ᠷᠠᠰᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/31
     ᠷᠠᠰᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ  ᠰᠠᠯᠠᠭ᠎ᠠ ᠶᠢᠨ ᠲᠠᠰ ᠤᠨ ᠪᠠᠶᠢᠭᠤᠯᠭ᠎ᠠ ᠪᠣᠯᠤᠨ᠎ᠠ᠃      ᠷᠡᠰᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ︵ᠬᠤᠶᠠᠷ︶  ᠪᠦᠬᠦ ᠠᠷᠠᠳ ᠤᠨ  ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠮᠵᠢᠨ ᠵᠢᠷᠤᠬᠤ ᠵᠡᠷᠭᠡ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃      ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠨ ᠦᠨᠡᠯᠡᠬᠦ ᠶᠢ ᠬᠠᠷᠢᠭᠤᠴᠠᠨ᠎ᠠ᠃ ᠳᠡᠭᠡᠳᠦ ᠱᠠᠲᠤᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠬᠦᠢᠴᠡᠳᠬᠡᠯ ᠲᠣᠭᠠᠨ ᠤ ᠰᠢᠰᠲ᠋ᠧᠮ ᠪᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠥᠬᠦ ᠬᠤᠲᠠ ᠶᠢᠨ ᠨᠢᠭᠡᠳᠦᠯᠲᠡᠶ ᠲᠦᠷᠢᠮᠵᠢᠬᠦᠯᠥᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠨ ᠦᠨᠡᠯᠡᠬᠦ ᠲᠦᠷᠢᠮ ᠢ ᠪᠠᠶᠢᠭᠤᠯᠤᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠲᠥᠷᠥᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠲᠣᠬᠠᠢ ᠬᠢᠨᠠᠨ ᠬᠠᠮᠢᠶᠠᠷᠣᠯᠳᠡ ᠪᠠ ᠰᠣᠷᠠᠭ ᠵᠠᠩᠭᠢ ᠶᠢᠨ ᠨᠡᠶᠢᠲᠡᠯᠡᠯ ᠢ ᠬᠠᠷᠢᠭᠤᠴᠠᠨ᠎ᠠ᠃      ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ᠂ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠤᠨ ᠬᠡᠷᠡᠭᠯᠡᠯᠳᠡ ᠶᠢᠨ ᠲᠦᠷᠢᠮ᠂ ᠪᠠᠷᠢᠮᠵᠢᠶ᠎ᠠ᠂ ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠣᠷᠠᠭ  ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠲᠠᠪᠤ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃  ᠪᠦᠬᠦ ᠠᠷᠠᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠦᠷᠢᠳᠬᠡᠬᠦ ᠲᠦᠷᠢᠮ ᠢ ᠬᠡᠷᠡᠭᠵᠢᠭᠦᠯᠵᠦ᠂ ᠪᠦᠬᠦ ᠠᠷᠠᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠣᠩᠭᠡ ᠶᠢᠨ ᠬᠢᠨᠠᠨ ᠬᠠᠷᠭᠤᠭᠤᠯᠳᠡ ᠶᠢ ᠬᠠᠷᠢᠭᠤᠴᠠᠨ᠎ᠠ᠃ ᠪᠦᠬᠦ ᠠᠷᠠᠳ  ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠡᠭᠤᠯᠣᠨ᠂ ᠰᠢᠯᠭᠠᠨ ᠬᠢᠨᠠᠬᠤ ᠠᠷᠭ᠎ᠠ ᠬᠡᠮᠵᠢᠶ᠎ᠠ ᠶᠢ ᠭᠡᠷᠡᠭᠵᠢᠬᠦᠯᠣᠨ᠎ᠠ᠃ ᠪᠦᠬᠦ ᠠᠷᠠᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠠ ᠲᠣᠬᠳᠡᠭᠠᠵᠣ ᠪᠡᠯᠡ ᠭᠠᠷᠭᠠᠬᠤ ᠪᠠ ᠭᠠᠵᠠᠷ ᠰᠢᠷᠣᠶ ᠶᠢ ᠨᠥᠭᠡᠴᠡᠯᠡᠬᠦ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠷᠠᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠣᠩᠭᠡ ᠶᠢ ᠵᠦᠢ ᠵᠣᠬᠢᠰᠳᠡᠢ ᠲᠣᠬᠢᠷᠡᠭᠤᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ᠎ᠠ᠃      ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ ᠲᠠᠰ ᠲᠣᠭᠲᠠᠭᠠᠵᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠨ ᠰᠢᠯᠭᠠᠬᠤ ᠠᠵᠢᠯ ᠢ ᠥᠷᠨᠢᠭᠦᠯᠦᠨ᠂ ᠡᠨᠧᠷᠬᠢ ᠠᠷᠪᠢᠯᠠᠵᠤ ᠲᠦᠪᠯᠠᠷᠡᠬᠦᠯᠣᠨ ᠠᠰᠢᠭᠯᠠᠬᠤ ᠶᠢ ᠵᠢᠯᠣᠭᠤᠳᠣᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠡ ᠶᠢ ᠬᠠᠷᠢᠭᠤᠴᠠᠨ᠎ᠠ᠃ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠵᠣᠬᠢᠶᠠᠨ ᠪᠠᠶᠢᠭᠤᠯᠣᠨ ᠰᠣᠳᠣᠯᠣᠨ᠎ᠠ᠃      ︵ᠳᠣᠯᠤᠭ᠎ᠠ︶ ᠪᠥᠬᠦ ᠬᠤᠲᠠ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃  ᠭᠤᠤᠯ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠪᠠ ᠲᠦᠷᠢᠮ ᠢ ᠲᠠᠨᠢᠯᠴᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠯᠳᠣ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠬᠦ ᠰᠢᠰᠲ᠋ᠧᠮ ᠢ ᠪᠠᠶᠢᠭᠤᠯᠣᠨ᠎ᠠ᠃ ᠪᠦᠬᠦ ᠬᠤᠳᠠ ᠶᠢ ᠵᠣᠬᠢᠶᠠᠨ ᠪᠠᠶᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠱᠣᠭᠤᠮ ᠵᠡᠷᠭᠡ ᠡᠵᠡᠮᠳᠡᠯ ᠤᠨ ᠱᠤᠭᠤᠮ ᠢ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ ᠬᠡᠷᠡᠭᠵᠢᠭᠦᠯᠣᠨ᠎ᠠ᠂ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃      ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢᠨ ᠰᠡᠷᠭᠦᠭᠡᠯᠲᠡ ᠶᠢ ᠨᠢᠭᠡᠳᠦᠯᠲᠡᠶ ᠲᠦᠯᠣᠪᠵᠢᠬᠦᠯᠬᠦ ᠶᠢ ᠬᠠᠷᠢᠭᠤᠴᠠᠨ᠎ᠠ᠃ ᠪᠦᠬᠦ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠮᠢ ᠠᠬᠤᠶ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠨᠠᠶᠢᠷᠡᠭᠤᠯᠣᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠰᠣᠩᠭᠤᠬᠤ ᠳᠤ ᠪᠡᠯᠡᠳᠬᠡᠬᠦ ᠵᠦᠢᠯᠡᠰ ᠢ ᠳᠤᠷᠠᠳᠤᠨ ᠭᠠᠷᠭᠠᠨ᠎ᠠ᠃      ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠠᠭᠠᠭᠤᠯᠣᠨ ᠬᠡᠷᠡᠭᠵᠢᠭᠦᠯᠵᠦ᠂ ᠪᠥᠬᠦ ᠬᠤᠲᠠ ᠶᠢᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃      ︵ᠠᠷᠪᠠ︶ ᠭᠠᠵᠠᠷ ᠰᠢᠨᠵᠢᠯᠡᠭᠡᠨ ᠢ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠦᠬᠦ ᠬᠤᠳᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠦᠬᠦ ᠬᠤᠲᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠡ ᠶᠢᠨ ᠲᠥᠷᠥᠯ ᠵᠦᠢᠯ ᠢ ᠬᠢᠨᠠᠵᠤ ᠬᠠᠮᠢᠶᠠᠷᠤᠨ᠎ᠠ᠃ ᠪᠦᠬᠦ ᠬᠤᠳᠠ ᠶᠢᠨ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠪᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠭᠠᠵᠠᠷ  ᠰᠢᠨᠵᠢᠯᠡᠬᠡᠨ ᠤ ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ  ᠬᠡᠮᠵᠢᠶᠠᠨ ᠠᠴᠠ ᠬᠡᠳᠣᠷᠡᠳᠡᠯ᠎ᠠ ᠨᠡᠭᠡᠭᠡᠨ  ᠠᠰᠢᠬᠯᠠᠬᠤ ᠵᠢᠴᠢ ᠭᠠᠵᠠᠷ ᠤᠨ ᠭᠠᠳᠠᠷᠭᠤ ᠲᠤᠷᠤᠬᠰᠢ ᠰᠠᠭᠤᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠪᠦᠬᠦ ᠬᠤᠲᠠ ᠶᠢᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠠᠷᠪᠠᠨ ᠨᠢᠭᠡ︶ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠭᠠᠵᠠᠷ ᠰᠢᠨᠵᠢᠯᠡᠬᠡᠨ ᠤ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠣᠯᠠᠨ ᠢᠶᠠᠷ ᠢᠶᠠᠨ  ᠬᠢᠨᠡᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠯᠳᠡ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠵᠢᠴᠢ ᠭᠠᠵᠠᠷ ᠤᠨ ᠭᠠᠶ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠪᠥᠬᠦ ᠬᠤᠲᠠ ᠶᠢᠨ ᠭᠠᠵᠠᠷ ᠰᠢᠨᠵᠢᠯᠡᠬᠡᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢ ᠶᠢᠨ ᠠᠵᠢᠯ ᠢ ᠡᠭᠦᠷᠭᠡᠯᠡᠨ᠎ᠡ᠃      ︵ᠠᠷᠪᠠᠨ ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠠᠵᠢᠯ ᠢ ᠬᠠᠷᠢᠭᠤᠴᠠᠨ᠎ᠠ ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠦᠭᠡᠴᠠᠯᠠᠯᠳᠡ ᠶᠢᠨ ᠬᠡᠮᠵᠢᠶᠠᠨ ᠤ ᠬᠠᠮᠢᠶᠠᠷᠣᠯᠳᠡ ᠶᠢ ᠬᠠᠷᠢᠭᠤᠴᠠᠨ᠎ᠠ᠃ ᠪᠥᠬᠦ ᠬᠤᠲᠠ ᠶᠢᠨ ᠠᠭᠤᠷᠬᠠᠶ ᠶᠢᠨ ᠣᠶᠢᠯᠡᠰ ᠤᠨ ᠡᠷᠬᠡ ᠶᠢᠨ ᠬᠢᠨᠠᠯᠲᠠ ᠬᠠᠮᠢᠶᠠᠷᠣᠯᠳᠡ ᠶᠢ ᠬᠠᠷᠢᠭᠤᠴᠠᠨ᠎ᠠ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠰᠠᠨ ᠣᠨᠴᠠ ᠲᠣᠭᠲᠠᠭᠰᠠᠨ ᠠᠭᠤᠷᠬᠠᠶ ᠶᠢᠨ ᠲᠥᠷᠥᠯ ᠵᠦᠢᠯ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠥᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠯᠳᠡ ᠪᠠ ᠬᠠᠮᠠᠭᠠᠯᠠᠯᠳᠡ ᠶᠢ ᠦᠷᠨᠢᠬᠦᠯᠣᠨ᠎ᠠ᠃      ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠢ ᠶᠢᠨ ᠰᠣᠷᠠᠭ ᠵᠠᠩᠭᠢ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠭᠠᠵᠠᠷ ᠵᠦᠶ ᠶᠢᠨ ᠰᠣᠷᠠᠭ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠷᠢᠭᠤᠴᠠᠨ᠎ᠠ᠃ ᠪᠥᠬᠦ ᠬᠤᠲᠠ ᠶᠢᠨ ᠭᠠᠵᠠᠷ ᠵᠦᠶ ᠶᠢᠨ ᠰᠣᠷᠠᠭ ᠵᠠᠩᠭᠢ ᠶᠢᠨ ᠣᠯᠠᠨ ᠨᠡᠶᠢᠲᠡ ᠶᠢᠨ ᠣᠶᠢᠯᠡᠴᠢᠯᠡᠭᠡᠨ ᠤ ᠬᠠᠮᠢᠶᠠᠷᠣᠯᠳᠡ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠷᠢᠶ᠎ᠠ ᠲᠣᠭᠤᠷᠢᠭ ᠤᠨ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃     ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠬᠡᠮᠵᠢᠨ ᠵᠢᠷᠤᠬᠤ ᠮᠡᠷᠭᠡᠵᠢᠯ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠷᠭᠡᠵᠢᠯ ᠤᠨ ᠪᠠᠷᠢᠮᠵᠢᠶ᠎ᠠ᠂ ᠳᠦᠷᠢᠮᠵᠢᠯ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠣᠷᠠᠭ ᠵᠠᠩᠭᠢᠵᠢᠯᠲᠠ ᠪᠠ ᠰᠣᠷᠠᠭ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠣᠶᠢᠯᠡᠴᠢᠯᠡᠭᠡ ᠶᠢ ᠠᠬᠢᠭᠤᠯᠤᠨ᠎ᠠ᠃     ︵ᠠᠷᠪᠠᠨ ᠲᠠᠪᠤ︶ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠢᠴᠢ ᠬᠡᠮᠵᠢᠨ ᠵᠢᠷᠤᠬᠤ ᠲᠠᠯ᠎ᠠ ᠪᠠᠷ ᠬᠠᠤᠯᠢ ᠠᠴᠠ ᠵᠥᠷᠢᠴᠡᠭᠰᠡᠨ ᠬᠡᠷᠡᠭ ᠶᠠᠪᠣᠳᠡᠯ ᠢ ᠬᠠᠷᠢᠭᠤᠴᠠᠨ ᠪᠠᠶᠢᠴᠠᠭᠠᠨ ᠰᠢᠢᠳᠪᠦᠷᠢᠯᠡᠨ᠎ᠡ᠃      ︵ᠠᠷᠪᠠᠨ ᠵᠢᠷᠭᠤᠭ᠎ᠠ︶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃      ︵ᠠᠷᠪᠠᠨ ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号