ᠷᠠᠰᠢᠶᠠᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/5/31
     ᠷᠠᠰᠢᠶᠠᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭ᠎ᠠ ᠶᠢᠨ ᠲᠠᠰ ᠤᠨ ᠪᠠᠶᠢᠭᠤᠯᠬ᠎ᠠ ᠪᠣᠯᠤᠨ᠎ᠠ᠃ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠵᠡᠢ᠃      ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ  ᠄      ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠨ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠳᠤ ᠣᠷᠣᠯᠴᠠᠵᠤ᠂ ᠪᠦᠬᠦ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠣ ᠭᠡᠷᠡᠭᠵᠢᠬᠦᠯᠣᠨ᠎ᠠ᠃      ︵ᠬᠤᠶᠠᠷ︶ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠤᠨ᠎ᠠ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠪᠦᠭᠡᠳ ᠬᠢᠨᠠᠯᠳᠡ ᠲᠠᠯᠪᠢᠵᠤ ᠭᠡᠷᠡᠭᠵᠢᠬᠦᠯᠣᠨ᠎ᠠ᠃      ︵ᠭᠤᠷᠪᠠ︶ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠣᠶᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠳᠣᠭᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ᠂ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠣᠶᠢᠯᠡᠰ ᠤᠨ ᠲᠦᠷᠣ ᠶᠢᠨ ᠪᠣᠳᠣᠯᠭ᠎ᠠ ᠶᠢ ᠲᠣᠭᠤᠷᠪᠢᠨ ᠲᠣᠬᠳᠡᠭᠠᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠬᠯᠠᠯᠳᠡ᠂  ᠬᠡᠷ ᠪᠠᠶᠢᠰᠢᠩ ᠤᠨ ᠠᠷᠠᠯᠵᠢᠶ᠎ᠠ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠲᠦᠷᠢᠶᠡᠰᠦᠯᠡᠯ᠂ ᠬᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠢᠱᠢᠯᠲᠡ ᠦᠨ᠎ᠡ ᠬᠢᠭᠡᠳ ᠦᠨ᠎ᠠ ᠵᠠᠰᠠᠬᠤ ᠶᠢ ᠬᠠᠮᠢᠶᠠᠷᠬᠤ᠂ ᠠᠳᠠᠯ ᠠᠬᠤᠶ ᠶᠢᠨ ᠬᠠᠮᠢᠶᠠᠷᠤᠯᠲᠠ᠂ ᠬᠡᠷ ᠪᠠᠶᠢᠰᠢᠩ ᠤᠨ ᠲᠠᠲᠠᠪᠤᠷᠢᠯᠠᠯᠲᠠ ᠶᠢᠨ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠡᠷ ᠪᠠᠶᠢᠰᠢᠩ ᠤᠨ ᠳᠡᠩᠰᠡᠯᠡᠨ ᠲᠡᠮᠳᠡᠭᠯᠡᠬᠦ ᠠᠵᠢᠯ ᠢ ᠬᠠᠮᠵᠢᠯᠴᠠᠨ ᠵᠢᠯᠣᠭᠤᠳᠤᠨ᠎ᠠ᠃      ︵ᠲᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠥᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠠ ᠪᠦᠬᠦ ᠬᠤᠳᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠣᠬᠳᠡᠭᠠᠬᠰᠠᠨ ᠨᠣᠷᠮ᠎ᠠ ᠶᠢ ᠲᠤᠭᠤᠷᠪᠢᠨ ᠲᠣᠭᠲᠠᠭᠠᠬᠤ ᠶᠢᠨ ᠬᠠᠮᠳᠣ ᠬᠢᠨᠠᠯᠳᠡ ᠲᠠᠯᠪᠢᠵᠣ ᠭᠡᠷᠡᠭᠵᠢᠬᠦᠯᠣᠨ᠎ᠠ᠃ ᠪᠠᠷᠢᠯᠭ᠎ᠠ ᠶᠢᠨ ᠣᠶᠢᠯᠡᠳᠥᠭᠰᠠᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠲᠠᠭᠠᠭᠠᠴᠢᠯᠡᠨ ᠡᠷᠬᠢᠯᠡᠨ᠎ᠠ᠃ ᠪᠥᠲᠥᠭᠡᠨ ᠪᠠᠶᠢᠭᠤᠯᠤᠯᠲᠠ ᠶᠢᠨ ᠲᠦᠷᠣᠯ ᠵᠣᠶᠢᠯ ᠤᠨ ᠭᠡᠷᠡᠭᠵᠢᠬᠦᠯᠵᠤ ᠪᠣᠯᠬᠤ ᠴᠢᠨᠠᠷᠳᠡᠢ ᠰᠤᠳᠤᠯᠭᠠᠨ ᠤ ᠦᠨᠡᠯᠡᠬᠦ ᠠᠷᠭ᠎ᠠ᠂ ᠠᠵᠤ ᠠᠬᠤᠶ ᠶᠢᠨ ᠯᠠᠪᠯᠠᠯᠳᠡ ᠶᠢᠨ ᠲᠤᠭ᠎ᠠ᠂ ᠪᠦᠳᠦᠭᠡᠨ ᠪᠠᠶᠢᠭᠤᠯᠤᠯᠲᠠ ᠶᠢᠨ ᠲᠦᠷᠢᠮᠵᠢᠯ ᠪᠠ ᠪᠠᠷᠢᠯᠭ᠎ᠠ ᠶᠢᠨ ᠣᠶᠢᠯᠡᠳᠥᠭᠰᠠᠨ ᠦᠨ᠎ᠡ ᠶᠢᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠣᠯᠠᠨ ᠨᠡᠶᠢᠲᠡ ᠶᠢᠨ ᠣᠶᠢᠯᠡᠴᠢᠯᠡᠭᠡᠨ ᠤ  ᠲᠦᠬᠦᠭᠡᠷᠣᠮᠵᠢ ᠶᠢᠨ ︵ᠴᠢᠮᠡᠭᠡ ᠬᠤᠯᠪᠣᠭᠠᠨ ᠤ ᠲᠦᠬᠦᠭᠡᠷᠣᠮᠵᠢ ᠶᠢ ᠪᠠᠭᠲᠠᠭᠠᠬᠤ ᠥᠬᠡᠶ︶  ᠪᠥᠲᠥᠭᠡᠨ ᠪᠠᠶᠢᠭᠤᠯᠤᠯᠲᠠ ᠶᠢᠨ  ᠲᠦᠷᠢᠮᠵᠢᠯ ᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠣᠶᠢᠯᠡᠳᠥᠭᠰᠠᠨ ᠦᠨ᠎ᠡ ᠶᠢ ᠪᠤᠳᠤᠬᠤ ᠶᠢ ᠵᠢᠯᠣᠭᠤᠳᠤᠨ ᠬᠢᠨᠠᠯᠲᠠ ᠲᠠᠯᠪᠢᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠲᠠᠭᠰᠠᠨ ᠨᠣᠷᠮ᠎ᠠ ᠪᠠ ᠪᠠᠷᠢᠯᠭ᠎ᠠ ᠶᠢᠨ  ᠣᠶᠢᠯᠡᠳᠥᠭᠰᠠᠨ ᠦᠨ᠎ᠡ ᠶᠢᠨ ᠰᠣᠷᠠᠭ ᠵᠠᠩᠬᠢ ᠶᠢ ᠵᠣᠬᠢᠶᠠᠨ ᠪᠠᠶᠢᠭᠤᠯᠣᠨ ᠨᠠᠶᠢᠳᠡᠯᠠᠨ᠎ᠠ᠃      ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠢᠯᠡ ᠠᠵᠢᠯᠯᠠᠭ᠎ᠠ ᠶᠢ ᠲᠦᠷᠢᠮᠵᠢᠬᠦᠯᠣᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠢᠮᠵᠢᠬᠦᠯᠬᠦ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠯᠠᠪᠯᠠᠬᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠲᠣᠮᠳᠡ ᠣᠷᠳᠣ ᠬᠤᠭᠤᠴᠠᠭ᠎ᠠ ᠪᠠᠷ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠥᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠣᠨ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠭᠠᠳᠠᠬᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠳᠣᠷᠡᠬᠤ ᠠᠵᠢᠯᠯᠠᠭ᠎ᠠ ᠳᠤ ᠣᠷᠣᠯᠴᠠᠭᠤᠯᠤᠨ᠎ᠠ᠃      ︵ᠵᠢᠷᠭᠤᠭ᠎ᠠ︶ ᠬᠢᠨᠠᠨ ᠬᠠᠮᠢᠶᠠᠷᠬᠤ ᠡᠷᠬᠡ ᠮᠡᠳᠡᠯ ᠤᠨ ᠬᠦᠷᠢᠶ᠎ᠠ ᠬᠡᠪᠴᠢᠶᠠᠨ ᠳᠤ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠣᠯᠤᠭᠰᠠᠨ ᠬᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠣᠮᠵᠢ ᠶᠢᠨ ᠪᠠᠷᠢᠯᠭ᠎ᠠ ᠶᠢᠨ ᠶᠠᠰᠤ ᠴᠢᠨᠠᠷ᠂ ᠠᠶᠤᠯᠬᠦᠢ ᠣᠶᠢᠯᠡᠳᠪᠦᠷᠢᠯᠡᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠶ ᠦᠢᠯᠡᠳᠪᠦᠷᠢᠯᠡᠯ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠦᠷᠦ ᠶᠢᠨ ᠪᠤᠳᠦᠯᠭ᠎ᠠ᠂ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ  ᠲᠣᠮᠣ ᠶᠡᠭᠡ ᠶᠠᠰᠤ ᠴᠢᠨᠠᠷ᠂ ᠠᠮᠤᠷ ᠲᠦᠪᠰᠢᠨ ᠤ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠭᠡᠷ ᠪᠠᠶᠢᠰᠢᠩ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠣᠮᠵᠢ ᠶᠢᠨ ᠪᠠᠷᠢᠯᠭ᠎ᠠ ᠶᠢᠨ ᠭᠠᠵᠠᠷ ᠬᠥᠳᠡᠯᠦᠯᠲᠡ ᠭᠠᠢ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠬᠤ ︵ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠳᠡ ᠶᠢ ᠪᠠᠭᠲᠠᠨ᠎ᠠ︶᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠ ᠳᠠᠩᠰᠠᠯᠠᠯᠳᠡ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠴᠣ ᠬᠢᠨᠠᠯᠲᠠ ᠲᠠᠯᠪᠢᠨ᠎ᠠ᠃      ︵ᠲᠤᠯᠤᠭ᠎ᠠ︶ ᠬᠤᠳᠠ ᠶᠢᠨ ᠬᠠᠶᠢᠨ ᠪᠠᠶᠢᠴᠠᠭᠠᠯᠳᠡ᠂ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠬᠡᠮᠵᠢᠯᠳᠡ ᠂ ᠬᠤᠳᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠳᠠ ᠶᠢᠨ ᠱᠤᠭᠤᠮᠠᠯ ᠰᠡᠶᠢᠯᠬᠦ ᠠᠵᠢᠯ  ᠢ ᠵᠢᠯᠣᠭᠤᠳᠤᠨ᠎ᠠ᠃ ᠬᠤᠳᠠ ᠶᠢᠨ ᠲᠦᠷᠢ ᠲᠦᠷᠬᠦ ᠶᠢ ᠰᠢᠨᠡᠳᠭᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠦᠷᠦ ᠶᠢᠨ ᠪᠤᠳᠤᠯᠭ᠎ᠠ ᠪᠠ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠭᠤᠣᠯᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠨᠠᠢᠮᠠ︶ ᠬᠤᠳᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠪᠠ ᠲᠦᠷᠢᠮ ᠢ ᠲᠤᠭᠤᠷᠪᠢᠨ ᠲᠣᠭᠲᠠᠭᠠᠬᠤ ᠪᠥᠭᠡᠳ ᠵᠢᠯᠣᠭᠤᠳᠤᠨ ᠬᠡᠷᠡᠭᠵᠢᠭᠦᠯᠣᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠲᠣᠮᠳᠡ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠣᠨ ᠨᠠᠶᠢᠷᠡᠭᠤᠯᠵᠤ ᠵᠢᠯᠣᠭᠤᠳᠣᠨ ᠭᠡᠷᠡᠭᠵᠢᠬᠦᠯᠣᠨ᠎ᠠ᠃ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠣᠮᠵᠢ ᠶᠢᠨ ᠪᠥᠳᠥᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠣᠯᠬᠦᠢ ᠶᠢᠨ ᠬᠠᠮᠢᠶᠠᠷᠤᠯᠲᠠ ᠶᠢᠨ ᠠᠵᠢᠯ ᠢ ᠵᠢᠯᠣᠳᠣᠭᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ  ᠠᠵᠢᠯ ᠢ ᠬᠠᠷᠢᠭᠤᠴᠠᠨ᠎ᠠ᠃      ︵ᠶᠢᠰᠦ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠦ ᠶᠢᠨ ᠪᠤᠳᠤᠯᠭ᠎ᠠ ᠪᠠ ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠵᠢᠴᠢ ᠬᠤᠲᠠ ᠶᠢᠨ ᠬᠠᠮᠢᠶᠠᠷᠤᠯᠲᠠ ᠲᠠᠢ ᠬᠤᠯᠪᠣᠭᠳᠠᠬᠤ ᠰᠠᠯᠠᠭ᠎ᠠ ᠮᠥᠴᠢᠷ ᠠᠯᠤᠰᠯᠠᠬᠤ᠂ ᠬᠦᠷᠢᠶ᠎ᠡ ᠴᠠᠷᠠᠭ᠎ᠠ ᠠᠯᠤᠰᠯᠠᠬᠤ ᠬᠠᠮᠢᠶ᠎ᠠ ᠪᠥᠬᠦᠶ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃       ︵ᠠᠷᠪᠠ︶ ᠭᠠᠴᠠᠭ᠎ᠠ ᠪᠠᠯᠭᠠᠰᠤᠨ ᠤ ᠪᠦᠳᠦᠭᠡᠠ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠠᠭ᠎ᠠ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠬᠤᠳᠠ ᠶᠢᠨ ᠭᠤᠣᠯᠳᠠᠯᠭ᠎ᠠ ᠲᠠᠢ ᠪᠠᠯᠭᠠᠰᠤᠨ ᠤ ᠪᠦᠳᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠣᠨ᠎ᠠ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠬᠢ ᠠᠷᠪᠢᠯᠠᠬᠤ ᠲᠥᠷᠥᠯ ᠵᠦᠢᠯ  ᠢ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠶᠢ ᠵᠢᠯᠣᠭᠤᠳᠬᠤ ᠶᠢᠨ ᠬᠠᠮᠲᠤ ᠦᠨᠡᠯᠡᠭᠰᠡᠨ ᠲᠡᠮᠳᠡᠭ ᠲᠤ ᠬᠢᠨᠠᠯᠲᠠ ᠲᠠᠯᠪᠢᠵᠣ ᠬᠠᠮᠢᠶᠠᠷᠤᠯᠲᠠ ᠬᠢᠨ᠎ᠠ᠃ ᠡᠨᠧᠷᠭᠢ ᠠᠷᠪᠢᠯᠠᠬᠤ ᠲᠤᠰᠬᠠᠶ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ᠃ ᠣᠷᠣᠨ ᠰᠠᠭᠤᠴᠠ ᠪᠠ ᠬᠤᠳᠡ ᠬᠥᠳᠡᠭᠡ ᠶᠢᠨ ᠪᠦᠳᠤᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ  ᠮᠡᠷᠭᠡᠵᠢᠯ ᠢ ᠬᠥᠭᠵᠢᠭᠦᠯᠬᠦ ᠲᠥᠯᠥᠪᠵᠢᠭᠦᠯᠭᠡ ᠪᠠ ᠠᠵᠤ ᠠᠬᠤᠶ ᠶᠢᠨ ᠲᠦᠷᠤ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠠᠵᠢᠯ ᠲᠦᠷᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠲᠧᠭᠨᠢᠭ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠣᠷᠣᠭᠤᠯᠣᠨ ᠠᠪᠴᠢᠷᠠᠬᠤ ᠪᠠ ᠰᠢᠨ᠎ᠡ ᠶᠢ ᠡᠭᠦᠳᠬᠦ ᠠᠵᠢᠯ ᠢ ᠵᠣᠬᠢᠶᠠᠨ ᠪᠠᠶᠢᠭᠤᠯᠤᠨ᠎ᠠ᠃ ᠪᠣᠭᠤᠳᠡᠯ ᠦᠭᠡᠢ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃      ︵ᠠᠷᠪᠠᠨ ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠭᠠᠳᠠᠨᠠᠬᠢ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃      ︵ᠠᠷᠪᠠᠨ ᠭᠤᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ  ᠶᠢ ᠪᠡᠶᠡᠯᠡᠭᠦᠯᠦᠨ᠎ᠡ᠃
 
ᠢᠷᠡᠯᠲᠡ᠄ ᠷᠠᠰᠢᠶᠠᠨ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号