ᠷᠠᠰᠢᠶᠠᠨ ᠬᠤᠲᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
ᠨᠡᠶᠢᠲᠡᠯᠡᠭᠰᠡᠨ ᠴᠠᠭ᠄
2021/5/31
      ᠷᠠᠰᠢᠶᠠᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠤᠨ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃      ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠠᠰᠠᠨ ᠰᠡᠷᠭᠦᠭᠡᠬᠦ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠶ ᠰᠢᠭᠤᠶ᠂ ᠨᠤᠲᠤᠭ ᠪᠡᠯᠴᠢᠭᠡᠷ᠂  ᠨᠤᠭᠤ ᠭᠠᠵᠠᠷ᠂ ᠡᠯᠡᠰᠦᠨ ᠴᠥᠯ ᠪᠠ ᠬᠠᠭᠤᠷᠠᠶ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠷᠭᠦᠭᠡᠬᠦ ᠪᠠ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠷᠭᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠣᠶ ᠰᠢᠭᠤᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠤᠢ ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃      ︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠳᠠ ᠶᠢᠨ ᠤᠢ ᠮᠤᠳᠤ ᠶᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠭᠤᠶᠢᠲᠤ ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠰᠢᠭᠤᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠬᠤ ᠠᠵᠢᠯ ᠢ ᠵᠢᠯᠣᠭᠤᠳᠴᠤ᠂ ᠤᠯᠤᠰ ᠤᠨ ᠥᠮᠴᠢᠯᠡᠯ ᠤᠨ ᠭᠤᠣᠯᠳᠠᠯᠭ᠎ᠠ ᠲᠠᠢ ᠰᠢᠭᠤᠶᠢᠲᠤ ᠣᠷᠣᠨ ᠤ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠡᠪᠡᠰᠦ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠵᠤ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃      ︵ᠳᠥᠷᠪᠡ︶ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ ᠬᠢᠨᠠᠨ ᠬᠠᠮᠢᠶᠠᠷᠴᠤ᠂ ᠴᠦᠯᠡᠷᠬᠡᠭᠵᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭ᠎ᠠ ᠲᠠᠢ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠴᠦᠯᠡᠷᠬᠡᠭᠵᠢᠯ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ  ᠶᠢ ᠵᠣᠬᠢᠶᠠᠨ ᠪᠠᠶᠢᠭᠤᠯᠤᠨ᠎ᠠ᠃     ︵ᠲᠠᠪᠤ︶ ᠬᠠᠭᠤᠷᠠᠶ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠬᠠᠭᠤᠷᠠᠶ ᠶᠢᠨ ᠬᠡᠭᠡᠷ᠎ᠡ ᠶᠢᠨ ᠠᠮᠢᠲᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠲᠤᠭᠤᠷᠪᠢᠨ ᠲᠣᠭᠲᠠᠭᠠᠬᠤ ᠪᠠ ᠳᠣᠭᠢᠷᠠᠭᠤᠯᠵᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠵᠤ ᠦᠷᠡᠵᠢᠭᠦᠯᠦᠨ ᠪᠤᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠣᠭᠤᠳᠴᠤ᠂ ᠪᠥᠬᠦ ᠬᠤᠲᠠ ᠶᠢᠨ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠤᠶᠢᠵᠢᠭᠤᠯᠵᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ ᠤᠷᠭᠤᠮᠠᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠤᠨ᠎ᠠ᠃      ︵ᠵᠢᠷᠭᠤᠭ᠎ᠠ︶ ᠪᠥᠬᠦ ᠬᠤᠲᠠ ᠶᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ᠂ ᠲᠥᠯᠥᠪᠵᠢᠭᠦᠯᠭᠡ ᠶᠢᠨ ᠵᠠᠷᠴᠢᠮ ᠤᠨ ᠵᠢᠯᠣᠭᠤᠳᠣᠯᠭ᠎ᠠ ᠳᠣᠤᠷ᠎ᠠ᠂ ᠣᠶ ᠰᠢᠭᠤᠶ᠂ ᠨᠤᠭᠤ ᠭᠠᠵᠠᠷ᠂ ᠡᠯᠡᠰᠦᠷᠬᠡᠭᠵᠢᠯ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠤᠯᠢ ᠶᠣᠰᠣᠭᠠᠷ ᠵᠢᠯᠣᠭᠤᠳᠤᠨ᠎ᠠ︔ ᠪᠠᠶᠢᠭᠠᠯᠢ ᠶᠢᠨ ᠥᠪ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠤᠨ ᠮᠡᠳᠡᠭᠦᠯᠦᠯᠲᠡ ᠶᠢ ᠬᠢᠨᠠᠨ ᠬᠠᠷᠭᠤᠭᠤᠯᠪᠠ᠃ ᠠᠵᠢᠯ ᠤᠨ ᠬᠤᠪᠢᠶᠠᠷᠢᠯᠠᠯ ᠶᠣᠰᠣᠭᠠᠷ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ︵ᠵᠢᠷᠭᠤᠭ᠎ᠠ︶ ᠪᠥᠬᠦ ᠬᠤᠲᠠ ᠶᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ᠂ ᠲᠥᠯᠥᠪᠵᠢᠭᠦᠯᠭᠡ ᠶᠢᠨ ᠵᠠᠷᠴᠢᠮ ᠤᠨ ᠵᠢᠯᠣᠭᠤᠳᠣᠯᠭ᠎ᠠ ᠳᠣᠤᠷ᠎ᠠ᠂ ᠣᠶ ᠰᠢᠭᠤᠶ᠂ ᠴᠢᠭᠢᠭᠯᠢᠭ ᠭᠠᠵᠠᠷ᠂ ᠡᠯᠡᠰᠦᠷᠬᠡᠭᠵᠢᠯ ᠪᠠ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠤᠯᠢ ᠶᠣᠰᠣᠭᠠᠷ ᠵᠢᠯᠣᠭᠤᠳᠤᠨ᠎ᠠ︔ ᠪᠠᠶᠢᠭᠠᠯᠢ ᠶᠢᠨ ᠥᠪ ᠤᠨ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠳᠠ ᠶᠢᠨ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠤᠨ ᠮᠡᠳᠡᠭᠦᠯᠦᠯᠲᠡ ᠶᠢ ᠬᠢᠨᠠᠨ ᠬᠠᠷᠭᠤᠭᠤᠯᠪᠠ᠃ ᠠᠵᠢᠯ ᠤᠨ ᠬᠤᠪᠢᠶᠠᠷᠢᠯᠠᠯ ᠶᠣᠰᠣᠭᠠᠷ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ      ︵ᠲᠤᠯᠤᠭ᠎ᠠ︶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ︵ᠵᠤᠯᠵᠠᠭ᠎ᠠ ᠮᠣᠳᠣᠨ ᠤ ᠬᠦᠷᠢᠶᠡᠯᠡᠩ ︶ ᠶᠢᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠣᠶ ᠮᠣᠳᠣᠨ ᠤ ᠦᠷ᠎ᠡ ᠪᠠ ᠡᠪᠡᠰᠦᠨ ᠤ  ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂ ᠰᠢᠯᠢᠳᠡᠭ ᠦᠷ᠎ᠡ ᠶᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠵᠤ᠂ ᠣᠶ ᠮᠣᠳᠣᠨ ᠤ ᠦᠷ᠎ᠡ ᠪᠠ  ᠡᠪᠡᠰᠦᠨ ᠤ ᠲᠦᠷᠦᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠡᠪᠡᠰᠦᠨ ᠤ ᠦᠷ᠎ᠡ  ᠶᠢᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂  ᠠᠮᠢᠳᠤ ᠪᠤᠳᠠᠰ ᠤᠨ ᠰᠢᠨ᠎ᠠ ᠡᠬᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃     ︵ᠨᠠᠢᠮᠠ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠣᠶ ᠰᠢᠭᠤᠶ ᠡᠪᠡᠰᠦᠨ ᠤ ᠠᠵᠤ ᠦᠢᠯᠡᠰ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠶ ᠰᠢᠭᠤᠶ ᠡᠪᠡᠰᠦᠨ ᠤ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃      ︵ᠶᠢᠰᠦ︶ ᠬᠤᠲᠠ ᠶᠢᠨ ᠵᠠᠰᠠᠭ ᠤᠨ ᠣᠷᠳᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠤᠶᠢᠮᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠯ  ᠲᠤᠶᠢᠮᠡᠷ ᠤᠨ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ᠂ ᠭᠠᠯ ᠲᠤᠶᠢᠮᠡᠷ ᠤᠨ ᠢᠷᠡᠯᠲᠡ ᠶᠢᠨ ᠬᠠᠮᠢᠶᠠᠷᠤᠯᠲᠠ᠂ ᠭᠠᠯ ᠲᠤᠶᠢᠮᠡᠷ ᠢ ᠰᠡᠷᠭᠡᠶᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠦᠷᠨᠢᠬᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ ᠦᠷᠨᠢᠬᠦᠯᠦᠨ᠎ᠡ᠃ ᠴᠢᠬᠤᠯᠠᠲᠠᠶ ᠦᠶ᠎ᠡ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ  ᠪᠠᠶᠢᠷᠢᠯᠠᠭᠤᠯᠤᠨ᠎ᠠ᠃      ︵ᠠᠷᠪᠠ︶ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠴᠤ᠂ ᠤᠢ ᠰᠢᠭᠤᠶ ᠶᠢᠨ ᠦᠢᠯᠡᠰ ᠤᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ  ᠰᠢᠢᠳᠪᠦᠷᠢᠯᠡᠬᠦ ᠶᠢ ᠵᠢᠯᠣᠭᠤᠳᠤᠨ᠎ᠠ᠃ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠪᠥᠬᠦ ᠬᠤᠲᠠ ᠶᠢᠨ ᠤᠯᠤᠰ ᠤᠨ ᠦᠮᠴᠢᠯᠡᠯᠳᠤ ᠣᠶ ᠰᠢᠭᠤᠶ ᠶᠢᠨ ᠲᠠᠯᠠᠪᠠᠶ ᠵᠡᠷᠭᠡ ᠲᠠᠯ᠎ᠠ ᠶᠢᠨ ᠴᠢᠬᠤᠯᠠ ᠶᠡᠭᠡ ᠣᠶ ᠰᠢᠭᠤᠶ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠶ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠲᠠᠷᠢᠶᠠᠯᠠᠬᠤ ᠶᠢ ᠵᠤᠬᠰᠤᠭᠠᠨ ᠮᠠᠯᠵᠢᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠶ ᠪᠠ ᠨᠤᠲᠤᠭ ᠪᠡᠯᠴᠢᠭᠡᠷ ᠤᠨ ᠪᠡᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠣᠶ ᠰᠢᠭᠤᠶ ᠵᠢᠴᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ  ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃      ︵ᠠᠷᠪᠠᠨ ᠭᠤᠷᠪᠠ︶ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠭᠤ ᠭᠠᠵᠠᠷ᠂ ᠴᠦᠯᠡᠷᠬᠡᠭᠵᠢᠯ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃      ︵ᠠᠷᠪᠠᠨ ᠲᠦᠷᠪᠡ︶ ᠤᠯᠤᠰ ᠤᠨ ᠦᠮᠴᠢᠯᠡᠯᠳᠤ ᠰᠢᠭᠤᠶᠢᠲᠤ ᠣᠷᠣᠨ ᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠲᠠᠭᠠᠭᠠᠯᠭᠠᠬᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃  
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号