ᠷᠠᠰᠢᠶᠠᠨ ᠤ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2021/5/28
     ᠷᠠᠰᠢᠶᠠᠨ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠲᠡᠰ   ᠤᠨ  ᠪᠠᠶᠢᠭᠤᠯᠭ᠎ᠠ ᠪᠣᠯᠤᠨ᠎ᠠ᠂ ᠷᠠᠰᠢᠶᠠᠨ ᠬᠤᠳᠠ ᠶᠢᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠫᠠᠶᠢᠰᠠ ᠶᠢ ᠨᠡᠮᠡᠨ ᠡᠯᠭᠦᠵᠦ᠂ ᠬᠤᠳᠠ ᠶᠢᠨ ᠨᠠᠮ ᠤᠨ  ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠤᠯᠭ᠎ᠠ ᠳᠤ ᠬᠠᠷᠢᠶᠠᠯᠠᠭᠳᠠᠨ᠎ᠠ᠃      ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ  ᠤᠷᠤᠯᠴᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠦᠬᠦ ᠬᠤᠳᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ  ᠬᠠᠮᠠᠭᠠᠯᠠᠨ᠎ᠠ᠃      ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ  ᠱᠠᠯᠠᠪᠳᠠᠵᠦ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ   ᠤᠨ ᠬᠥᠭᠵᠢᠯᠲᠡ᠂ ᠠᠵᠢᠯ ᠲᠥᠷᠥᠯ   ᠤᠨ ᠰᠢᠰᠲ᠋ᠧᠮ   ᠢᠶᠠᠷ ᠲᠤᠰᠠᠯᠠᠯᠴᠠᠬᠤ ᠪᠠ ᠠᠵᠤ ᠠᠬᠤᠶ ᠮᠡᠷᠭᠡᠵᠢᠯ ᠤᠨ  ᠬᠠᠮᠳᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ   ᠤ ᠣᠨᠴᠠ ᠬᠡᠷᠡᠭᠯᠡᠭᠡᠨ ᠤ  ᠬᠡᠷᠡᠭᠰᠡᠯ   ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠥᠬᠦᠢ ᠠᠵᠢᠯ   ᠳᠤ ᠣᠷᠣᠯᠴᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ  ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ  ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠂ ᠦᠨᠳᠦᠰᠦᠲᠡᠨ ᠤ ᠬᠡᠷᠡᠭ ᠶᠠᠪᠤᠳᠠᠯ ᠤᠨ  ᠦᠢᠯᠡᠴᠢᠯᠡᠬᠡᠨ ᠤ  ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃       ︵ᠲᠠᠪᠤ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ  ᠂ ᠺᠢᠨᠣ᠋ ᠲᠧᠯᠸᠢᠰ ᠪᠠ ᠦᠨᠳᠦᠰᠦᠲᠡᠨ ᠤ  ᠨᠤᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ  ᠵᠡᠷᠭᠡ ᠭᠠᠵᠠᠷ ᠤᠷᠤᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ  ᠤᠷᠤᠯᠴᠠᠨ᠎ᠠ᠃      ︵ᠳᠣᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂  ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ  ᠠᠴᠠ ᠲᠠᠭᠠᠭᠠᠯᠭᠠᠬᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号