ᠰᠠᠷᠢᠮᠰᠠᠭ ᠤᠨ ᠬᠠᠯᠢᠰᠤᠨ ᠤ ᠬᠡᠷᠡᠭᠴᠡᠭᠡ
ᠨᠡᠶᠢᠲᠡᠯᠡᠭᠰᠡᠨ ᠴᠠᠭ᠄
2022/10/28
      ᠰᠠᠷᠢᠮᠰᠠᠭ ᠪᠤᠯ ᠠᠶᠢᠯ ᠪᠤᠯᠭᠠᠨ ᠤ ᠵᠠᠪᠠᠯ ᠬᠡᠷᠡᠭᠰᠡᠬᠦ ᠠᠮᠳᠠ ᠤᠷᠤᠭᠤᠯᠬᠤ ᠡᠳ᠋᠂  ᠨᠤᠭᠤᠭ᠎ᠠ ᠬᠢᠬᠦ ᠳᠤ ᠦᠷᠬᠦᠯᠵᠢ ᠬᠡᠷᠡᠭᠯᠡᠳᠡᠭ ᠨᠢᠭᠡ ᠵᠤᠶᠢᠯ ᠤᠨ ᠢᠳᠡᠭᠡᠨ ᠤ ᠮᠠᠲ᠋ᠧᠷᠢᠶᠠᠯ ᠪᠤᠯᠤᠨ᠎ᠠ᠂  ᠲᠡᠷᠡ ᠨᠢ ᠪᠺᠲ᠋ᠧᠷᠢ ᠶᠢ ᠠᠯᠠᠵᠤ ᠦᠮᠡᠨ ᠢ ᠡᠰᠡᠷᠭᠦᠴᠡᠬᠦ ᠤᠶᠢᠯᠡᠳᠤᠯ ᠲᠠᠢ ᠪᠦᠭᠡᠳ ᠦᠷᠬᠦᠯᠵᠢ ᠢᠳᠡᠪᠡᠯ ᠪᠡᠶ᠎ᠡ ᠶᠢᠨ ᠡᠷᠡᠬᠦᠯ ᠴᠢᠬᠢᠷᠠᠭ ᠲᠤ ᠲᠤᠰᠠᠳᠠᠢ ᠪᠠᠶᠢᠳᠠᠭ᠃       ᠬᠤᠳᠠᠯᠳᠤᠵᠤ ᠠᠪᠴᠢᠷᠠᠭᠰᠠᠨ ᠰᠠᠷᠢᠮᠰᠠᠭ ᠢᠶᠠᠨ ᠪᠢᠳᠡ ᠤᠷᠢᠳᠠᠪᠡᠷ ᠬᠠᠯᠢᠰᠤ ᠶᠢ ᠨᠢ ᠠᠷᠢᠯᠭᠠᠴᠢᠬᠠᠭᠠᠳ ᠬᠠᠶᠠᠴᠢᠬᠠᠳᠠᠭ᠂  ᠦᠨᠡᠨᠳᠡᠭᠡᠨ ᠰᠠᠷᠢᠮᠰᠠᠭ ᠤᠨ ᠬᠠᠯᠢᠰᠤ ᠨᠢ ᠨᠢᠭᠡ ᠵᠤᠶᠢᠯ ᠤᠨ ︽ ᠡᠷᠳᠡᠨᠢ︾ ᠪᠤᠯᠬᠤ ᠶᠤᠮ᠃  ᠲᠤᠤᠷ᠎ᠠ ᠰᠠᠷᠢᠮᠰᠠᠭ ᠤᠨ ᠬᠠᠯᠢᠰᠤᠨ ᠤ ᠬᠤᠶᠠᠷ ᠵᠤᠶᠢᠯ ᠤᠨ ᠬᠡᠷᠡᠭᠴᠡᠭᠡ ᠶᠢ ᠲᠠᠨᠢᠯᠴᠠᠭᠤᠯᠤᠶ᠎ᠠ︕ ᠨᠢᠭᠡ᠂  ᠴᠡᠴᠡᠭ ᠤᠨ ᠪᠤᠷᠳᠤᠭᠤᠷ ᠪᠤᠯᠭᠠᠬᠤ       ᠰᠠᠷᠢᠮᠰᠠᠭ ᠤᠨ ᠬᠠᠯᠢᠰᠤ ᠪᠤᠯ ᠴᠡᠴᠡᠭ ᠲᠠᠷᠢᠬᠤ ᠳᠤ ᠬᠡᠷᠡᠭᠰᠡᠬᠦ ᠬᠠᠮᠤᠭ ᠤᠨ ᠰᠠᠶᠢᠨ ᠪᠤᠷᠳᠤᠭᠤᠷ ᠪᠤᠯᠬᠤ ᠶᠤᠮ᠃  ᠰᠠᠷᠢᠮᠰᠠᠭ ᠤᠨ ᠬᠠᠯᠢᠰᠤᠨ ᠳᠤ ᠰᠠᠷᠢᠮᠰᠠᠭ ᠤᠨ ᠡᠳ᠋ ᠪᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠤᠯᠬᠤᠷ ᠬᠦᠷᠤᠰᠤᠨ ᠳᠤ ᠪᠤᠯᠠᠵᠤ ᠢᠰᠭᠡᠪᠡᠯ ᠤᠷᠭᠤᠮᠠᠯ ᠤᠨ ᠦᠰᠦᠯᠳᠡ ᠳᠤ ᠰᠢᠮ᠎ᠠ ᠲᠡᠵᠢᠭᠡᠯ ᠬᠠᠩᠭᠠᠬᠤ ᠪᠠᠷ ᠪᠠᠷᠠᠬᠤ ᠦᠭᠡᠢ ᠪᠠᠰᠠ ᠪᠠᠺᠲ᠋ᠧᠷᠢ ᠶᠢ ᠠᠯᠠᠬᠤ᠂  ᠬᠤᠷᠤᠬᠠᠢ ᠶᠢ ᠰᠡᠷᠭᠡᠶᠢᠯᠡᠬᠦ ᠵᠡᠷᠭᠡ ᠤᠶᠢᠯᠡᠳᠤᠯ ᠲᠠᠢ ᠪᠠᠶᠢᠳᠠᠭ᠃ ᠬᠤᠶᠠᠷ᠂  ᠪᠤᠷᠳᠤᠭ᠎ᠠ ᠪᠤᠯᠭᠠᠬᠤ       ᠰᠠᠷᠢᠮᠰᠠᠭ ᠤᠨ ᠬᠠᠯᠢᠰᠤ ᠪᠠᠷ ᠪᠠᠰᠠ ᠭᠡᠷ ᠤᠨ ᠵᠢᠬᠦᠷᠳᠡᠨ ᠪᠠ ᠮᠠᠯ ᠲᠡᠵᠢᠭᠡᠵᠤ ᠪᠤᠯᠤᠨ᠎ᠠ᠂  ᠰᠠᠷᠢᠮᠰᠠᠭ ᠤᠨ ᠬᠠᠯᠢᠰᠤᠨ ᠳᠤ ᠤᠭᠤᠷᠠᠭ ᠪᠠ ᠰᠠᠷᠢᠮᠰᠠᠭ ᠤᠨ ᠡᠳ᠋ ᠡᠯᠪᠡᠭ ᠠᠭᠤᠯᠤᠭᠳᠠᠵᠤ᠂  ᠦᠷᠪᠢᠰᠤᠯ ᠢ ᠲᠠᠷᠵᠤ ᠪᠠᠺᠲ᠋ᠧᠷᠢ ᠠᠯᠠᠬᠤ ᠤᠶᠢᠯᠡᠳᠤᠯ ᠲᠠᠢ ᠪᠤᠯᠬᠤᠷ ᠡᠳ᠋ ᠰᠠᠶᠢᠨ ᠦᠨ᠎ᠡ ᠬᠢᠮᠳᠠ ᠲᠡᠵᠢᠭᠡᠯ ᠪᠤᠷᠳᠤᠭ᠎ᠠ ᠪᠤᠯᠤᠨ᠎ᠠ᠃  ᠲᠡᠷᠡ ᠮᠦᠷᠳᠡᠭᠡᠨ ᠰᠠᠷᠢᠮᠰᠠᠭ ᠤᠨ ᠬᠠᠯᠢᠰᠤ ᠪᠠᠷ ᠲᠡᠵᠢᠭᠡᠪᠡᠯ ᠠᠮᠢᠳᠠᠨ ᠤ ᠤᠨᠳᠤᠷᠤᠯᠳᠠ ᠶᠢᠨ ᠨᠤᠷᠮ᠎ᠡ ᠶᠢ ᠲᠡᠭᠡᠭᠰᠢᠯᠡᠬᠦᠯᠵᠤ ᠂  ᠮᠢᠬᠠᠨ ᠤ ᠴᠢᠨᠠᠷ ᠢ ᠰᠠᠶᠢᠵᠢᠷᠠᠭᠤᠯᠬᠤ ᠪᠠ ᠰᠦᠰᠤᠨ ᠤ ᠭᠤᠨᠠᠨ ᠠᠯᠺᠤᠤᠯ ᠢ ᠪᠠᠭᠤᠷᠠᠭᠤᠯᠬᠤ ᠵᠡᠷᠭᠡ ᠤᠶᠢᠯᠡᠳᠤᠯ  ᠲᠠᠢ ᠪᠠᠶᠢᠳᠠᠭ᠃  ︵︽ ᠠᠮᠢᠳᠤᠷᠠᠯ ᠤᠨ ᠮᠡᠳᠡᠯᠭᠡ︾ ᠵᠢᠷᠬᠢᠶ᠎ᠡ ᠶᠢᠨ ᠲᠡᠪᠴᠡᠩ ᠠᠴᠠ ᠠᠯᠳ᠋ᠬᠠᠬᠤᠸᠠᠷ ᠨᠠᠶᠢᠷᠠᠭᠤᠯᠤᠨ ᠤᠷᠴᠢᠭᠤᠯᠪᠠ᠃  ︶
 
ᠢᠷᠡᠯᠲᠡ᠄ ᠦᠪᠤᠷ ᠮᠤᠩᠭᠤᠯ ᠤᠨ ᠡᠮᠡᠭᠳᠡᠶᠢᠴᠤᠳ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号