ᠷᠠᠰᠢᠶᠠᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/5/31
      ᠷᠠᠰᠢᠶᠠᠨ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠪᠣᠯ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠲᠡᠰ ᠤᠨ  ᠪᠠᠶᠢᠭᠤᠯᠭ᠎ᠠ ᠪᠣᠯᠤᠨ᠎ᠠ᠃      ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠵᠠᠮ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠶ ᠲᠣᠭᠲᠠᠭᠠᠯ᠂ ᠨᠠᠷᠢᠨ ᠲᠦᠷᠢᠮ ᠢ ᠲᠤᠭᠤᠷᠪᠢᠨ᠎ᠠ᠃ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠥᠬᠦᠶ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠬᠠᠮᠢᠶ᠎ᠠ ᠪᠥᠬᠦᠶ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃      ︵ᠬᠤᠶᠠᠷ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥᠯ  ᠵᠦᠢᠯ᠂ ᠪᠠᠯᠠ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠠᠯᠠ ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ   ᠢ ᠬᠠᠷᠢᠭᠤᠴᠠᠨ᠎ᠠ᠃      ︵ᠭᠤᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ᠂ ᠵᠠᠰᠠᠮᠠᠯ ᠵᠠᠮ ᠳᠤ ᠬᠤᠯᠪᠣᠭᠳᠠᠬᠤ ᠪᠠᠷᠢᠯᠭ᠎ᠠ ᠪᠣᠯᠤᠨ ᠰᠦᠢᠳᠬᠡᠯ ᠬᠤᠷᠢᠶᠠᠬᠤ ᠵᠠᠰᠠᠮᠠᠯ ᠵᠠᠮ   ᠤᠨ ᠬᠠᠮᠢᠶ᠎ᠠ ᠪᠥᠬᠦᠢ ᠵᠦᠢᠯᠡᠰ   ᠢ ᠬᠠᠮᠢᠶᠠᠷᠴᠤ᠂ ᠵᠠᠰᠠᠮᠠᠯ ᠵᠠᠮ   ᠢ ᠠᠷᠠᠴᠢᠯᠠᠨ ᠬᠠᠮᠠᠭᠠᠯᠠᠬᠤ᠂  ᠵᠠᠰᠠᠮᠠᠯ ᠵᠠᠮ   ᠤᠨ ᠶᠠᠪᠤᠳᠠᠯ᠂ ᠡᠵᠡᠩᠨᠡᠯᠲᠡ  ᠶᠢᠨ ᠦᠢᠯᠡᠴᠢᠯᠡᠭᠡᠨ ᠵᠡᠷᠭᠡ ᠠᠵᠢᠯ   ᠢ ᠵᠢᠯᠣᠭᠤᠳᠤᠨ᠎ᠠ᠃ ᠵᠠᠰᠠᠮᠠᠯ ᠵᠠᠮ ᠤᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠰᠠᠮᠠᠯ ᠵᠠᠮ ᠤᠨ ᠲᠣᠤᠷ ᠤᠨ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ  ᠲᠠᠭᠠᠭᠠᠴᠢᠯᠠᠨ ᠡᠷᠬᠢᠯᠡᠨ᠎ᠡ᠃      ︵ᠳᠥᠷᠪᠡ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠢᠨᠵᠧᠨᠧᠷᠢᠩ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠬᠠᠷᠢᠶᠠᠲᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠬᠤ ᠲᠥᠷᠥᠯ  ᠵᠦᠢᠯ ᠤᠨ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠣᠭᠲᠠᠭᠰᠠᠨ ᠲᠤᠭ᠎ᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠠᠵᠢᠯ ᠲᠠᠭᠤᠰᠴᠦ ᠲᠤᠰᠢᠶᠠᠬᠤ ᠶᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠥᠪᠰᠢᠶᠡᠷᠡᠨ᠎ᠡ᠃  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠮᠠᠯ ᠵᠠᠮ ᠤᠨ ᠵᠢᠷᠤᠭ ᠲᠥᠯᠥᠪᠯᠡᠭᠡ ᠶᠢ ᠠᠩᠬ᠎ᠠ ᠬᠢᠨᠠᠭᠰᠠᠨ ᠤ ᠳᠠᠷᠠᠭ᠎ᠠ ᠵᠠᠮ ᠬᠠᠷᠢᠯᠴᠠᠭᠠᠨ ᠤ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃      ︵ᠲᠠᠪᠤ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠮᠠᠰᠢᠨ ᠲᠡᠷᠭᠡᠨ ᠤ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠪᠦᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ︔ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ᠂ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ ᠪᠠᠭᠤᠯᠭᠠᠬᠤ ᠵᠥᠭᠡᠭᠡᠪᠦᠷᠢᠯᠡᠬᠦ᠂ ᠲᠡᠷᠭᠡ ᠬᠥᠰᠬᠡ ᠣᠩᠭᠤᠴᠠ ᠰᠠᠯ ᠢ ᠰᠡᠯᠪᠢᠨ ᠵᠠᠰᠠᠬᠤ ᠪᠠ ᠲᠡᠭᠡᠭᠡᠪᠦᠷᠢ ᠶᠢᠨ  ᠦᠢᠯᠡᠴᠢᠯᠡᠬᠡᠨ ᠤ ᠦᠢᠯᠡᠰ ᠤᠨ ᠠᠵᠢᠯ ᠡᠬᠢᠯᠡᠬᠦ᠂ ᠠᠵᠢᠯ ᠵᠣᠭᠰᠣᠬᠤ ᠭᠤᠶᠤᠴᠢᠯᠠᠯ ᠢ ᠬᠢᠨᠠᠨ ᠵᠥᠪᠰᠢᠶᠡᠷᠡᠵᠦ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠤ᠂ ᠪᠥᠬᠦ ᠬᠤᠲᠠ ᠶᠢᠨ ᠬᠡᠪᠴᠢᠶᠡᠨ ᠳᠠᠬᠢ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ︔ ᠵᠠᠰᠠᠮᠠᠯ ᠵᠠᠮ᠂ ᠤᠰᠤᠨ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠶᠢ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠡᠨᠧᠷᠭᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯ ᠡᠷᠭᠢᠯᠡᠭᠰᠡᠳ ᠢ ᠬᠠᠮᠢᠶᠠᠷᠬᠤ ᠵᠡᠷᠭᠡ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ︔ ᠪᠥᠬᠦ ᠬᠤᠲᠠ ᠶᠢᠨ ᠭᠤᠤᠯᠳᠠᠯᠭ᠎ᠠ ᠲᠠᠢ ᠡᠳ᠋ ᠪᠠᠷᠠᠭ᠎ᠠ᠂ ᠪᠠᠴᠢᠮ ᠠᠶᠠᠨᠴᠢᠳ  ᠤᠨ ᠪᠠᠷᠠᠭ᠎ᠠ ᠲᠡᠭᠡᠭᠡᠪᠦᠷᠢ ᠶᠢ ᠲᠤᠬᠢᠷᠠᠭᠤᠯᠬᠤ ᠶᠢ ᠬᠠᠷᠢᠭᠤᠴᠠᠨ᠎ᠠ᠃      ︵ᠵᠢᠷᠭᠤᠭ᠎ᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ  ᠪᠠ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ  ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠪᠣᠯᠤᠨ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠯᠲᠠ ᠬᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠭᠠᠷᠠᠮ᠂ ᠤᠰᠤᠨ ᠠᠶᠠᠯᠠᠯ ᠤᠨ ᠵᠠᠮ᠂ ᠭᠠᠷᠠᠮ ᠤᠨ ᠠᠶᠠᠯᠠᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠡᠷᠭᠢ ᠶᠢᠨ ᠱᠤᠭᠤᠮ ᠤᠨ ᠪᠠᠶᠢᠷᠢᠰᠢᠭᠤᠯᠤᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠮᠡᠷᠭᠡᠵᠢᠯ ᠤᠨ ᠣᠩᠭᠤᠴᠠᠴᠢᠨ ᠢ ᠪᠣᠯᠪᠠᠰᠤᠷᠠᠭᠤᠯᠬᠤ᠂ ᠦᠨᠡᠮᠯᠡᠯ ᠣᠯᠭᠤᠬᠤ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠭᠤᠣᠯᠳᠠᠯᠭ᠎ᠠ ᠲᠠᠢ ᠡᠳ᠋ ᠪᠣᠳᠠᠰ᠂ ᠠᠶᠠᠨᠴᠢᠳ ᠤᠨ ᠪᠠᠷᠠᠭᠠᠨ ᠤ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠨ᠎ᠡ᠃      ︵ᠳᠣᠯᠤᠭ᠎ᠠ︶ ᠪᠥᠬᠦ ᠬᠤᠲᠠ ᠶᠢᠨ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ᠃      ︵ᠨᠠᠢᠮᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃      ︵ᠶᠢᠰᠦ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠭᠤᠯᠬᠤ᠂ ᠪᠠᠷᠢᠮᠵᠢᠶᠠᠵᠢᠭᠤᠯᠬᠤ᠂  ᠲᠦᠷᠢᠮᠵᠢᠬᠦᠯᠬᠦ ᠠᠵᠢᠯ ᠢ ᠵᠢᠯᠣᠭᠤᠳᠤᠨ᠎ᠠ᠃      ︵ᠠᠷᠪᠠ︶ ᠪᠥᠬᠦ ᠬᠤᠲᠠ ᠶᠢᠨ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ  ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃      ︵ᠠᠷᠪᠠᠨ ᠨᠢᠭᠡ︶ ᠵᠠᠰᠠᠮᠠᠯ ᠵᠠᠮ ᠤᠰᠤᠨ ᠵᠠᠮ ᠤᠨ ᠲᠡᠶᠢᠨ ᠤ ᠪᠡᠯᠡᠳᠬᠡᠯ ᠤᠨ ᠠᠵᠢᠯ ᠪᠠ ᠪᠠᠴᠢᠮ ᠪᠠᠶᠢᠳᠠᠯ ᠢ  ᠠᠷᠭᠠᠴᠠᠭᠠᠬᠤ ᠲᠡᠭᠡᠭᠡᠪᠦᠷᠢ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠵᠠᠮ ᠬᠠᠷᠢᠯᠴᠠᠭᠠᠨ ᠤ ᠲᠡᠶᠢᠨ ᠤ ᠪᠡᠯᠡᠳᠬᠡᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠪᠥᠬᠦ ᠬᠤᠲᠠ ᠶᠢᠨ ᠬᠢᠯᠢ ᠳᠣᠲᠣᠷᠠᠬᠢ  ᠬᠤᠰᠢᠭᠤ ᠰᠢᠶᠠᠨ ᠤ ᠱᠠᠲᠤ ᠵᠢᠴᠢ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠶᠢ ᠬᠠᠷᠢᠭᠤᠴᠠᠨ᠎ᠠ  ᠃      ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠲᠠᠭᠠᠭᠠᠯᠭᠠᠬᠰᠠᠨ ᠪᠤᠰᠤᠳ ᠡᠭᠦᠷᠭᠡ  ᠤᠳ ᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号