ᠷᠠᠰᠢᠶᠠᠨ ᠬᠤᠲᠠ 2022 ᠣᠨ ᠤ ᠠᠷᠪᠠᠨ ᠲᠠᠪᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/26
     10 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ 2022 ᠣᠨ ᠤ ᠠᠷᠪᠠᠨ ᠲᠠᠪᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧ ᠱᠤᠸᠠᠩ ᠫᠧᠩ ᠬᠤᠷᠠᠯ ᠢ ᠡᠷᠭᠢᠯᠡᠪᠡ᠃ ᠬᠤᠷᠠᠯ ᠠᠴᠠ ︽ᠭᠤᠷᠪᠠᠨ ᠨᠠᠷᠢᠨ ᠲᠠᠩᠰᠠ︾ ᠶᠢᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ 2022 ᠣᠨ ᠤ ᠭᠤᠣᠯ ᠪᠣᠯᠬᠤ ᠠᠵᠢᠯ ᠤᠨ ᠳ᠋ᠦᠩᠨᠡᠯᠲᠡ᠂ ᠭᠤᠷᠪᠠᠨ ᠨᠠᠷᠢᠨ ᠲᠠᠩᠰᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 11 ᠰᠠᠷ᠎ᠠ᠂ 12 ᠰᠠᠷ᠎ᠠ᠂ 2023 ᠣᠨ ᠤ ᠠᠵᠢᠯ ᠤᠨ ᠲᠥᠯᠥᠪᠯᠡᠭᠡ ᠵᠡᠷᠭᠡ ᠶᠠᠪᠤᠳᠠᠯ ᠢ ᠰᠤᠳᠤᠯᠵᠠᠢ᠃      ᠬᠤᠷᠠᠯ ᠠᠴᠠ᠂ ᠡᠯ᠎ᠡ ᠪᠠᠯᠭᠠᠰᠤ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠᠨ ᠨᠠᠷᠢᠨ ᠲᠠᠩᠰᠠ︾ ᠶᠢᠨ ᠠᠵᠢᠯ ᠪᠣᠯ ᠪᠦᠬᠦ ᠬᠤᠳᠠ ᠶᠢᠨ ᠡᠯ᠎ᠡ ᠲᠦᠷᠦᠯ ᠤᠨ ᠠᠵᠢᠯ ᠦᠢᠯᠡᠰ ᠤᠨ ᠵᠠᠩᠭᠢᠯᠠᠭ᠎ᠠ ᠶᠢᠨ ᠭᠠᠷᠳᠠᠴᠠ ᠪᠣᠯᠬᠤ ᠶᠢ ᠭᠦᠨᠵᠡᠭᠡᠢ ᠲᠠᠨᠢᠵᠤ᠂ ᠡᠯ᠎ᠡ ᠲᠦᠷᠦᠯ ᠤᠨ ᠡᠭᠦᠷᠭᠡ ᠶᠢᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠬᠤ ᠬᠡᠷᠡᠭᠳᠡᠢ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠢᠪᠳᠤᠯᠤᠯᠳᠠ ᠬᠢᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠪᠡᠶᠡᠯᠡᠭᠦᠯᠵᠦ᠂ ᠪᠦᠬᠦ ᠬᠤᠳᠠ ᠶᠢᠨ ᠡᠯ᠎ᠡ ᠲᠦᠷᠦᠯ ᠤᠨ ᠠᠵᠢᠯ ᠦᠢᠯᠡᠰ ᠤᠨ ᠰᠠᠶᠢᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠃ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠪᠠᠰᠠ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠂ ᠤᠯᠠᠮ ᠴᠢᠨᠠᠭᠰᠢᠳᠠ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠪᠣᠳᠠᠲᠠᠢ ᠶᠢ ᠡᠷᠬᠢᠮᠯᠡᠬᠦ ᠬᠦᠴᠦᠲᠡᠢ ᠠᠷᠭ᠎ᠠ ᠬᠡᠮᠵᠢᠶ᠎ᠠ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠷᠠᠰᠢᠶᠠᠨ ᠤ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ᠪᠦᠬᠦ ᠲᠠᠯ᠎ᠠ ᠶᠢᠨ ᠰᠡᠳᠬᠢᠬᠦᠢ ᠪᠠ ᠰᠢᠰᠲ᠋ᠧᠮᠵᠢᠳᠣ ᠦᠵᠡᠯᠲᠡ ᠶᠢ ᠪᠠᠲᠤ ᠪᠠᠬᠢᠵᠢᠬᠦᠯᠵᠣ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠴᠤ᠂ ᠪᠦᠬᠦ ᠬᠤᠳᠠ ᠶᠢᠨ ᠬᠥᠭᠵᠢᠯᠲᠡ ᠳᠤ ᠰᠠᠭᠤᠷᠢᠯᠠᠨ᠂ ᠠᠵᠢᠯ ᠢᠶᠠᠨ ᠲᠦᠯᠦᠪᠵᠢᠭᠦᠯᠵᠦ ᠡᠷᠴᠢᠮ ᠢᠶᠠᠨ ᠲᠤᠪᠤᠶᠢᠯᠭᠠᠵᠤ᠂ ᠳᠡᠭᠡᠭᠰᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠢᠷᠡᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠪᠥᠭᠡᠳ ᠪᠣᠳᠠᠲᠠᠢ ᠪᠠᠷ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠪᠣᠳᠠᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠡ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号