ᠷᠠᠰᠢᠶᠠᠨ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠦᠯᠳᠠ ᠶᠢᠨ  ᠲᠤᠪᠴᠢᠶ᠎ᠠ
ᠨᠡᠶᠢᠲᠡᠯᠡᠭᠰᠡᠨ ᠴᠠᠭ᠄
2021/5/31
     ᠷᠠᠰᠢᠶᠠᠨ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠤᠨ ᠪᠠᠶᠢᠭᠤᠯᠭ᠎ᠠ  ᠪᠣᠯᠤᠨ᠎ᠠ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠪᠠᠯᠭᠠᠰᠤ ᠵᠡᠭᠡᠯᠢ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠢ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ   ᠤ ᠠᠵᠢᠯ ᠲᠥᠷᠥᠯ   ᠤᠨ ᠠᠶᠦᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠬᠤᠶᠠᠷ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ᠂ ᠠᠶᠦᠯᠬᠦᠢ ᠦᠢᠯᠡᠳᠪᠦᠷᠢᠯᠡᠯ ᠪᠠ  ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠪᠠ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃      ︵ᠭᠤᠷᠪᠠ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠱᠠᠲᠤᠨ ᠤ ᠡ᠊ᠨᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ  ᠠᠷᠭᠠᠴᠠᠭᠠᠬᠤ ᠲᠦᠷᠢᠮ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠲᠥᠰᠦᠯ ᠪᠠ ᠠᠶᠤᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ  ᠵᠦᠢᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ  ᠠᠷᠭᠠᠴᠠᠭᠠᠬᠤ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠵᠦ ᠠᠶᠤᠯ ᠠᠴᠠ ᠵᠠᠶᠢᠯᠠᠬᠤ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠲᠡᠬᠦᠯᠳᠡᠷᠵᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃      ︵ᠲᠠᠪᠤ︶ ᠪᠥᠬᠦ ᠬᠤᠲᠠ ᠶᠢᠨ  ᠠᠶᠦᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠪᠥᠬᠦ ᠬᠤᠲᠠ ᠶᠢᠨ ᠨᠡᠯᠢᠶᠡᠳ ᠶᠡᠭᠡ ᠭᠠᠮᠰᠢᠭ ᠢ  ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ  ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠳᠡᠭᠡᠳᠦ ᠱᠠᠲᠤ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠡᠯ᠎ᠡ ᠲᠥᠷᠥᠯ ᠤᠨ ᠪᠠᠴᠢᠮ ᠪᠠᠶᠢᠳᠠᠯ ᠢ  ᠠᠷᠭᠠᠴᠠᠭᠠᠬᠤ ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠤᠨ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠬᠦ ᠡᠩᠨᠡᠭᠡ ᠶᠢ ᠵᠣᠯᠭᠠᠭᠤᠯᠬᠤ ᠪᠠ ᠵᠣᠯᠭᠠᠭᠤᠯᠬᠤ ᠶᠢ ᠠᠬᠢᠭᠤᠯᠵᠤ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠥᠬᠦ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠵᠦ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠵᠦ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠡᠷ  ᠤᠨ ᠭᠠᠮᠰᠢᠭ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠬᠠᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠶ ᠭᠠᠮᠰᠢᠭ ᠠᠴᠠ ᠠᠪᠤᠷᠠᠨ ᠲᠤᠰᠠᠯᠠᠬᠤ᠂  ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠪᠠᠯᠭᠠᠰᠤ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠦ  ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃      ︵ᠲᠤᠯᠤᠭ᠎ᠠ︶ ᠪᠥᠬᠦ ᠬᠤᠳᠠ ᠶᠢᠨ ᠭᠠᠯ  ᠲᠤᠶᠢᠮᠡᠷ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ  ᠲᠤᠶᠢᠮᠡᠷ ᠤᠨ ᠠᠶᠤᠯ   ᠢ ᠰᠡᠷᠭᠡᠶᠢᠯᠡᠬᠦ᠂ ᠭᠠᠯ ᠲᠤᠶᠢᠮᠡᠷ ᠢ ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠵᠢᠯ ᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠴᠠᠭᠤᠯᠤᠨ ᠵᠢᠯᠣᠭᠤᠳᠤᠨ᠎ᠠ᠃      ︵ ᠨᠠᠢᠮᠠ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠠᠶᠤᠯ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠬᠦᠳᠡᠯᠦᠯᠳᠡ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠥᠬᠦ ᠬᠤᠲᠠ ᠶᠢᠨ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠥᠬᠦ ᠬᠤᠲᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠳᠤ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠣᠯᠤᠨ ᠮᠠᠨ ᠤ ᠬᠤᠲᠠ ᠶᠢᠨ ᠭᠠᠮᠰᠢᠭ ᠠᠴᠠ ᠠᠪᠤᠷᠬᠠᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃      ︵ᠠᠷᠪᠠ︶ ᠬᠤᠲᠠ ᠶᠢᠨ  ᠠᠶᠦᠯᠬᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠪᠠᠯᠭᠠᠰᠤ ᠵᠡᠭᠡᠯᠢ ᠶᠢᠨ  ᠠᠶᠦᠯᠬᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ ᠪᠠᠶᠢᠴᠠᠭᠠᠵᠤ᠂ ᠠᠶᠦᠯᠬᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠠᠷᠪᠠᠨ ᠨᠢᠭᠡ︶ ᠱᠠᠳᠤ ᠬᠤᠪᠢᠶᠠᠬᠤ ᠵᠠᠷᠴᠢᠮ ᠤᠨ ᠶᠣᠰᠣᠭᠠᠷ᠂ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠦᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠦᠯᠬᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠥᠬᠦᠢ ᠲᠥᠬᠦᠭᠡᠷᠦᠮᠵᠢ ︵ᠣᠨᠴᠠ ᠲᠥᠷᠥᠯ   ᠤᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂  ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ   ᠤᠨ  ᠠᠶᠤᠯᠬᠦᠢ ᠶᠢᠨ ᠬᠠᠮᠢᠶᠠᠷᠤᠯᠲᠠ ᠶᠢᠨ ᠠᠵᠢᠯ  ᠲᠤ ᠬᠠᠤᠯᠢ ᠶᠣᠰᠣᠭᠠᠷ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃          ︵ᠠᠷᠪᠠᠨ ᠬᠤᠶᠠᠷ︶ ᠪᠥᠬᠦ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ  ᠡ᠊ᠨᠳᠡᠯ ᠢ ᠪᠠᠶᠢᠴᠠᠭᠠᠨ  ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠭᠤᠷᠪᠠ︶ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢ ᠨᠥᠭᠡᠴᠡᠯᠡᠬᠦ ᠪᠠ ᠪᠠᠴᠢᠮ ᠪᠠᠶᠢᠳᠠᠯ ᠢ  ᠠᠷᠭᠠᠴᠠᠭᠠᠵᠦ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠭᠠᠮᠰᠢᠭ ᠠᠴᠠ ᠠᠪᠤᠷᠠᠬᠤ ᠳᠠᠭᠠᠨ ᠨᠢᠭᠡᠳᠦᠯᠲᠡᠶ ᠳᠣᠭᠢᠷᠠᠭᠤᠯᠤᠨ᠎ᠠ᠃      ︵ᠠᠷᠪᠠᠨ ᠳᠥᠷᠪᠡ︶ ᠪᠥᠬᠦ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ  ᠬᠠᠮᠢᠶᠠᠷᠤᠯᠲᠠ᠂  ᠠᠶᠦᠯᠬᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ  ᠪᠤᠯᠪᠠᠰᠦᠷᠠᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠠᠶᠦᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ  ᠠᠴᠠ ᠲᠠᠭᠠᠭᠠᠯᠭᠠᠬᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号