ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/11/10
     ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢ ᠥᠭᠡᠷᠡᠴᠢᠯᠡᠭᠰᠡᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠢᠶᠠᠷ ᠵᠥᠪᠰᠢᠶᠡᠷᠡᠭᠦᠯᠦᠭᠰᠡᠨ ︽ᠭᠤᠷᠪᠠ ᠶᠢ ᠲᠣᠭᠲᠠᠭᠠᠬᠤ︾ ᠲᠥᠰᠦᠯ ᠳᠤ ᠬᠠᠤᠯᠢ ᠴᠠᠭᠠᠵᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠬᠢ ᠵᠢᠴᠢ ᠳᠣᠲᠣᠭᠠᠳᠤ ᠳᠠᠭᠠᠨ ᠪᠠᠶᠢᠭᠤᠯᠤᠭᠰᠠᠨ ᠲᠠᠰᠤᠭ ᠤᠨ ᠪᠠᠶᠢᠷᠢᠯᠠᠭᠤᠯᠤᠯᠲᠠ ᠶᠢ ᠳᠣᠤᠷᠠᠬᠢ ᠮᠡᠲᠦ ᠲᠣᠭᠲᠠᠭᠠᠪᠠ᠄      ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠡᠰ ᠤᠨ ᠪᠠᠶᠢᠭᠤᠯᠭ᠎ᠠ ᠨᠢᠭᠡᠴᠢ ᠪᠣᠯᠤᠨ᠎ᠠ᠃      ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢᠵᠢᠯ ᠬᠤᠲᠠ ᠶᠢᠨ ᠠᠯᠪᠠᠨ ᠬᠡᠷ ︵ᠳᠣᠷᠣᠭᠰᠢ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢᠵᠢᠯ ᠬᠤᠲᠠ ᠶᠢᠨ ᠠᠯᠪᠠᠨ ᠬᠡᠷ ᠭᠡᠵᠦ ᠲᠣᠪᠴᠢᠯᠠᠨ᠎ᠠ︶ ᠢ ᠬᠠᠤᠯᠢ ᠴᠠᠭᠠᠵᠠ ᠶᠢᠨ ᠲᠣᠪᠴᠢᠶᠠᠨ ᠳᠤ  ᠪᠠᠶᠢᠷᠢᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠰᠢᠭᠤᠳ ᠤᠳᠤᠷᠢᠳᠤᠯᠭ᠎ᠠ ᠶᠢ ᠭᠥᠯᠢᠶᠡᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠣᠳᠠᠲᠠᠶ ᠠᠵᠢᠯ ᠢ ᠡᠭᠦᠷᠭᠡᠯᠡᠨ᠂ ᠪᠥᠬᠦ ᠲᠠᠯ᠎ᠠ ᠪᠠᠷ ᠬᠠᠤᠯᠢᠵᠢᠯ ᠬᠤᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠤᠳᠠ ᠶᠢᠨ ᠨᠠᠮ  ᠤᠨ ᠬᠤᠷᠢᠶ᠎ᠠ ᠶᠢᠨ ᠲᠣᠭᠲᠠᠭᠠᠭᠰᠠᠨ ᠭᠡᠷᠡᠭ ᠶᠠᠪᠣᠳᠡᠯ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ  ᠱᠠᠯᠠᠪᠳᠡᠭᠤᠯᠣᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢᠵᠢᠯ ᠬᠤᠲᠠ ᠶᠢᠨ ᠠᠯᠪᠠᠨ ᠬᠡᠷ ᠤᠨ ᠨᠠᠷᠢᠨ ᠪᠢᠴᠢᠭ ᠤᠨ ᠲᠠᠰᠤᠭ ᠭᠠᠷᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢᠵᠢᠯ ᠬᠤᠲᠠ ᠶᠢᠨ ᠠᠯᠪᠠᠨ ᠬᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠤᠷᠢᠯᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠪᠥᠬᠦ ᠲᠠᠯ᠎ᠠ ᠪᠠᠷ ᠬᠠᠤᠯᠢᠵᠢᠯ ᠬᠤᠲᠠ ᠶᠢᠨ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢᠵᠢᠯ ᠬᠤᠲᠠ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠯᠠᠪᠳᠡᠭᠤᠯᠣᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠬᠦ ᠪᠤᠶᠤ ᠵᠣᠬᠢᠶᠠᠨ ᠪᠠᠶᠢᠭᠤᠯᠤᠨ ᠲᠤᠭᠤᠷᠪᠢᠨ ᠪᠢᠴᠢᠬᠦ ᠶᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ  ᠳᠤ ᠮᠡᠳᠡᠭᠦᠯᠦᠨ ᠬᠦᠷᠭᠡᠭᠰᠡᠨ ᠲᠥᠷᠢᠮ ᠲᠣᠭᠲᠠᠭᠠᠯ   ᠤᠨ ᠲᠥᠰᠦᠯ ᠢ ᠬᠢᠨᠠᠨ ᠪᠠᠶᠢᠴᠠᠭᠠᠬᠤ ᠠᠵᠢᠯ ᠢ ᠳᠠᠭᠠᠭᠠᠴᠢᠯᠡᠨ ᠭᠦᠢᠴᠡᠳᠬᠡᠨ᠎ᠡ᠃      ︵ᠭᠤᠷᠪᠠ︶ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠪᠠᠯᠭᠠᠰᠤᠨ ᠤ ᠠᠷᠠᠳ  ᠤᠨ ᠵᠠᠰᠠᠭ ᠤᠨ ᠣᠷᠳᠣᠨ ︵ᠵᠡᠭᠡᠯᠢ ᠶᠢᠨ ᠬᠡᠷᠡᠭ ᠡᠷᠬᠢᠯᠡᠬᠦ ᠭᠠᠵᠠᠷ︶ ᠤ  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ  ᠬᠠᠷᠢᠭᠤᠴᠠᠨ᠎ᠠ᠃      ︵ᠳᠥᠷᠪᠡ︶ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠶᠢᠨ ᠬᠡᠷᠡᠭ ᠡᠷᠬᠢᠯᠡᠬᠦ ᠭᠠᠵᠠᠷ︶ ᠤ ᠬᠠᠤᠯᠢ ᠶᠣᠰᠣᠭᠠᠷ ᠲᠥᠷᠥ ᠪᠠᠷᠢᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠂ ᠴᠢᠩᠭ᠎ᠠ ᠲᠦᠷᠢᠮᠵᠢᠬᠦᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠳᠥᠯᠭᠢᠨ ᠠᠬᠢᠭᠤᠯᠤᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠲᠠᠪᠤ︶ ᠬᠠᠤᠯᠢᠵᠢᠯ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠳᠦᠷᠢᠮ ᠤᠨ ᠪᠠᠶᠢᠭᠤᠯᠤᠯᠲᠠ ᠳᠤ ᠣᠷᠣᠯᠴᠠᠬᠤ ᠪᠠ ᠲᠡᠭᠦᠨ ᠢ ᠠᠬᠢᠭᠤᠯᠬᠤ ᠶᠠᠪᠤᠳᠠᠯ ᠢ ᠪᠦᠬᠦ ᠬᠤᠲᠠ ᠶᠢᠨ ᠬᠠᠤᠯᠢ ᠶᠣᠰᠣᠭᠠᠷ ᠵᠠᠰᠠᠬᠤ ᠪᠠ ᠬᠠᠤᠯᠢ ᠳᠦᠷᠢᠮ ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ︵ᠵᠢᠷᠭᠤᠭ᠎ᠠ︶ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠳᠣᠯᠤᠭ᠎ᠠ︶ ᠪᠥᠬᠦ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠣᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠲᠠ ᠬᠥᠳᠡᠭᠡ᠂ ᠨᠤᠳᠤᠭ ᠣᠷᠣᠨ ᠤ ᠬᠠᠤᠯᠢ ᠴᠠᠭᠠᠵᠠ ᠶᠢᠨ ᠣᠶᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠪᠦᠬᠦ ᠬᠤᠳᠠ ᠶᠢᠨ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃      ︵ᠨᠠᠢᠮᠠ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠶᠢᠰᠦ︶ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠷᠠᠰᠢᠶᠠᠨ ᠣᠷᠣᠨ ᠳᠠᠬᠢ ᠰᠢᠯᠭᠠᠯᠲᠠ ᠶᠢᠨ ᠲᠣᠬᠠᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠬᠠᠷᠢᠭᠤᠴᠠᠨ᠎ᠠ᠃      ︵ᠠᠷᠪᠠ︶ ᠪᠥᠬᠦ ᠬᠤᠲᠠ ᠶᠢᠨ ᠬᠠᠤᠯᠢᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠬᠤ ᠠᠵᠢᠯ ᠢ ᠬᠠᠷᠢᠭᠤᠴᠠᠨ᠎ᠠ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠣᠳᠡᠯ ᠤᠨ  ᠱᠠᠯᠠᠪᠳᠡᠭᠤᠯᠣᠨ ᠪᠠᠶᠢᠴᠠᠭᠠᠬᠤ ᠠᠵᠢᠯ  ᠢ ᠬᠠᠷᠢᠭᠤᠴᠠᠨ᠎ᠠ᠃      ︵ᠠᠷᠪᠠᠨ ᠨᠢᠭᠡ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃      ︵ᠠᠷᠪᠠᠨ ᠬᠤᠶᠠᠷ︶ ᠬᠤᠳᠠ ᠶᠢᠨ ᠨᠠᠮ ᠤᠨ ᠬᠤᠷᠢᠶ᠎ᠠ ᠪᠤᠶᠤ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠷᠠᠰᠢᠶᠠᠨ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号