ᠷᠠᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠢᠷᠪᠢᠰ ᠳᠠᠬᠢ ᠰᠠᠯᠪᠤᠷᠢ ᠪᠠᠩᠬᠢ ᠶᠢᠨ ᠱᠧᠩ ᠴᠢᠤᠸᠠᠨ ᠨᠠᠮ ᠤᠨ ᠡᠭᠦᠷ ᠰᠢᠨ ᠴᠧᠩ ᠵᠡᠭᠡᠯᠢ ᠶᠢᠨ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠬᠥᠮᠦᠰ ᠲᠤ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2022/10/21
     10 ᠰᠠᠷ᠎ᠠ ᠶᠢᠨ 12 ᠤᠨ ᠡᠳᠦᠷ ᠂ ᠷᠠᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠢᠷᠪᠢᠰ ᠳᠠᠬᠢ ᠰᠠᠯᠪᠤᠷᠢ ᠪᠠᠩᠬᠢ ᠶᠢᠨ ᠱᠧᠩ ᠴᠢᠤᠸᠠᠨ ᠨᠠᠮ ᠤᠨ ᠡᠭᠦᠷ ᠰᠢᠨ ᠴᠧᠩ ᠵᠡᠭᠡᠯᠢ ᠶᠢᠨ ᠪᠥᠬᠦ ᠬᠦᠮᠣᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠭᠠᠵᠡᠷ ᠤᠨ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ ᠲᠤ ᠲᠥᠬᠦᠮ ᠮᠢᠨᠲᠤᠤᠷ᠂ ᠦᠨᠢᠶᠡᠨ ᠰᠦ ᠵᠡᠷᠭᠡ ᠡᠳ᠋ ᠪᠣᠳᠠᠰ ᠬᠦᠷᠭᠡᠭᠰᠠᠨ ᠪᠦᠭᠡᠳ ᠨᠠᠮ ᠤᠨ ᠭᠡᠰᠢᠭᠦᠨ ᠰᠢᠨ ᠴᠧᠩ ᠵᠡᠭᠡᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠣᠶᠢᠯᠡᠴᠢᠯᠡᠭᠡ ᠬᠠᠩᠭᠠᠬᠰᠠᠨ ᠪᠠᠶᠢᠨ᠎ᠠ᠃     ᠰᠢᠨ ᠴᠧᠩ ᠵᠡᠭᠡᠯᠢ ᠶᠢᠨ ᠤᠳᠤᠷᠢᠳᠤᠯᠭ᠎ᠠ ᠰᠢᠨ ᠴᠧᠩ ᠵᠡᠭᠡᠯᠢ ᠶᠢᠨ ᠬᠢᠵᠢᠭ ᠢ ᠰᠡᠷᠭᠡᠶᠢᠯᠡᠬᠦ ᠠᠵᠢᠯᠲᠠᠳ ᠢ ᠲᠥᠯᠥᠭᠡᠯᠡᠨ ᠬᠦᠷᠭᠡᠭᠰᠡᠨ ᠡᠳ᠋ ᠪᠣᠳᠠᠰ ᠢ ᠬᠦᠯᠢᠶᠡᠨ ᠠᠪᠤᠭᠰᠠᠨ ᠪᠥᠭᠡᠳ ᠠᠵᠤ ᠠᠬᠤᠶᠢᠯᠠᠯ ᠤᠨ ᠵᠡᠭᠡᠯᠢ ᠭᠤᠳᠤᠮᠵᠢ ᠶᠢᠨ ᠬᠢᠵᠢᠭ ᠢ ᠰᠡᠷᠭᠡᠶᠢᠯᠡᠬᠦ ᠠᠵᠢᠯ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠳᠤ ᠲᠠᠯᠠᠷᠬᠠᠵᠤ ᠪᠠᠶᠢᠬᠤ ᠰᠡᠳᠭᠢᠯᠭᠡ ᠪᠠᠨ ᠢᠯᠡᠳᠬᠡᠪᠡ᠃       ᠷᠠᠰᠢᠶᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠨᠢ ᠣᠷᠣᠨ ᠨᠤᠲᠤᠭ ᠤᠨ ᠴᠢᠨᠠᠷᠲᠠᠶ ᠮᠥᠩᠭᠦᠨ ᠬᠦᠢᠯᠭᠡᠭᠡᠨ ᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯ ᠤᠨ ᠳᠤᠮᠳᠠ ᠮᠥᠩᠭᠦᠨ ᠬᠦᠢᠯᠭᠡᠭᠡᠨ ᠤ ᠭᠤᠤᠯ ᠬᠦᠴᠦᠨ ᠤ ᠣᠶᠢᠯᠡᠳᠦᠯ ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠬᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠢᠳᠡᠪᠬᠢ ᠬᠦᠴᠦᠨ ᠢ ᠳᠠᠮᠵᠢᠭᠤᠯᠵᠤ ᠪᠠᠶᠢᠨ᠎ᠠ᠃
 
ᠢᠷᠡᠯᠲᠡ᠄ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号