠡ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠤᠬᠳᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ ᠬᠤᠲᠠ ᠶᠢᠨ ᠳᠣᠲᠣᠷᠠᠬᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠢᠩᠭᠠᠨ ᠠᠶᠢᠮᠠᠭ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠥᠬᠦᠶ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠲᠤᠬᠠᠶ ᠶᠢᠨ ᠭᠠᠵᠠᠷ ᠲᠤᠨᠢ ᠣᠴᠢᠵᠤ ᠪᠠᠶᠢᠴᠠᠭᠠᠬᠤ᠂ ᠰᠢᠯᠭᠠᠨ ᠠᠪᠬᠤ ᠪᠠ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠳᠤᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃      ︵ᠠᠷᠪᠠᠨ ᠳᠥᠷᠪᠡ︶ ᠪᠥᠬᠦ ᠬᠤᠲᠠ ᠶᠢᠨ ᠠᠵᠤ  ᠦᠢᠯᠡᠳᠪᠦᠷᠢ᠂ ᠮᠡᠳᠡᠭᠡ ᠵᠠᠩᠭᠢ ᠶᠢᠨ ᠠᠵᠤ  ᠦᠢᠯᠡᠰ ᠤᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠣᠭᠤᠳᠴᠤ᠂ ᠠᠵᠤ  ᠦᠢᠯᠡᠳᠪᠦᠷᠢ ᠶᠢᠨ ᠠᠵᠢᠯᠯᠠᠭᠠᠨ ᠤ ᠳᠤᠮᠳᠠᠬᠢ  ᠦᠢᠯᠡᠳᠪᠦᠷᠢᠯᠡᠯ ᠤᠨ ᠬᠦᠴᠦᠨ ᠵᠦᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠠᠷᠪᠠᠨ ᠲᠠᠪᠤ︶ ᠠᠵᠤ ᠦᠢᠯᠡᠳᠪᠦᠷᠢ᠂ ᠮᠡᠳᠡᠭᠡ ᠵᠠᠩᠬᠢᠵᠢᠯᠳᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂  ᠵᠠᠰᠠᠭ   ᠤᠨ ᠴᠢᠨᠠᠷᠲᠠᠶ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ  ᠬᠠᠮᠢᠶᠠᠷᠦᠯᠳᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠷᠢᠰᠢᠯ ᠤᠨ ᠲᠥᠯᠥᠪᠵᠢᠭᠦᠯᠭᠡ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠠᠷᠪᠠᠨ ᠲᠤᠯᠤᠭ᠎ᠠ︶ ᠠᠵᠢᠯ ᠲᠥᠷᠥᠯ   ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ   ᠤᠨ ᠲᠠᠪᠰᠢᠯᠳᠠ ᠶᠢ ᠵᠢᠯᠣᠭᠤᠳᠴᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠪᠣᠯᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠷᠠᠰᠢᠶᠠᠨ ᠬᠤᠲᠠ ᠶᠢᠨ ᠳᠠᠪᠤᠰᠤᠨ ᠤ  ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠬᠦᠢᠴᠡᠳᠬᠡᠨ᠎ᠡ᠃ ᠪᠦᠬᠦ ᠬᠤᠲᠠ ᠶᠢᠨ ᠠᠷᠠᠳ ᠤᠨ ᠬᠡᠷᠡᠭᠯᠡᠭᠡᠨ ᠳᠠᠬᠢ ᠠᠮᠠᠷᠬᠠᠨ ᠨᠤᠴᠤᠵᠦ ᠳᠡᠯᠪᠡᠷᠡᠬᠦ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ  ᠬᠠᠷᠢᠭᠤᠴᠠᠨ᠎ᠠ᠃      ︵ᠠᠷᠪᠠᠨ ᠨᠠᠢᠮᠠ︶ ᠠᠵᠤ  ᠦᠢᠯᠡᠳᠪᠦᠷᠢ  ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠬᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ   ᠢ ᠵᠢᠯᠣᠭᠤᠳᠴᠤ᠂ ᠬᠠᠮᠢᠶ᠎ᠠ ᠪᠥᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠪᠡᠯᠡᠳᠬᠡᠮᠵᠢ᠂ ᠰᠢᠨ᠎ᠡ  ᠮᠠᠶ᠋ᠢᠭ ᠤᠨ ᠡᠨᠧᠷᠬᠢ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠤ ᠦᠢᠯᠡᠳᠪᠦᠷᠢ   ᠶᠢᠨ  ᠡᠨᠧᠷᠬᠢ ᠠᠷᠪᠢᠯᠠᠬᠤ ᠶᠢ  ᠬᠢᠨᠠᠨ ᠪᠠᠶᠢᠴᠠᠭᠠᠬᠤ ᠠᠵᠢᠯ   ᠢ ᠬᠠᠷᠢᠭᠤᠴᠠᠨ᠎ᠠ᠃      ︵ᠠᠷᠪᠠ ᠶᠢᠰᠦ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠬᠡᠨ ᠤ  ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ  ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠠᠵᠤ  ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠢ ᠪᠤᠯᠭᠠᠬᠤ ᠶᠢ ᠵᠢᠭᠠᠨ ᠵᠢᠯᠤᠭᠤᠳᠤᠨ᠎ᠠ᠃      ︵ᠬᠤᠷᠢ︶ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠣᠷᠣᠭᠤᠯᠵᠤ ᠢᠷᠡᠭᠰᠡᠨ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃ ᠬᠦᠡᠭᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃     ︵ᠬᠤᠷᠢᠨ ᠨᠢᠭᠡ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ  ᠵᠢᠭᠠᠨ ᠵᠢᠯᠤᠭᠤᠳᠤᠨ᠎ᠠ᠃      ︵ᠬᠤᠷᠢᠨ ᠬᠤᠶᠠᠷ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ   ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ ᠪᠠ  ᠦᠢᠯᠡᠴᠢᠯᠡᠭᠡ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠳᠤᠮᠳᠠ ᠵᠢᠵᠢᠭ ᠠᠵᠤ ᠠᠬᠤᠶᠢᠯᠠᠯ   ᠤᠨ ᠦᠢᠯᠡᠴᠢᠯᠡᠭᠡᠨ ᠤ ᠰᠢᠰᠲ᠋ᠧᠮ ᠤᠨ  ᠪᠠᠶᠢᠭᠤᠯᠤᠯᠲᠠ ᠶᠢ ᠠᠬᠢᠭᠤᠯᠤᠨ᠎ᠠ᠃      ︵ᠬᠤᠷᠢᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ  ᠪᠡᠶᠡᠯᠡᠬᠦᠯᠦᠨ᠎ᠡ᠃
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号