ᠷᠠᠰᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/31
     ᠷᠠᠰᠢᠶᠠᠨ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ  ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠲᠡᠰ ᠤᠨ ᠪᠠᠶᠢᠭᠤᠯᠭ᠎ᠠ ᠪᠣᠯᠤᠨ᠎ᠠ᠃ ᠷᠠᠰᠢᠶᠠᠨ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ ᠤᠨ ᠫᠠᠶᠢᠰᠠ ᠲᠠᠢ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ   ᠤ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠴᠢᠭᠯᠡᠯᠲᠡ᠂ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠷᠠᠰᠢᠶᠠᠨ ᠬᠤᠳᠠ ᠶᠢᠨ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠪᠣᠯᠤᠨ ᠥᠭᠡᠷᠡᠴᠢᠯᠡᠯᠲᠡ ᠶᠢᠨ ᠲᠥᠰᠦᠯ   ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠤᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠷᠠᠰᠢᠶᠠᠨ ᠬᠤᠲᠠ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠤᠬᠳᠠᠯᠴᠠᠭ᠎ᠠ ᠶᠢᠨ ᠥᠭᠡᠷᠡᠴᠢᠯᠡᠯᠲᠡ ᠶᠢ  ᠠᠬᠢᠭᠤᠯᠤᠨ᠎ᠠ᠃      ︵ᠬᠤᠶᠠᠷ︶ ᠷᠠᠰᠢᠶᠠᠨ ᠬᠤᠲᠠ ᠶᠢᠨ ᠲᠣᠰ ᠱᠠᠲᠤᠨ ᠤ ᠡᠯ᠎ᠡ  ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠪᠥᠬᠦ ᠬᠤᠲᠠ ᠶᠢᠨ ᠲᠣᠰ ᠱᠠᠲᠤᠨ ᠤ ᠲᠥᠰᠦᠪ ᠪᠠ ᠲᠥᠰᠦᠪ ᠤᠨ ᠬᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠠᠷᠤᠳᠠᠯ ᠤᠨ ᠵᠠᠷᠤᠯᠭ᠎ᠠ ᠶᠢᠨ ᠲᠥᠯᠥᠪᠯᠡᠭᠡ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠦᠪ ᠪᠠ ᠲᠥᠰᠦᠪ ᠤᠨ ᠬᠦᠢᠴᠡᠳᠬᠡᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠷᠠᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ  ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠬᠡᠯ ᠪᠣᠯᠤᠨ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠪᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠷᠠᠰᠢᠶᠠᠨ ᠬᠤᠲᠠ ᠶᠢᠨ ᠡᠳ᠋ ᠤᠨ ᠵᠠᠰᠠᠭ ᠠᠴᠠ ᠪᠠᠯᠠ ᠭᠠᠷᠭᠠᠭᠰᠠᠨ ᠡᠳ᠋ ᠬᠥᠷᠥᠩᠭᠡ ᠶᠢᠨ ᠷᠠᠰᠢᠶᠠᠨ ᠬᠤᠲᠠ ᠶᠢᠨ ᠲᠣᠰ ᠱᠠᠲᠤᠨ ᠤ ᠲᠥᠰᠦᠪ ᠪᠠ ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠷᠠᠰᠢᠶᠠᠨ ᠬᠤᠲᠠ ᠶᠢᠨ ᠡᠳ᠋ ᠤᠨ ᠵᠠᠰᠠᠭ ᠬᠢᠭᠡᠳ ᠠᠶᠢᠮᠠᠭ ᠤᠨ ᠱᠠᠲᠤᠨ ᠠᠴᠠ ᠳᠡᠭᠡᠭᠰᠢᠬᠢ ᠡᠳ᠋ ᠤᠨ ᠵᠠᠰᠠᠭ᠂ ᠳᠥᠷᠪᠡᠨ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠤᠨ ᠵᠢᠯ ᠤᠨ ᠡᠴᠦᠰ ᠤᠨ ᠳ᠋ᠦᠩᠨᠡᠨ ᠪᠤᠳᠤᠬᠤ ᠶᠠᠪᠤᠳᠠᠯ ᠢ ᠬᠦᠢᠴᠡᠳᠬᠡᠨ᠎ᠡ᠃      ︵ᠭᠤᠷᠪᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠲᠣᠭᠲᠠᠭᠠᠵᠤ᠂ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃      ︵ᠳᠥᠷᠪᠡ︶ ᠪᠥᠬᠦ ᠬᠤᠲᠠ ᠶᠢᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ  ᠲᠠᠯᠪᠢᠨ᠎ᠠ᠃      ︵ᠲᠠᠪᠤ︶ ᠵᠠᠰᠠᠭ   ᠤᠨ ᠣᠷᠳᠣᠨ ᠤᠯᠤᠰ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠳᠠ ᠶᠢᠨ ᠲᠥᠷᠢᠮ ᠪᠣᠯᠤᠨ ᠲᠥᠷᠥ ᠶᠢᠨ ᠪᠤᠳᠤᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢ ᠨᠢᠭᠡᠳᠦᠯᠲᠡᠶ ᠬᠠᠮᠢᠶᠠᠷᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠤᠯᠤᠰ ᠤᠨ ᠥᠮᠴᠢᠯᠡᠯᠳᠤ ᠡᠳ᠋ ᠬᠥᠷᠥᠩᠭᠡ   ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠷᠠᠰᠢᠶᠠᠨ ᠬᠤᠲᠠ ᠶᠢᠨ ᠲᠣᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ  ᠬᠦᠢᠯᠬᠡᠬᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ  ᠬᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ  ᠬᠦᠢᠯᠬᠡᠬᠡᠨ ᠤ ᠬᠥᠷᠥᠩᠭᠡ ᠶᠢᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠮᠥᠩᠭᠦᠨ ᠬᠦᠢᠯᠬᠡᠬᠡᠨ ᠤ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ  ᠬᠦᠢᠯᠬᠡᠬᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ   ᠤᠨ ᠨᠢᠭᠡᠴᠡ ᠶᠢᠨ ᠤᠯᠤᠰ   ᠤᠨ ᠥᠮᠴᠢᠯᠡᠯᠳᠤ  ᠡᠳ᠋ ᠬᠥᠷᠥᠩᠭᠡ   ᠶᠢᠨ ᠬᠠᠮᠢᠶᠠᠷᠤᠯᠲᠠ ᠶᠢᠨ ᠲᠥᠷᠢᠮ ᠲᠣᠭᠲᠠᠭᠠᠯ   ᠢ ᠲᠤᠭᠤᠷᠪᠢᠨ ᠲᠣᠭᠲᠠᠭᠠᠬᠤ   ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠷᠠᠰᠢᠶᠠᠨ ᠬᠤᠳᠠ   ᠶᠢᠨ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ   ᠤᠨ ᠨᠢᠭᠡᠴᠡ   ᠶᠢᠨ ᠤᠯᠤᠰ   ᠤᠨ ᠥᠮᠴᠢᠯᠡᠯᠳᠤ  ᠡᠳ᠋ ᠬᠥᠷᠥᠩᠭᠡ   ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃      ︵ᠳᠣᠯᠤᠭ᠎ᠠ︶ ᠪᠥᠬᠦ ᠬᠤᠲᠠ ᠶᠢᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ  ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠷᠠᠰᠢᠶᠠᠨ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ ᠠᠪᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ  ᠬᠡᠷᠡᠭᠵᠢᠬᠦᠯᠦᠨ᠎ᠡ᠃      ︵ᠨᠠᠢᠮᠠ︶ ᠪᠥᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠥᠬᠦᠶ ᠪᠠᠯᠠ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃      ︵ᠶᠢᠰᠦ︶ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ  ᠬᠦᠢᠴᠡᠳᠬᠡᠵᠦ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ︵ᠮᠥᠩᠭᠦᠨ  ᠬᠦᠢᠯᠬᠡᠬᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠥᠬᠡᠶ︶ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ   ᠤᠨ ᠴᠠᠯᠢᠩ   ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠤᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠪᠠ ᠪᠦᠲᠦᠴᠡ ᠶᠢᠨ ᠲᠤᠬᠢᠷᠠᠭᠤᠯᠤᠯᠳᠡ ᠶᠢ ᠪᠡᠯᠡ ᠭᠠᠷᠭᠠᠭᠰᠠᠨ ᠠᠵᠤ ᠠᠬᠤᠶᠢᠯᠠᠯ   ᠤᠨ ᠤᠯᠤᠰ ᠤᠨ ᠥᠮᠴᠢᠯᠡᠯᠳᠤ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠠᠵᠢᠯ ᠢ ᠵᠣᠬᠢᠶᠠᠨ ᠪᠠᠶᠢᠭᠤᠯᠬᠤ ᠠᠵᠢᠯ  ᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠ︶ ᠷᠠᠰᠢᠶᠠᠨ ᠬᠤᠲᠠ ᠶᠢᠨ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠬᠦᠢᠴᠡᠳᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ ᠲᠣᠭᠲᠠᠭᠠᠨ᠎ᠠ᠃      ︵ᠠᠷᠪᠠᠨ ᠨᠢᠭᠡ︶ ᠪᠥᠬᠦ ᠬᠤᠲᠠ ᠶᠢᠨ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠲᠦᠷᠢᠮᠵᠢᠬᠦᠯᠵᠦ᠂ ᠷᠠᠰᠢᠶᠠᠨ ᠬᠤᠲᠠ ᠶᠢᠨ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠪᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠯᠲᠠ ᠶᠢ ᠵᠢᠯᠣᠭᠤᠳᠬᠤ ᠪᠠ ᠬᠠᠮᠢᠶᠠᠷᠤᠨ᠎ᠠ᠃ ᠡᠳ᠋ ᠬᠥᠷᠥᠩᠭᠡ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃      ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠬᠢᠵᠠᠭᠠᠷᠯᠠᠯ ᠢ ᠬᠢᠨᠠᠨ ᠵᠢᠯᠣᠭᠤᠳᠬᠤ ᠪᠠ ᠲᠦᠷᠢᠮᠵᠢᠬᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃      ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ   ᠠᠴᠠ ᠲᠠᠭᠠᠭᠠᠯᠭᠠᠬᠰᠠᠨ ᠪᠤᠰᠤᠳ ᠠᠵᠢᠯ ᠤᠨ ᠡᠬᠦᠷᠭᠡ ᠶᠢ ᠪᠡᠶᠡᠯᠡᠬᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号