ᠷᠠᠰᠢᠶᠠᠨ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/31
    ᠷᠠᠰᠢᠶᠠᠨ ᠬᠤᠳᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠲᠡᠰ  ᠤᠨ ᠪᠠᠶᠢᠭᠤᠯᠭ᠎ᠠ᠂ ᠷᠠᠰᠢᠶᠠᠨ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ ᠶᠢᠨ ᠫᠠᠶᠢᠰᠠ ᠶᠢ ᠨᠡᠮᠡᠵᠦ  ᠡᠯᠬᠦᠵᠦ ᠪᠤᠢ᠃      ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄     ︵ᠨᠢᠭᠡ︶ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠷᠠᠰᠢᠶᠠᠨ ᠬᠤᠳᠠ ᠶᠢᠨ ᠰᠣᠶᠣᠯ᠂ ᠵᠤᠭᠠᠴᠠᠯ ᠪᠣᠯᠤᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠪᠣᠳᠠᠲᠠᠶ ᠲᠣᠭᠲᠠᠭᠠᠯ᠂ ᠠᠷᠭ᠎ᠠ᠂ ᠨᠠᠷᠢᠨ ᠲᠥᠷᠢᠮ ᠵᠡᠷᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠠ ᠷᠠᠰᠢᠶᠠᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠬᠤᠲᠠ ᠶᠢᠨ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠷᠸ᠎ᠠ  ᠲᠤᠬᠢᠷᠠᠭᠤᠯᠭ᠎ᠠ ᠡᠵᠡᠮᠳᠡᠯ ᠤᠨ ᠬᠠᠷᠠᠯᠲᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠳᠠ ᠶᠢᠨ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠦᠢᠯᠡᠰ ᠤᠨ ᠤᠷᠲᠤᠪᠲᠤᠷ ᠪᠠ ᠤᠷᠳᠤ ᠬᠤᠭᠤᠴᠠᠭᠠᠨ ᠤ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠶᠢ ᠰᠤᠳᠤᠯᠤᠨ ᠲᠣᠭᠲᠠᠭᠠᠵᠤ᠂ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ  ᠪᠤᠢ ᠪᠤᠯᠭᠠᠨ ᠬᠥᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠠᠨ ᠨᠡᠶᠢᠲᠡ ᠶᠢᠨ ᠰᠣᠶᠣᠯ᠂ ᠪᠡᠶ᠎ᠡ ᠶᠢᠨ ᠲᠠᠮᠢᠷ ᠤᠨ ᠲᠠᠯᠠᠪᠤᠷ ᠵᠢᠴᠢ ᠭᠤᠣᠯᠳᠠᠯᠭ᠎ᠠ ᠲᠠᠢ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠥᠯᠥᠪᠵᠢᠭᠦᠯᠵᠦ ᠵᠣᠬᠢᠴᠠᠭᠤᠯᠤᠨ ᠬᠠᠮᠢᠶᠠᠷᠤᠨ᠎ᠠ︔ ᠪᠥᠬᠦ ᠬᠤᠲᠠ ᠶᠢᠨ ᠭᠤᠤᠯ ᠪᠣᠯᠬᠤ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠶᠡᠷᠦᠩᠬᠡᠶ ᠳᠤᠨᠢ ᠠᠬᠢᠭᠤᠯᠬᠤ ᠠᠵᠢᠯ ᠢ ᠬᠠᠷᠢᠭᠤᠴᠠᠨ᠎ᠠ︔ ᠰᠣᠶᠣᠯ᠂ ᠪᠡᠶ᠎ᠡ ᠶᠢᠨ ᠲᠠᠮᠢᠷ ᠪᠣᠯᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ ︔ ᠪᠥᠬᠦ ᠬᠤᠲᠠ ᠶᠢᠨ ᠭᠠᠵᠠᠷ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ   ᠶᠢᠨ ᠪᠤᠷᠤᠯᠠᠭᠤᠯᠭ᠎ᠠ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠲᠦᠷᠪᠡ︶ ᠤᠳᠬ᠎ᠠ ᠵᠣᠬᠢᠶᠠᠯ᠂ ᠤᠷᠠᠯᠢᠭ ᠤᠨ ᠦᠢᠯᠡᠰ ᠢ ᠬᠠᠮᠢᠶᠠᠷᠤᠨ᠎ᠠ︔ ᠨᠡᠶᠢᠭᠡᠮ ᠤᠨ ᠰᠣᠶᠣᠯ ᠤᠨ ᠦᠢᠯᠡᠰ ᠢ ᠬᠠᠮᠢᠶᠠᠷᠴᠤ᠂ ᠡᠯ᠎ᠡ ᠲᠦᠷᠦᠯ ᠤᠨ ᠨᠡᠶᠢᠭᠡᠮ ᠤᠨ ᠰᠣᠶᠣᠯ ᠤᠨ ᠦᠢᠯᠡᠰ ᠤᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠤᠨ᠎ᠠ︔ ᠤᠷᠠᠯᠢᠭ ᠤᠨ ᠵᠣᠬᠢᠶᠠᠨ ᠪᠦᠲᠦᠭᠡᠯᠭᠡ ᠪᠠ ᠦᠢᠯᠡᠳᠪᠦᠷᠢᠯᠡᠯ ᠢ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠢᠯᠡᠷᠡᠭᠦᠯᠵᠦ᠂ ᠡᠯ᠎ᠡ ᠲᠦᠷᠤᠯ ᠤᠨ ᠤᠷᠠᠯᠢᠭ᠂ ᠡᠯ᠎ᠡ ᠤᠷᠠᠯᠢᠭ ᠤᠨ ᠲᠦᠷᠤᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ︔ ᠰᠣᠶᠣᠯ ᠤᠷᠠᠯᠢᠭ ᠤᠨ ᠴᠢᠬᠤᠯᠠ ᠶᠡᠭᠡ ᠠᠵᠢᠯᠯᠠᠭ᠎ᠠ ᠶᠢ ᠬᠠᠮᠢᠶᠠᠷᠤᠨ᠎ᠠ︔ ᠪᠥᠬᠦ ᠬᠤᠲᠠ ᠶᠢᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ︔ ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠲᠠᠪᠤ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠪᠠ ᠵᠤᠭᠠᠴᠠᠯ ᠤᠨ ᠣᠯᠠᠨ ᠨᠡᠶᠢᠲᠡ ᠶᠢᠨ  ᠦᠢᠯᠡᠴᠢᠯᠡᠬᠡᠨ ᠤ ᠪᠠᠶᠢᠭᠤᠯᠤᠯᠲᠠ ᠶᠢ ᠠᠬᠢᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ ᠰᠣᠶᠣᠯ ᠪᠠ  ᠵᠤᠭᠠᠴᠠᠯ ᠤᠨ ᠠᠵᠢᠯ ᠲᠦᠷᠦᠯ ᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃      ︵ᠲᠤᠯᠤᠭ᠎ᠠ︶ ᠨᠣᠮ ᠤᠨ ᠰᠡᠩ ᠤᠨ ᠦᠢᠯᠡᠰ ᠢ ᠬᠠᠮᠢᠶᠠᠷᠴᠤ᠂ ᠨᠣᠮ ᠪᠢᠴᠢᠭ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠳᠦᠭᠡᠠ ᠪᠠᠶᠢᠭᠤᠯᠤᠯᠲᠠ᠂ ᠨᠡᠭᠡᠭᠡᠨ ᠠᠰᠢᠭᠯᠠᠯᠲᠠ ᠪᠠ ᠠᠰᠢᠭᠯᠠᠯᠲᠠ ᠶᠢ ᠵᠢᠯᠣᠭᠤᠳᠤᠨ᠎ᠠ︔ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ᠂ ᠰᠣᠶᠣᠯ ᠦᠵᠡᠰᠬᠦᠯᠡᠩ ᠤᠨ  ᠦᠢᠯᠡᠰ ᠤᠨ ᠬᠠᠮᠢᠶᠠᠷᠤᠯᠲᠠ ᠶᠢ ᠴᠢᠩᠭᠠᠳᠬᠠᠨ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃    ︵ᠨᠠᠢᠮᠠ︶ ᠰᠣᠶᠣᠯ᠂ ᠵᠤᠭᠠᠴᠠᠯ ᠪᠠ ᠪᠡᠶ᠎ᠡ ᠶᠢᠨ ᠲᠠᠮᠢᠷ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠭ᠎ᠠ᠂ ᠳᠡᠯᠭᠡᠷᠡᠭᠦᠯᠦᠯᠲᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠲᠤᠮᠤ ᠬᠡᠯᠪᠡᠷᠢ ᠶᠢᠨ ᠰᠣᠶᠣᠯ ᠪᠠ ᠵᠤᠭᠠᠴᠠᠯ ᠤᠨ ᠲᠠᠯ᠎ᠠ ᠪᠠᠷ ᠭᠠᠳᠠᠭᠠᠳᠤ ᠳᠤ ᠵᠣᠷᠢᠭᠤᠯᠤᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠨ᠎ᠠ᠃      ︵ᠶᠢᠰᠦ︶ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠮᠢᠶᠠᠷᠴᠤ᠂ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠠᠷᠪᠠ︶ ᠪᠥᠬᠦ ᠬᠤᠲᠠ ᠶᠢᠨ ᠵᠤᠭᠠᠴᠠᠯ ᠤᠨ ᠵᠠᠬ᠎ᠠ ᠳᠡᠯᠭᠡᠭᠦᠷ ᠢ  ᠪᠤᠢ ᠪᠤᠯᠭᠠᠨ ᠲᠡᠭᠦᠯᠳᠡᠷᠵᠢᠭᠦᠯᠵᠦ᠂ ᠪᠥᠬᠦ ᠬᠤᠲᠠ ᠶᠢᠨ  ᠵᠤᠭᠠᠴᠠᠯ ᠤᠨ  ᠦᠢᠯᠡᠰ ᠢ ᠬᠥᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ︔ ᠪᠥᠬᠦ ᠬᠤᠲᠠ ᠶᠢᠨ  ᠵᠤᠭᠠᠴᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠭᠠᠳᠠᠭᠠᠳᠤ ᠤᠬᠠᠭᠤᠯᠭ᠎ᠠ ᠪᠠ ᠴᠢᠬᠤᠯᠠ ᠶᠡᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ︔ ᠪᠥᠬᠦ  ᠤᠷᠤᠨ  ᠪᠦᠰᠡ ᠶᠢᠨ ᠵᠤᠭᠠᠴᠠᠯ᠂ ᠳᠥᠷᠪᠡᠨ ᠤᠯᠠᠷᠢᠯ ᠤᠨ  ᠵᠤᠭᠠᠴᠠᠯ ᠪᠠ ᠴᠢᠬᠤᠯᠠ ᠵᠤᠭᠠᠴᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠠᠬᠢᠭᠤᠯᠤᠨ᠎ᠠ᠃      ︵ᠠᠷᠪᠠᠨ ᠨᠢᠭᠡ︶  ᠵᠤᠭᠠᠴᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠥᠯᠥᠪᠵᠢᠭᠦᠯᠭᠡ᠂ ᠨᠡᠭᠡᠭᠡᠯᠳᠡ ᠪᠠ ᠬᠠᠮᠢᠶ᠎ᠠ ᠪᠥᠬᠦᠢ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠭᠤᠣᠯᠳᠠᠯᠭ᠎ᠠ ᠲᠠᠢ ᠵᠤᠭᠠᠴᠠᠯ ᠤᠨ ᠣᠷᠣᠨ ᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ︔ ᠠᠮᠠᠷᠠᠯᠲᠠ ᠶᠢᠨ ᠡᠳᠦᠷ ᠤᠨ ᠵᠤᠭᠠᠴᠠᠯ ᠪᠠ ᠬᠤᠪᠢᠰᠬᠠᠯ ᠤᠨ ᠳᠤᠷᠠᠰᠬᠠᠯᠲᠤ  ᠵᠤᠭᠠᠴᠠᠯ ᠤᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠬᠢᠯᠢ ᠠᠴᠠ ᠭᠠᠷᠴᠤ  ᠵᠤᠭᠠᠴᠠᠬᠤ ᠪᠠ ᠬᠢᠯᠢ ᠪᠠᠷ  ᠵᠤᠭᠠᠴᠠᠬᠤ‌ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠡᠷᠬᠡ ᠣᠯᠭᠤᠯᠲᠠ ᠶᠢ ᠦᠨᠳᠦᠰᠦᠯᠡᠨ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠵᠤᠭᠠᠴᠠᠯ ᠤᠨ ᠬᠡᠯᠡᠯᠴᠡᠭᠡᠷ ᠲᠣᠭᠲᠠᠭᠠᠵᠤ᠂  ᠵᠤᠭᠠᠴᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠵᠢᠯᠣᠭᠤᠳᠤᠨ᠎ᠠ᠃      ︵ᠠᠷᠪᠠᠨ ᠭᠤᠷᠪᠠ︶ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ  ᠦᠢᠯᠡᠴᠢᠯᠡᠬᠡᠨ ᠤ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠵᠤᠭᠠᠴᠠᠬᠴᠢ ᠶᠢᠨ ᠵᠠᠭᠠᠯᠳᠤᠯᠭ᠎ᠠ ᠶᠢ ᠭᠥᠯᠢᠶᠡᠨ ᠠᠪᠴᠤ᠂ ᠵᠤᠭᠠᠴᠠᠬᠴᠢ ᠶᠢᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠨ᠎ᠠ᠃     ︵ᠠᠷᠪᠠᠨ ᠳᠥᠷᠪᠡ︶ ︽ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ︔ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠪᠠ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠦᠬᠦᠭᠡᠷᠦᠮᠵᠢ ᠶᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠥᠬᠦ ᠬᠤᠲᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠣᠬᠢᠶᠠᠨ ᠪᠠᠶᠢᠭᠤᠯᠤᠨ  ᠵᠢᠯᠤᠭᠤᠳᠤᠨ᠎ᠠ᠃      ︵ᠠᠷᠪᠠᠨ ᠲᠠᠪᠤ︶ ᠷᠠᠰᠢᠶᠠᠨ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ  ᠵᠦᠢᠯ ᠤᠨ ᠪᠠᠶᠢᠷᠢᠯᠠᠭᠤᠯᠤᠯᠲᠠ ᠪᠠ ᠪᠠᠶᠢᠷᠢᠰᠢᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ︔ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ  ᠬᠥᠭᠡᠷᠦᠭᠦᠯᠬᠦ ᠡᠮ   ᠬᠡᠷᠡᠭᠯᠡᠬᠦ ᠶᠢ ᠡᠰᠡᠷᠬᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠵᠢᠷᠭᠤᠭ᠎ᠠ︶ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠵᠢᠴᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠢ ᠲᠠᠭᠠᠭᠠᠴᠢᠯᠠᠨ ᠡᠷᠭᠢᠯᠡᠬᠦ ᠪᠠ ᠲᠡᠭᠦᠨ ᠳᠤ ᠣᠷᠣᠯᠴᠠᠬᠤ ᠶᠢ ᠵᠣᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠲᠠᠮᠢᠷ ᠤᠨ ᠤᠷᠤᠯᠳᠤᠭᠠᠨ ᠢ ᠭᠤᠣᠯᠯᠠᠨ ᠡᠷᠬᠢᠯᠡᠨ᠎ᠡ᠃ ᠪᠦᠬᠦ ᠬᠤᠳᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠭᠦᠯᠦᠨ ᠬᠠᠮᠢᠶᠠᠷᠤᠨ᠎ᠠ︔ ᠪᠡᠶ᠎ᠡ ᠶᠢᠨ ᠲᠠᠮᠢᠷ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠬᠠᠮᠢᠶᠠᠷᠴᠤ᠂ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃      ︵ᠠᠷᠪᠠᠨ ᠲᠤᠯᠤᠭ᠎ᠠ︶ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠨᠡᠭᠡᠭᠡᠨ ᠠᠰᠢᠭᠯᠠᠬᠤ  ᠶᠢ ᠬᠠᠷᠢᠭᠤᠴᠠᠨ᠎ᠠ᠃      ︵ᠠᠷᠪᠠᠨ ᠨᠠᠢᠮᠠ︶ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ  ᠵᠦᠢᠯᠡᠰ ᠤᠨ ᠶᠣᠰᠣᠭᠠᠷ᠂ ᠰᠣᠶᠣᠯ᠂  ᠵᠤᠭᠠᠴᠠᠯ ᠪᠠ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠨ ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠶᠢ  ᠬᠦᠢᠴᠡᠳᠬᠡᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠠᠷᠪᠠ ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ  ᠠᠴᠠ ᠲᠠᠭᠠᠭᠠᠯᠭᠠᠬᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号